ᠤᠢᠷ᠎ᠠ ᠵᠢᠨ ᠡᠳᠦᠷ᠂ 2025 ᠣᠨ᠎ᠤ 《 ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠰᠤᠲᠤᠷ ᠪᠢᠴᠢᠭ᠎ᠢ ᠡᠮᠬᠢᠳᠬᠡᠠ ᠰᠤᠳᠤᠯᠬᠤ ᠰᠢᠷᠢᠰ ᠨᠤᠮ 》 ᠢ᠋ ᠤᠬᠠᠭᠤᠯᠤᠨ ᠲᠠᠨᠢᠯᠴᠠᠭᠤᠯᠬᠤ ᠬᠤᠷᠠᠯ ᠬᠥᠬᠡᠬᠣᠲᠠ᠎ᠳᠤ ᠶᠠᠪᠤᠭᠳᠠᠵᠤ᠂ 6 ᠪᠤᠲᠢ ᠰᠤᠳᠤᠷ ᠪᠢᠴᠢᠭ ᠢ ᠡᠮᠬᠢᠳᠬᠡᠨ ᠨᠠᠢᠷᠠᠭᠤᠯᠤᠭᠰᠠᠨ ᠰᠤᠳᠤᠯᠭᠠᠨ᠎ᠤ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠬᠦ ᠵᠢᠨ ᠬᠠᠮᠲᠤ ᠲᠠᠨᠢᠯᠴᠠᠭᠤᠯᠪᠠ᠃ ᠨᠠᠶ᠋ᠢᠷᠠᠭᠤᠯᠤᠨ ᠡᠮᠬᠢᠳᠬᠡᠵᠦ᠍ ᠬᠡᠪᠯᠡᠭᠦᠯᠬᠦ᠌ ᠪᠦᠯᠬᠦᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠣᠰ ᠰᠢᠷᠢᠰ ᠨᠤᠮ ᠪᠢᠴᠢᠭ ᠢ ᠨᠠᠶ᠋ᠢᠷᠠᠭᠤᠯᠤᠨ ᠪᠢᠴᠢᠬᠦ᠌ ᠣᠶ᠋ᠢᠯᠠᠭᠠᠭᠳᠠᠬᠤᠨ᠂ ᠪᠣᠳᠠᠲᠠᠶ ᠠᠭᠤᠯᠭ᠎ᠠ᠂ ᠰᠤᠷᠪᠤᠯᠵᠢ ᠪᠢᠴᠢᠭ ᠦᠨ ᠦᠨ᠎ᠡ ᠥᠷᠲᠡᠭ ᠪᠠ ᠴᠠᠭ ᠦᠶ᠎ᠡ᠎ᠶᠢᠨ ᠦᠨ᠎ᠡ ᠥᠷᠲᠡᠭ ᠵᠡᠷᠭᠡ ᠶᠢ ᠨᠠᠷᠢᠨ ᠲᠠᠨᠢᠯᠴᠠᠭᠤᠯᠵᠤ᠂ ᠰᠤᠲᠤᠷ ᠪᠢᠴᠢᠭ ᠲᠸ᠋ᠠᠭᠤᠯᠤᠭᠳᠠᠵᠤ ᠪᠠᠶ᠋ᠢᠭ᠎ᠠ ᠦᠨᠳᠦᠰᠦᠲᠡᠨ ᠦ ᠪᠦᠯᠬᠦᠮᠳᠡᠯ ᠳᠠᠪᠰᠢᠯᠲᠠ᠎ᠶᠢᠨ ᠦᠵᠡᠯ ᠰᠠᠨᠠᠭᠠᠨ᠎ᠤ ᠠᠭᠤᠯᠤᠭᠳᠠᠬᠤᠨ ᠢ ᠭᠦᠢᠴᠡᠳ ᠲᠠᠶ᠋ᠢᠯᠪᠤᠷᠢᠯᠠᠵᠠᠶ᠃
ᠲᠠᠨᠢᠯᠴᠠᠭᠤᠯᠭ᠎ᠠ ᠵᠢ ᠦᠨᠳᠦᠰᠦᠯᠡᠪᠡᠯ᠂ 2025 ᠣᠨ᠎ᠤ《ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠰᠤᠲᠤᠷ ᠪᠢᠴᠢᠭ᠎ᠢ ᠡᠮᠬᠢᠳᠬᠡᠨ ᠰᠤᠲᠤᠯᠬᠤ ᠰᠢᠷᠢᠰ ᠨᠤᠮ》 ᠢ᠋ 2025 ᠣᠨ᠎ᠤ ᠰᠡᠭᠦᠯᠴᠢ᠎ᠪᠡᠷ ᠬᠡᠪᠯᠡᠨ ᠲᠠᠷᠬᠠᠭᠠᠪᠠ᠂ ᠡᠭᠦᠨ᠎ᠳᠦ 《〈ᠢᠳᠡᠭᠡᠨ ᠤᠮᠳᠠᠭᠠᠨ᠎ᠤ ᠵᠢᠡᠭᠬᠢᠨᠢ ᠲᠤᠪᠴᠢ〉 ᠵᠢᠨ ᠹᠤᠲ᠋ᠤ᠋ ᠬᠡᠪᠯᠡᠯ ᠵᠢᠴᠢ ᠤᠷᠴᠢᠭᠤᠯᠭ᠎ᠠ ᠲᠠᠢᠯᠪᠤᠷᠢ》᠂ 《〈 ᠡᠮ ᠵᠠᠰᠠᠯ ᠤ᠋ᠨ ᠰᠠᠷᠠᠨ ᠬᠠᠭᠠᠨ〉 ᠤ᠋ ᠹᠤᠲ᠋ᠤ᠋ ᠬᠡᠪᠯᠡᠯ ᠵᠢᠴᠢ ᠤᠷᠴᠢᠭᠤᠯᠭ᠎ᠠ ᠲᠠᠢᠯᠪᠤᠷᠢ》᠂ 《〈 ᠪᠠᠷᠠᠭᠤᠨᠰᠢ ᠵᠣᠷᠴᠢᠭᠰᠠᠨ ᠲᠡᠮᠳᠡᠭᠯᠡᠯ〉 ᠤ᠋ᠨ ᠮᠣᠩᠭᠣᠯ ᠤᠷᠴᠢᠭᠤᠯᠭ᠎ᠠ》᠂ 《ᠣᠯᠠᠨ ᠬᠡᠯᠡ ᠬᠠᠪᠰᠤᠷᠭᠠᠭᠰᠠᠨ ᠰᠤᠷᠪᠤᠯᠵᠢ ᠪᠢᠴᠢᠭ (ᠨᠢᠭᠡ)ᠮᠣᠩᠭᠣᠯ ᠬᠢᠲᠠᠳ ᠪᠢᠴᠢᠭ᠎ᠢᠶᠡᠷ ᠬᠠᠪᠰᠤᠷᠭᠠᠭᠰᠠᠨ〈ᠲᠠᠪᠤᠨ ᠵᠦᠭ᠎ᠦᠨ ᠠᠬᠤᠤ ᠠᠶᠠᠯᠭᠤ ᠪᠢᠴᠢᠭ〉》᠂ 《ᠣᠯᠠᠨ ᠬᠡᠯᠡ ᠬᠠᠪᠰᠤᠷᠭᠠᠭᠰᠠᠨ ᠰᠤᠷᠪᠤᠯᠵᠢ ᠪᠢᠴᠢᠭ (ᠬᠣᠶᠠᠷ) ᠮᠠᠨᠵᠤ ᠬᠢᠲᠠᠳ ᠮᠣᠩᠭᠣᠯ ᠪᠢᠴᠢᠭ ᠬᠠᠪᠰᠤᠷᠤᠭᠰᠠᠨ〈ᠮᠣᠩᠭᠣᠯ ᠦᠰᠦᠭ ᠤ᠋ᠨ ᠵᠢᠷᠤᠮ᠎ᠢ ᠰᠠᠯᠭᠠᠭᠰᠠᠨ ᠪᠢᠴᠢᠭ〉》᠂《ᠦᠨᠳᠦᠰᠦᠲᠡᠨ ᠦ ᠨᠠᠢᠷᠠᠮᠲᠠᠯ ᠤ᠋ᠨ ᠤᠵᠠᠭᠤᠷ ᠲᠠᠭᠤᠤ ᠵᠢᠨ ᠡᠮᠬᠢᠳᠬᠡᠨ ᠤᠷᠴᠢᠭᠤᠯᠭ᠎ᠠ》 ᠵᠡᠷᠭᠡ 6 ᠪᠤᠳᠢ ᠡᠷᠲᠡᠨ ᠦ ᠨᠣᠮ ᠪᠢᠴᠢᠭ᠎ᠢ ᠡᠮᠬᠢᠳᠬᠡᠵᠤ᠂ ᠢᠳᠡᠭᠡᠨ ᠤᠮᠳᠠᠭᠠᠨ ᠡᠮ ᠡᠮᠨᠡᠯᠭᠡ᠂ ᠤᠶᠦᠠ ᠤᠬᠠᠭᠠᠨ ᠰᠣᠶᠣᠯ᠂ ᠦᠭᠡ ᠬᠡᠯᠡ ᠦᠰᠦᠭ ᠪᠢᠴᠢᠭ᠂ ᠳᠠᠭᠤᠤ ᠬᠥᠭᠵᠢᠮ ᠤᠷᠠᠯᠢᠭ ᠵᠡᠷᠭᠡ ᠣᠯᠠᠨ ᠬᠦᠷᠢᠶ᠎ᠡ ᠴᠠᠷᠠᠭ᠎ᠠ ᠵᠢ ᠬᠠᠮᠤᠷᠴᠦ᠂ ᠦᠨᠳᠦᠰᠦᠲᠡᠨ᠎ᠨᠦᠭᠦᠳ᠎ᠦᠨ ᠰᠣᠶᠣᠯ᠎ᠤᠨ ᠬᠠᠷᠢᠯᠴᠠᠨ ᠲᠣᠯᠢᠯᠠᠵᠤ ᠬᠠᠮᠲᠤ᠎ᠪᠠᠷ ᠣᠷᠣᠰᠢᠬᠤ᠎ᠶᠢᠨ ᠠᠮᠢᠳᠤᠯᠢᠭ ᠭᠡᠷᠡᠴᠢ ᠪᠤᠯᠵᠠᠢ᠃
ᠲᠤᠰ ᠨᠣᠮ᠎ᠤᠨ ᠭᠣᠣᠯ ᠰᠢᠵᠢᠮ ᠨᠢ ᠢᠯᠠ ᠲᠣᠳᠣ᠂ ᠣᠷᠣᠨ ᠨᠤᠲᠤᠭ᠎ᠤᠨ ᠣᠨᠴᠠᠯᠢᠭ᠎ᠢᠶᠠᠷ ᠲᠤᠪᠦ᠋ᠢᠮ᠎ᠠ ᠪᠥᠭᠡᠳ ᠤᠯᠡᠠ ᠡᠰᠢᠲᠦ᠍ ᠬᠠᠷᠠᠭᠠᠰᠤ ᠲᠡᠢ᠃ ᠨᠠᠶ᠋ᠢᠷᠠᠭᠤᠯᠤᠨ ᠡᠮᠬᠢᠳᠬᠡᠬᠦ᠌ ᠪᠦᠯᠬᠦᠮ᠎ᠦᠨ᠎ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ᠌ ᠴᠣᠭᠴᠠᠯᠠᠬᠤ ᠭᠤᠤᠯ ᠰᠢᠵᠢᠮ ᠢ ᠴᠢᠩᠭ᠎ᠠ ᠡᠵᠡᠮᠳᠡᠵᠦ᠍᠂ ᠬᠠᠷᠭᠤᠭᠤᠯᠤᠨ ᠬᠢᠨᠠᠬᠤ᠂ ᠣᠷᠴᠢᠭᠤᠯᠤᠨ ᠲᠠᠶ᠋ᠢᠯᠪᠤᠷᠢᠯᠠᠬᠤ᠂ ᠡᠮᠬᠢᠯᠡᠬᠦ᠌ ᠵᠡᠷᠭᠡ ᠪᠡᠷ ᠳᠠᠮᠵᠢᠨ᠂ ᠦᠨᠳᠦᠰᠦᠲᠡᠨ᠎ᠨᠦᠭᠦᠳ ᠦᠨ ᠠᠭᠤᠰᠤᠯᠴᠠᠯ ᠤᠨ ᠵᠠᠮ ᠮᠥᠷ ᠢ ᠰᠢᠰᠲ᠋ᠧᠮ᠎ᠲᠡᠶ ᠡᠮᠬᠢᠯᠡᠪᠡ;ᠥᠪᠥᠷ ᠮᠣᠩᠭᠣᠯ᠎ᠤᠨ ᠥᠪᠡᠷᠮᠢᠴᠡ ᠦᠨᠳᠦᠰᠦᠲᠡᠨ᠎ᠦ ᠰᠤᠲᠤᠷ ᠪᠢᠴᠢᠭ᠎ᠦᠨ ᠡᠬᠢ ᠪᠠᠶᠠᠯᠢᠭ᠎ᠢ ᠭᠦᠨ ᠠᠭᠤᠳᠠᠯᠵᠤ᠂ ᠨᠡᠭᠦᠳᠡᠯ ᠮᠠᠯᠵᠢᠯ ᠤᠨ ᠰᠣᠶᠣᠯ ᠪᠣᠯᠤᠨ ᠳᠤᠮᠳᠠᠳᠤ ᠣᠷᠣᠨ ᠤ ᠰᠣᠶᠣᠯ ᠤᠨ ᠠᠭᠤᠰᠤᠯᠴᠠᠯ᠎ᠤᠨ ᠢᠯᠡ ᠲᠣᠳᠣ ᠣᠷᠣᠨ ᠪᠦᠰᠡ᠎ᠶᠢᠨ ᠣᠨᠴᠠᠯᠢᠭ ᠢ ᠢᠯᠡᠷᠡᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠰᠢᠨ᠎ᠡ ᠰᠣᠷᠭᠣᠭ ᠦᠢᠯᠡᠳᠦᠯᠭᠡ᠎ᠶᠢ ᠢᠯᠡᠷᠡᠭᠦᠯᠵᠠᠢ; ᠲᠠᠩ ᠭᠠᠭᠴᠠ ᠰᠢᠨᠵᠢᠯᠡᠭᠡᠨ ᠦ ᠰᠠᠯᠠᠭ᠎ᠠ᠎ᠶᠢᠨ ᠰᠤᠳᠤᠯᠭᠠᠨ ᠤ ᠪᠡᠬᠢᠯᠡᠯᠲᠡ᠎ᠶᠢ ᠡᠪᠳᠡᠵᠦ᠍᠂ ᠡᠮ ᠡᠮᠨᠡᠯᠭᠡ᠎ᠶᠢᠨ ᠤᠬᠠᠭᠠᠨ᠂ ᠰᠤᠷᠪᠤᠯᠵᠢ ᠪᠢᠴᠢᠭ᠎ᠦᠨ ᠤᠬᠠᠭᠠᠨ᠂ ᠦᠭᠡ ᠬᠡᠯᠡ ᠤᠳᠬ᠎ᠠ ᠵᠣᠬᠢᠶᠠᠯ ᠵᠡᠷᠭᠡ ᠣᠯᠠᠨ ᠰᠢᠨᠵᠢᠯᠡᠭᠡᠨ᠎ᠦ ᠰᠠᠯᠠᠭ᠎ᠠ᠎ᠶᠢᠨ ᠠᠷᠭ᠎ᠠ᠎ᠶᠢ ᠠᠭᠤᠰᠤᠯᠴᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠣᠯᠠᠨ ᠡᠰᠢᠲᠦ᠍ ᠨᠢᠭᠡ ᠴᠣᠭᠴᠠᠵᠢᠭᠰᠠᠨ ᠪᠠᠶ᠋ᠢᠷᠢᠰᠢᠯ᠎ᠤᠨ ᠪᠦᠷᠢᠯᠳᠦᠯ ᠪᠠ ᠬᠥᠭᠵᠢᠯᠲᠡ᠎ᠶᠢᠨ ᠶᠠᠪᠤᠴᠠ᠎ᠶᠢ ᠪᠥᠬᠥ᠌ ᠲᠠᠯ᠎ᠠ᠎ᠪᠠᠷ ᠢᠯᠡᠷᠡᠭᠦᠯᠪᠡ᠃