ᠱᠢᠯᠢ᠎ᠶ᠋ᠢᠨ ᠭᠣᠣᠯ ᠠᠢᠮᠠᠭ ᠶᠠᠭᠠᠬᠢᠭᠠᠳ ᠪᠦᠬᠦ᠌ ᠤᠯᠤᠰ᠎ᠤᠨ ᠦᠯᠢᠭᠡᠷ ᠵᠢᠱ᠌ᠢᠶ᠎ᠡ ᠪᠣᠯᠤᠭ᠍ᠰᠠᠨ ᠪᠤᠶ ?
2026-02-25 15:36:26
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠢᠨ᠎ᠠ ᠤᠨ᠎ᠤ ᠡᠬᠢ ᠪᠡᠷ᠂ ᠰᠢᠯᠢ ᠵᠢᠨ ᠭᠤᠤᠯ᠎ᠦᠨ 100 ᠭᠠᠷᠤᠢ ᠲᠦᠮᠡᠨ ᠦᠨᠳᠤᠰᠦᠳᠡᠨ ᠨᠤᠬᠦᠳ᠎ᠦᠨ ᠺᠠᠳ᠋ᠷ ᠤᠯᠠᠨ ᠲᠦᠮᠡᠨ ᠪᠠᠶᠠᠷ᠎ᠦᠨ ᠴᠢᠮᠡᠭᠡ ᠲᠤᠰᠴᠤ ᠶᠡᠭᠡᠳᠡ ᠤᠷᠮᠠᠰᠢᠨ ᠵᠤᠷᠢᠭᠵᠢᠯ᠎ᠠ᠃ ᠱᠢᠯᠢ᠎ᠶ᠋ᠢᠨ ᠭᠤᠤᠯ ᠠᠢᠮᠠᠭ ᠭᠠᠵᠠᠷ ᠤᠷᠤᠨ᠎ᠤ ᠤᠨᠴᠠᠯᠢᠭ ᠪᠦᠬᠦᠢ ᠡᠬᠦᠳᠤᠨ ᠪᠠᠢᠭᠤᠯᠬᠤ ᠠᠵᠢᠯ᠎ᠦᠨ ᠵᠠᠭᠪᠤᠷ ᠪᠠ ᠦᠷ᠎ᠠ ᠪᠦᠳᠦᠮᠵᠢ ᠪᠡᠷ᠎ᠢᠶᠡᠨ ᠪᠦᠬᠦ ᠤᠯᠤᠰ᠎ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢᠶᠠᠷ ᠦᠨᠡᠯᠡᠭ᠌ᠳᠡᠭᠰᠡᠨ ᠠᠵᠠᠢ᠃

ᠤᠢᠷ᠎ᠠ ᠵᠢᠨ ᠵᠢᠯ ᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ ᠶᠡᠷᠦᠨᠭᠭᠡᠢ ᠱᠦᠵᠢ ᠰᠢ ᠵᠢᠨ ᠫᠢᠨᠭ᠎ᠦᠨ ᠦᠨᠳᠤᠰᠤᠳᠡᠨ᠎ᠤ ᠠᠵᠢᠯ᠎ᠢ ᠴᠢᠨᠭᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠤᠯᠤᠨ ᠦᠪᠦᠷ ᠮᠤᠨᠭᠭᠤᠯ᠎ᠦᠨ ᠲᠤᠬᠠᠢ ᠴᠢᠬᠤᠯᠠ ᠵᠢᠭᠠᠪᠤᠷᠢ ᠵᠢᠨ ᠵᠤᠷᠢᠭ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠤᠨ ᠨᠠᠢᠳᠡᠪᠤᠷᠢᠵᠢᠭᠤᠯᠵᠤ᠂ ᠲᠤᠮᠳᠠᠳᠤ ᠵᠢᠨ ᠦᠨᠳᠤᠰᠤᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠠᠵᠢᠯ᠎ᠦᠨ ᠭᠤᠤᠯ ᠰᠢᠵᠢᠮ᠎ᠢ ᠤᠯᠠᠮ ᠨᠢᠭᠡ ᠠᠯᠬᠤᠮ ᠲᠤᠪᠤᠢᠯᠭᠠᠵᠤ᠂ ᠡᠯ᠎ᠠ ᠲᠦᠷᠦᠯ᠎ᠦᠨ ᠠᠵᠢᠯ᠎ᠢ ᠨᠢᠳᠤᠨ ᠳ᠋ᠤ ᠦᠵᠡᠭᠳᠡᠮ᠎ᠠ ᠭᠠᠷ ᠲᠸ᠋ ᠪᠠᠷᠢᠬᠳᠠᠮ᠎ᠠ ᠰᠡᠳᠬᠢᠯ ᠳ᠋ᠤ ᠰᠠᠭᠤᠭᠳᠠᠳᠠᠯ᠎ᠠ ᠰᠠᠢᠳᠤᠷ ᠬᠢᠵᠤ᠂ ᠪᠦᠬᠦ ᠠᠢᠮᠠᠭ᠎ᠦᠨ ᠦᠨᠳᠦᠰᠦᠳᠡᠨ᠎ᠤ ᠪᠦᠯᠬᠦᠮᠳᠠᠯ ᠲᠠᠪᠰᠢᠯᠳᠠ ᠵᠢᠨ ᠦᠢᠯᠡᠰ᠎ᠦᠨ ᠴᠢᠨᠠᠷ ᠰᠠᠢᠳᠠᠢ ᠬᠦᠭᠵᠢᠯᠳᠠ ᠵᠢ ᠪᠦᠬᠦ ᠲᠠᠯ᠎ᠠ ᠪᠡᠷ ᠠᠬᠢᠭᠤᠯᠪᠠ᠃


QQ截图20260225110438.png


《ᠤᠯᠠᠭᠠᠨ ᠪᠢᠴᠢᠭ᠎ᠦᠨ ᠪᠣᠭ᠍ᠴᠣ》 ᠪᠢᠴᠢᠯ ᠬᠢᠴᠢᠶᠡᠯ᠎ᠦᠨ ᠲᠠᠩᠬᠢᠮ


ᠨᠢᠭᠡ ᠭᠤᠤᠯ ᠱᠢᠵᠢᠮ᠎ᠢ ᠪᠠᠷᠢᠮᠳᠠᠯᠠᠵᠦ ᠦᠨᠳᠦᠰᠤᠳᠡᠨ᠎ᠤ ᠪᠦᠯᠬᠦᠮᠳᠡᠯ᠎ᠦᠨ 《ᠤᠷᠤᠭᠰᠢᠯᠠᠯᠳᠠ ᠵᠢᠨ ᠠᠶᠠᠰ》 ᠢ᠋ ᠬᠠᠩᠭᠢᠨᠠᠭᠤᠯᠤᠨ᠎ᠠ

ᠰᠢᠯᠢ ᠵᠢᠨ ᠭᠤᠤᠯ ᠠᠢᠮᠠᠭ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ᠎ᠢ ᠡᠬᠢᠯᠡᠨ ᠪᠠᠢᠭᠤᠯᠤᠭ᠍ᠰᠠᠨ᠎ᠠᠴᠠ ᠨᠠᠭᠠᠰᠢ᠂ ᠠᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ᠎ᠶ᠋ᠢᠨ᠎ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠡᠭᠦᠳᠦᠨ ᠪᠠᠢᠭᠤᠯᠬᠤ᠎ᠳᠤ ᠠᠷᠠᠳ ᠲᠦᠮᠡᠨ᠎ᠳᠦ ᠲᠦᠱᠢᠭ᠌ᠯᠡᠬᠦ᠌᠂ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠠᠷᠠᠳ ᠲᠦᠮᠡᠨ᠎ᠳᠦ᠎ᠡᠳ᠋ᠯᠡᠬᠦᠯᠬᠦ᠎ᠶ᠋ᠢ ᠪᠠᠷᠢᠮᠲᠠᠯᠠᠵᠤ᠂ 《ᠨᠢᠭᠡ ᠬᠣᠩᠭᠢᠯ ᠨᠢᠭᠡ ᠪᠦᠰᠡ ᠳᠥᠷᠪᠡᠨ ᠰᠠᠭᠤᠷᠢᠨ》 ᠢ᠋ ᠡᠭᠦᠳᠦᠨ ᠪᠠᠢᠭᠤᠯᠬᠤ ᠠᠴᠢᠶᠠᠯᠠᠪᠤᠷᠢ᠎ᠶ᠋ᠢ ᠬᠦᠴᠦᠯᠡᠨ ᠴᠣᠭ᠍ᠴᠠᠯᠠᠵᠤ᠂ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠬᠠᠮᠲᠤ᠎ᠪᠠᠷ ᠡᠷᠡᠮᠡᠬᠡᠢᠯᠡᠨ ᠤᠷᠤᠭ᠍ᠰᠢᠯᠠᠵᠤ᠂ ᠠᠨᠠᠷ᠎ᠦᠨ ᠴᠡᠴᠡᠭᠡᠰ ᠱᠢᠯᠢ᠎ᠶ᠋ᠢᠨ ᠭᠤᠤᠯ᠎ᠳᠤ ᠪᠠᠳᠠᠷᠡᠨ ᠲᠡᠯᠭᠡᠷᠡᠬᠦ》 ᠲᠥᠷᠥᠯ ᠲᠡᠮᠳᠡᠭ᠎ᠢ ᠡᠭᠦᠳᠦᠨ ᠪᠠᠢᠭᠤᠯᠵᠤ᠂ ᠪᠥᠬᠥ᠌ ᠠᠢᠮᠠᠭ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠂ ᠠᠷᠠᠳ ᠲᠦᠮᠡᠨ ᠠᠮᠤᠷ ᠲᠦᠪᠰᠢᠨ ᠠᠵᠤ ᠲᠦᠷᠦᠭᠦ᠌᠂ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ ᠪᠠᠢᠬᠤ ᠰᠠᠢᠨ ᠪᠠᠢᠳᠠᠯ᠎ᠢ ᠲᠠᠰᠤᠷᠠᠯᠲᠠ ᠥᠬᠡᠶ ᠪᠡᠬᠢᠵᠢᠭᠦᠯᠪᠡ᠃

ᠠᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ᠎ᠨᠢ ᠡᠭᠦᠳᠦᠨ ᠪᠠᠢᠭᠤᠯᠬᠤ ᠠᠵᠢᠯ᠎ᠢ ᠢᠮᠠᠭ᠍ᠲᠠ ᠶᠡᠬᠡ ᠲᠠᠯ᠎ᠠ᠎ᠠᠴᠠ ᠲᠥᠯᠥᠪᠵᠢᠭᠦᠯᠦᠨ ᠠᠬᠢᠭᠤᠯᠵᠤ᠂ ᠡᠭᠦᠳᠦᠨ ᠪᠠᠢᠭᠤᠯᠬᠤ ᠠᠵᠢᠯ᠎ᠢ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠣᠷᠣᠭᠤᠯᠵᠤ᠂ 《1 + 13 + N》 ᠡᠭᠦᠳᠦᠨ ᠪᠠᠢᠭᠤᠯᠬᠤ ᠱᠢᠰᠲ᠋ᠧᠮ᠎ᠦᠨ ᠱᠢᠨ᠎ᠡ᠎ᠶ᠋ᠢ ᠡᠭᠦᠳᠴᠦ᠍᠂ 《ᠴᠡᠭ᠂ ᠱᠤᠭᠤᠮ᠂ ᠨᠡᠢᠳᠡᠮ》 ᠢ᠋ ᠤᠶᠠᠯᠳᠤᠭᠤᠯᠤᠭ᠍ᠰᠠᠨ ᠡᠭᠦᠳᠦᠨ ᠪᠠᠢᠭᠤᠯᠬᠤ ᠳᠤᠤᠷ᠎ᠢ ᠪᠠᠢᠭᠤᠯᠪᠠ᠃ 1103 ᠺᠢᠯᠣᠮᠧᠲ᠋ᠷ᠎ᠦᠨ ᠬᠢᠯᠢ᠎ᠶ᠋ᠢᠨ ᠱᠤᠭᠤᠮ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ᠎ᠶ᠋ᠢᠨ ᠬᠣᠩᠭᠢᠯ᠎ᠢ ᠪᠠᠢᠭᠤᠯᠵᠤ᠂ ᠬᠠᠤᠯᠢ᠎ᠪᠠᠷ ᠵᠠᠰᠠᠬᠤ᠂ ᠣᠶᠤᠨᠴᠢ᠎ᠪᠠᠷ ᠵᠠᠰᠠᠬᠤ᠂ ᠬᠠᠮᠲᠤ᠎ᠪᠠᠷ ᠵᠠᠰᠠᠬᠤ ᠭᠦᠨᠵᠡᠭᠡᠶ ᠠᠭᠤᠰᠤᠯᠴᠠᠯ᠎ᠤᠨ ᠵᠠᠰᠠᠯᠲᠠ᠎ᠶ᠋ᠢᠨ ᠵᠠᠭ᠍ᠪᠤᠷ᠎ᠢ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠵᠢᠭᠦᠯᠵᠦ᠍᠂ 《ᠤᠯᠤᠰ᠎ᠤᠨ ᠲᠣᠭ ᠬᠢᠯᠢ᠎ᠶ᠋ᠢᠨ ᠪᠣᠭᠣᠮᠲᠠ᠎ᠶ᠋ᠢ ᠭᠡᠢᠭᠦᠯᠬᠦ᠌》 ᠰᠦᠭ ᠰᠦᠨᠡᠰᠦ᠎ᠶ᠋ᠢ ᠱᠤᠭᠤᠬᠤ ᠢᠨᠵᠧᠨᠧᠷᠢᠩ᠂ ᠬᠢᠯᠢ ᠬᠢᠵᠠᠭᠠᠷ᠎ᠢ ᠬᠠᠮᠠᠭᠠᠯᠠᠬᠤ ᠤᠯᠠᠭ᠎ᠠ ᠥᠷᠲᠡᠭᠡ᠂ ᠮᠣᠷᠢᠨ ᠨᠢᠷᠤᠭᠤᠨ ᠳᠡᠭᠡᠷᠡᠬᠢ ᠴᠠᠭ᠍ᠳᠠᠭ᠎ᠠ᠎ᠶ᠋ᠢᠨ ᠠᠩᠭᠢ ᠵᠡᠷᠭᠡ ᠠᠯᠢ ᠣᠯᠠᠨ ᠥᠪᠡᠷᠮᠢᠴᠡ ᠣᠨᠴᠠᠯᠢᠭ᠎ᠲᠠᠶ ᠬᠢᠯᠠᠰ ᠴᠡᠭ᠎ᠦᠨ ᠠᠵᠢᠯ᠎ᠢ ᠪᠥᠬᠥ᠌ ᠣᠷᠣᠨ ᠪᠦᠰᠡ᠎ᠪᠡᠷ ᠠᠬᠢᠭᠤᠯᠬᠤ᠎ᠪᠠᠷ ᠳᠠᠮᠵᠢᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ ᠨᠢᠭᠡᠳᠦᠨ ᠣᠶᠤᠨ ᠰᠠᠨᠠᠭ᠎ᠠ᠎ᠪᠠᠨ ᠬᠠᠮᠲᠤᠳᠭᠠᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠢᠯᠢ ᠬᠢᠵᠠᠭᠠᠷ᠎ᠢ ᠰᠠᠬᠢᠨ ᠬᠠᠮᠠᠭᠠᠯᠠᠬᠤ᠂ ᠬᠢᠯᠢ ᠬᠢᠵᠠᠭᠠᠷ᠎ᠢ ᠪᠥᠲᠥᠭᠡᠨ ᠪᠠᠢᠭᠤᠯᠬᠤ ᠰᠦᠷ ᠳᠠᠯᠠᠢᠴᠠᠲᠠᠶ ᠬᠦᠴᠦᠨ᠎ᠢ ᠪᠦᠲᠦᠮᠵᠢᠲᠡᠶ ᠨᠢᠭ᠍ᠲᠠᠷᠠᠭᠤᠯᠪᠠ᠃


