ᠥᠪᠥᠷ ᠮᠣᠩᠭᠣᠯ ᠎ᠤᠨ ᠠᠩᠬᠠᠳᠤᠭᠠᠷ ᠬᠤᠭᠤᠴᠠᠭᠠᠨ ᠎ᠤ ᠵᠡᠮᠳᠡᠭ᠌ᠴᠦᠳ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ ᠬᠥᠬᠡᠬᠣᠲᠠ᠎ᠳᠤ ᠶᠠᠪᠤᠭ᠍ᠳᠠᠪᠠ
2026-02-24 10:51:20
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠦᠪᠦᠷ ᠮᠤᠩᠭᠤᠯ᠎ᠤᠨ ᠵᠡᠮᠳᠡᠭᠴᠤᠳ ᠎ᠤᠨ ᠬᠤᠯᠪᠤᠭ᠎ᠠ ᠡᠴᠡ ᠭᠤᠤᠯᠯᠠᠨ ᠡᠷᠬᠢᠯᠡᠭᠰᠡᠨ ᠥᠪᠥᠷ ᠮᠣᠩᠭᠣᠯ ᠎ᠤᠨ ᠠᠩᠬᠠᠳᠤᠭᠠᠷ ᠬᠤᠭᠤᠴᠠᠭᠠᠨ ᠎ᠤ ᠵᠡᠮᠳᠡᠭ᠌ᠴᠦᠳ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ ᠬᠥᠬᠡᠬᠣᠲᠠ᠎ᠳᠤ ᠶᠠᠪᠤᠭ᠍ᠳᠠᠵᠦ᠂ ᠵᠡᠮᠳᠡᠭ᠌ᠴᠦᠳ᠎ᠦᠨ ᠦᠪᠡᠷ᠎ᠢ ᠪᠠᠨ ᠬᠦᠴᠦᠷᠬᠡᠭ᠌ᠵᠢᠬᠦᠯᠬᠦ ᠴᠤᠭ ᠵᠢᠪᠬᠤᠭ᠎ᠠ ᠎ᠵᠢ ᠬᠦᠢᠴᠡᠳ ᠢᠯᠡᠷᠡᠭᠦᠯᠪᠡ᠃

ᠦᠳᠡᠱᠢᠯᠡᠭᠡ ᠨᠢ ᠨᠡᠢᠲᠡ ᠭᠤᠷᠪᠠᠨ ᠪᠦᠯᠦᠭ᠎ᠵᠢᠡᠷ ᠶᠠᠪᠤᠬᠳᠠᠵᠦ᠂ ᠳᠠᠭᠤᠤ ᠬᠦᠭᠵᠢᠮ᠂ ᠨᠠᠢᠷᠠᠯ ᠬᠥᠭ᠌ᠵᠢᠮ᠂ ᠱᠣᠭ ᠵᠦᠴᠦᠭᠡ᠂ ᠰᠢ ᠵᠦᠴᠦᠭᠡ ᠵᠡᠷᠭᠡ 12 ᠤᠷᠠᠨ ᠰᠠᠢᠬᠠᠨ᠎ᠤ ᠫᠷᠤᠭ᠌ᠷᠠᠮ᠎ᠢ ᠲᠤᠬᠢᠷᠠᠭᠤᠯᠵᠦ᠂ ᠣᠯᠠᠨ ᠡᠱᠢᠲᠦ ᠤᠷᠠᠯᠢᠭ ᠎ᠤᠨ ᠬᠡᠯᠪᠡᠷᠢ᠎ᠪᠡᠷ ᠪᠥᠬᠥ᠌ ᠣᠷᠣᠨ᠎ᠤ ᠵᠡᠮᠳᠡᠭ᠌ᠴᠦᠳ᠎ᠦᠨ ᠥᠪᠡᠷ ᠎ᠢ ᠎ᠪᠡᠨ ᠬᠦᠨᠳᠦᠳᠭᠡᠬᠦ᠌᠂ ᠥᠪᠡᠷ ᠎ᠢ ᠎ᠪᠡᠨ ᠢᠲᠡᠭᠡᠬᠦ᠌᠂ ᠥᠪᠡᠷ᠎ᠢ᠎ᠪᠡᠨ ᠬᠦᠴᠦᠷᠬᠡᠭ᠌ᠵᠢᠭᠦᠯᠬᠦ᠌᠂ ᠪᠡᠶ᠎ᠡ᠎ᠪᠡᠨ ᠳᠠᠭᠠᠭᠠᠬᠤ ᠣᠶᠤᠨ ᠰᠠᠨᠠᠭᠠᠨ ᠎ᠤ ᠳᠦᠷᠰᠦ ᠪᠠᠢᠳᠠᠯ᠎ᠢ ᠢᠯᠡᠷᠡᠭᠦᠯᠵᠦ᠍᠂ ᠮᠣᠷᠢᠨ ᠵᠢᠯ᠎ᠦᠨ ᠴᠠᠭᠠᠨ ᠰᠠᠷ᠎ᠠ᠎ᠳᠤ ᠬᠦᠨ ᠵᠤᠵᠠᠭᠠᠨ ᠬᠠᠢᠷ᠎ᠠ ᠰᠡᠳᠬᠢᠯᠭᠡ ᠪᠠ ᠦᠩᠭᠡ ᠪᠤᠳᠤᠭ ᠨᠡᠮᠡᠷᠢᠯᠡᠪᠡ᠃ ᠤᠢᠯᠠᠭᠠᠬᠰᠠᠨ ᠵᠢᠡᠷ᠂ ᠥᠪᠥᠷ ᠮᠣᠩᠭᠣᠯ᠎ᠤᠨ ᠵᠡᠮᠳᠡᠭ᠌ᠴᠦᠳ ᠎ᠦᠨ ᠤᠷᠠᠯᠢᠭ᠎ᠤᠨ ᠪᠦᠯᠬᠦᠮ ᠨᠢ 2025 ᠣᠨ᠎ᠤ 9 ᠰᠠᠷ᠎ᠠ᠎ᠳᠤ ᠪᠠᠢᠭᠤᠯᠤᠭ᠍ᠳᠠᠪᠠ᠃ ᠲᠤᠰ ᠤᠳᠠᠭᠠᠨ᠎ᠤ ᠦᠳᠡᠱᠢᠯᠡᠭᠡ ᠨᠢ ᠮᠥᠨ ᠴᠦ᠍ ᠤᠷᠠᠯᠢᠭ᠎ᠤᠨ ᠪᠦᠯᠬᠦᠮ ᠪᠠᠢᠭᠤᠯᠤᠭ᠍ᠳᠠᠭ᠍ᠰᠠᠨ᠎ᠠᠴᠠ ᠨᠠᠭᠠᠰᠢ ᠣᠷᠣᠯᠴᠠᠭ᠍ᠰᠠᠨ ᠠᠩᠬᠠᠳᠠᠭ᠍ᠴᠢ ᠲᠤᠮᠤ ᠬᠡᠯᠪᠡᠷᠢ᠎ᠶ᠋ᠢᠨ ᠲᠣᠭ᠍ᠯᠠᠯᠲᠠ ᠪᠣᠯᠤᠨ᠎ᠠ᠃ 《2026 ᠣᠨ ᠎ᠠᠴᠠ ᠡᠬᠢᠯᠡᠨ᠂ ᠪᠢᠳᠡ ᠦᠪᠦᠷ ᠮᠤᠩᠭᠤᠯ᠎ᠤᠨ ᠵᠡᠮᠳᠡᠭ᠌ᠴᠦᠳ ᠎ᠦᠨ ᠤᠷᠠᠯᠢᠭ᠎ᠤᠨ ᠪᠦᠯᠬᠦᠮ ᠎ᠢ ᠳᠠᠭᠠᠭᠤᠯᠤᠨ ᠠᠢᠮᠠᠭ ᠬᠣᠲᠠ ᠬᠣᠱᠢᠭᠤ ᠱᠢᠶᠠᠨ᠎ᠳᠤ ᠬᠦᠨᠵᠡᠬᠡᠢᠷᠡᠨ ᠲᠣᠭᠣᠷᠢᠨ ᠲᠣᠭ᠍ᠯᠠᠯᠲᠠ ᠥᠷᠨᠢᠭᠦᠯᠵᠦ᠍᠂ ᠵᠡᠮᠳᠡᠭ᠌ ᠨᠠᠢᠵᠠ᠎ᠨᠠᠷ ᠎ᠢ ᠰᠣᠶᠣᠯ᠎ᠤᠨ ᠠᠮᠢᠳᠤᠷᠠᠯ᠎ᠳᠤ ᠢᠯᠡᠭᠦᠬᠡᠨ ᠣᠷᠣᠯᠴᠠᠭᠤᠯᠬᠤ ᠪᠡᠷ ᠲᠦᠯᠦᠪᠯᠡᠵᠦ ᠪᠠᠢᠨ᠎ᠠ》 ᠭᠡᠵᠦ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠰᠤᠶᠤᠯ ᠤᠬᠠᠭᠤᠯᠭ᠎ᠠ᠎ᠵᠢᠨ ᠬᠡᠯᠲᠡᠰ᠎ᠦᠨ ᠬᠠᠷᠢᠭᠤᠴᠠᠯᠭᠠᠳᠠᠨ ᠬᠡᠯᠡᠪᠡ᠃

ᠲᠤᠰ ᠤᠳᠠᠭᠠᠨ᠎ᠤ ᠦᠳᠡᠱᠢᠯᠡᠭᠡ᠎ᠶ᠋ᠢ ᠥᠪᠥᠷ ᠮᠣᠩᠭᠣᠯ ᠎ᠤᠨ ᠷᠠᠳᠢᠣ᠋ ᠲᠧᠯᠸᠢᠰ ᠬᠣᠷᠢᠶ᠎ᠠ᠎ᠠᠴᠠ ᠪᠥᠬᠥ᠌ ᠶᠠᠪᠤᠴᠠ ᠪᠡᠷ ᠱᠢᠩᠭᠡᠭᠡᠨ ᠦᠶ᠋ᠯᠡᠳᠴᠦ᠍᠂ ᠦᠢᠷ᠎ᠠ ᠎ᠳᠤ ᠲᠡᠬᠦᠯᠢᠯᠲᠡ ᠬᠠᠮ ᠵᠠᠭᠤᠴᠢᠯᠠᠭᠤᠷ᠎ᠤᠨ ᠱᠢᠯᠵᠢᠶ᠎ᠡ ᠵᠢᠴᠢ ᠦᠪᠦᠷ ᠮᠤᠩᠭᠤᠯ ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠬᠠᠮ ᠵᠠᠭᠤᠴᠢᠯᠠᠭᠤᠷ᠎ᠤᠨ ᠵᠢᠬᠰᠠᠭᠠᠯ  ᠵᠢᠡᠷ ᠳᠠᠮᠵᠢᠭᠤᠯᠤᠨ ᠨᠡᠪᠲᠡᠷᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号