QQ截图20260225110820.png


ᠬᠢᠯᠢ ᠬᠠᠮᠠᠭᠠᠯᠠᠬᠤ ᠠᠩᠭᠢ


ᠬᠠᠮᠲᠤ᠎ᠪᠠᠷ ᠴᠢᠨᠡᠭᠡᠯᠢᠭᠵᠢᠬᠦ ᠵᠠᠮ ᠳ᠋ᠤ ᠦᠨᠳᠦᠰᠦᠳᠡᠨ᠎ᠤ ᠪᠦᠯᠬᠦᠮᠳᠠᠯ᠎ᠦᠨ 《ᠨᠠᠢᠷᠠᠯ ᠬᠦᠭᠵᠢᠮ》 ᠢ᠋ ᠴᠢᠪᠬᠠᠳᠠᠨ᠎ᠠ

《ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠲᠤᠶᠠᠭᠠᠷᠠᠯ ᠳᠤᠤᠷ᠎ᠠ᠂ ᠮᠠᠯᠵᠢᠬᠤ ᠣᠷᠣᠨ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠌᠂ ᠮᠠᠯ ᠠᠵᠤ ᠠᠬᠤᠶ ᠥᠷᠨᠢᠨ ᠬᠥᠭ᠌ᠵᠢᠵᠦ᠍᠂ ᠮᠠᠯᠴᠢᠳ᠎ᠤᠨ ᠣᠷᠣᠯᠭ᠎ᠠ ᠦᠷᠭᠦᠯᠵᠢᠯᠡᠨ ᠨᠡᠮᠡᠭ᠌ᠳᠡᠵᠦ᠍᠂ ᠠᠷᠠᠳ᠎ᠦᠨ ᠠᠮᠢᠳᠤᠷᠠᠯ ᠨᠡᠩ ᠠᠵᠠ ᠵᠢᠷᠭᠠᠯ ᠲᠠᠢ ᠪᠤᠯᠵᠠᠢ》 ᠱᠢᠨ᠎ᠡ ᠵᠢᠯ ᠡᠬᠢᠯᠡᠮᠡᠭ᠌ᠴᠡ᠂ ᠬᠥᠪᠡᠭᠡᠲᠦ ᠱᠢᠷ᠎ᠠ ᠬᠣᠱᠢᠭᠤᠨ᠎ᠤ ᠤᠩᠭᠤᠨ ᠠᠭᠤᠯᠠ ᠰᠤᠮᠤ᠎ᠶ᠋ᠢᠨ ᠲᠡᠰᠭᠢᠳᠦ ᠭᠠᠴᠠᠭ᠎ᠠ᠎ᠶ᠋ᠢᠨ ᠨᠠᠮ᠎ᠤᠨ ᠭᠡᠱᠢᠭᠦᠨ᠎ᠦ ᠭᠣᠣᠯᠳᠠᠯᠭᠠᠲᠤ ᠡᠷᠦᠭᠡ ᠬᠡᠱᠢᠭ᠌ᠵᠢᠷᠭᠠᠯ ᠪᠣᠯᠤᠨ ᠭᠠᠴᠠᠭ᠎ᠠ᠎ᠶ᠋ᠢᠨ 《ᠴᠠᠬᠠᠷ ᠬᠤᠨᠢᠨ᠎ᠤ ᠭᠣᠣᠯᠳᠠᠯᠭᠠᠲᠤ ᠰᠦᠷᠦᠭ》 ᠤ᠋ᠨ ᠲᠡᠵᠢᠭᠡᠨ ᠦᠷᠡᠵᠢᠭᠦᠯᠬᠦ᠌ ᠡᠷᠦᠭᠡ ᠡᠯᠪᠡᠭ ᠬᠤᠷᠢᠶᠠᠯᠲᠠ᠎ᠶ᠋ᠢᠨ ᠪᠠᠶᠠᠷ ᠪᠠᠬᠠᠳᠤᠯ᠎ᠢᠶᠠᠨ ᠬᠤᠪᠢᠶᠠᠯᠴᠠᠵᠤ ᠪᠠᠢᠯ᠎ᠠ᠂ ᠵᠢᠱ᠌ᠢᠯᠲᠡ᠎ᠪᠡᠷ᠄ 10 ᠵᠢᠯ᠎ᠦᠨ ᠲᠤᠷᠰᠢ᠂ ᠲᠡᠳᠡᠨ᠎ᠦ ᠲᠡᠵᠢᠭᠡᠨ ᠦᠷᠡᠵᠢᠭᠦᠯᠦᠭ᠌ᠰᠡᠨ ᠴᠠᠬᠠᠷ ᠬᠤᠨᠢᠨ᠎ᠤ ᠬᠣᠣᠰ ᠬᠤᠷᠠᠭ᠎ᠠ᠎ᠶ᠋ᠢᠨ ᠨᠤᠷᠮ᠎ᠠ 25% ᠪᠠᠢᠭ᠍ᠰᠠᠨ᠎ᠠᠴᠠ᠎ᠪᠠᠨ 48% ᠪᠣᠯᠤᠨ ᠳᠡᠭᠡᠭ᠌ᠰᠢᠯᠡᠵᠦ᠍᠂ ᠮᠢᠬᠠᠨ᠎ᠤ ᠭᠠᠷᠤᠯᠲᠠ ᠴᠤ᠌ 45 ᠵᠢᠩ ᠣᠷᠴᠢᠮ ᠪᠠᠢᠭ᠍ᠰᠠᠨ᠎ᠠᠴᠠ᠎ᠪᠠᠨ 65—80 ᠵᠢᠩ ᠪᠣᠯᠤᠨ ᠨᠡᠮᠡᠭ᠌ᠳᠡᠵᠡᠢ᠃

ᠴᠢᠨᠡᠭᠡᠯᠢᠭᠵᠢᠯ᠎ᠦᠨ ᠵᠠᠮ ᠳ᠋ᠤ ᠨᠢᠭᠡ ᠵᠢ ᠴᠦ᠍ ᠤᠷᠬᠢᠬᠳᠠᠭᠤᠯᠬᠤ ᠦᠭᠡᠢ᠃ ᠡᠨᠡ ᠪᠣᠯ ᠱᠢᠯᠢ᠎ᠶ᠋ᠢᠨ ᠭᠣᠣᠯ ᠠᠢᠮᠠᠭ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠤ ᠲᠥᠪ ᠴᠢᠩᠭ᠎ᠠ ᠠᠮᠠᠯᠠᠯᠲᠠ ᠪᠠ ᠪᠠᠲᠤ ᠴᠢᠩᠭ᠎ᠠ ᠦᠢᠯᠡᠳᠦᠯᠭᠡ ᠪᠣᠯᠤᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠪᠥᠬᠥ᠌ ᠠᠢᠮᠠᠭ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ ᠪᠠ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠥ᠌ ᠣᠷᠣᠨ᠎ᠤ ᠲᠡᠷᠢᠭᠦᠨ᠎ᠳᠦ ᠣᠷᠣᠪᠠ᠂ ᠪᠦᠬᠦ᠌ ᠤᠯᠤᠰ᠎ᠤᠨ ᠠᠩᠬᠠᠳᠠᠭ᠍ᠴᠢ ᠨᠣᠭᠣᠭᠠᠨ ᠤᠰᠤᠲᠥ᠋ᠷᠥᠭ᠌ᠴᠢ ᠵᠢᠨ ᠡᠪᠴᠡᠯᠳᠤ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠵᠢᠱ᠌ᠢᠶ᠎ᠡ ᠦᠵᠡᠭᠦᠯᠬᠦ᠌ ᠲᠦᠷᠦᠯ ᠵᠦᠢᠯ ᠠᠱᠢᠭ᠍ᠯᠠᠯᠲᠠ᠎ᠳᠤ ᠣᠷᠣᠵᠤ᠂ ᠪᠦᠬᠦ᠌ ᠤᠯᠤᠰ᠎ᠤᠨ ᠠᠩᠬᠠᠳᠠᠭ᠍ᠴᠢ ᠪᠠᠢᠭᠠᠯᠢ᠎ᠶ᠋ᠢᠨ ᠤᠰᠤᠲᠥ᠋ᠷᠥᠭ᠌ᠴᠢ ᠬᠡᠢ᠎ᠶ᠋ᠢᠨ ᠱᠢᠨᠵᠢᠯᠡᠬᠦ᠌ ᠤᠬᠠᠭᠠᠨ᠎ᠤ ᠬᠠᠢᠯᠳᠠ᠎ᠶ᠋ᠢᠨ ᠬᠤᠳᠳᠤᠭ᠎ᠢ ᠦᠷᠦᠮᠳᠡᠪᠠ᠂ ᠠᠮᠤ ᠪᠤᠳᠠᠭ᠎ᠠ᠂ ᠮᠢᠬ᠎ᠠ᠂ ᠰᠦ ᠵᠢᠨ ᠭᠠᠷᠤᠯᠲᠠ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠴᠦ᠍᠂ ᠱᠢᠯᠢ᠎ᠶ᠋ᠢᠨ ᠭᠤᠤᠯ᠎ᠤᠨ ᠬᠣᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ᠌᠎ᠦᠨ ᠥᠷᠲᠡᠭ ᠪᠥᠬᠥ᠌ ᠣᠷᠣᠨ᠎ᠳᠤ ᠲᠡᠷᠢᠭᠦᠯᠡᠪᠡ᠃

ᠱᠢᠯᠢ᠎ᠶ᠋ᠢᠨ ᠭᠤᠤᠯ ᠠᠢᠮᠠᠭ ᠦᠨᠳᠤᠰᠦᠳᠡᠨ᠎ᠤ ᠪᠦᠯᠬᠦᠮᠳᠠᠯ ᠲᠠᠪᠰᠢᠯᠳᠠ ᠵᠢ ᠡᠭᠦᠳᠦᠨ ᠪᠠᠢᠭᠤᠯᠬᠤ ᠠᠵᠢᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠬᠢᠯᠢ ᠬᠢᠵᠠᠭᠠᠷ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ᠎ᠯᠤᠭ᠎ᠠ ᠭᠦᠨᠵᠡᠭᠡᠶ ᠠᠭᠤᠰᠤᠯᠴᠠᠭᠤᠯᠵᠤ᠂ 2022 ᠣᠨ᠎ᠠᠴᠠ ᠨᠠᠭᠠᠰᠢ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠡᠭᠦᠷᠭᠡ᠎ᠶ᠋ᠢᠨ ᠨᠥᠬᠥᠪᠥᠷᠢ ᠮᠥᠩᠭᠥ᠎ᠶ᠋ᠢ 3.28 ᠳ᠋ᠦᠩᠱᠢᠭᠤᠷ ᠲᠥᠭᠥᠷᠢᠭ ᠣᠯᠵᠤ᠂ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢᠶᠡᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠡᠷᠬᠡ ᠲᠡᠭ᠌ᠰᠢ᠎ᠪᠡᠷ ᠬᠦᠷᠲᠡᠭᠡᠵᠤ᠂ ᠬᠦᠭᠵᠢᠯᠳᠠ ᠵᠢᠨ ᠵᠠᠮ ᠳ᠋ᠤ  ᠪᠦᠬᠦ ᠤᠷᠤᠨ᠎ᠤ ᠦᠨᠳᠤᠰᠦᠳᠡᠨ ᠨᠤᠬᠦᠳ᠎ᠦᠨ ᠤᠯᠠᠨ ᠲᠦᠮᠡᠨ ᠲᠠᠢ ᠬᠠᠮᠳᠤ ᠪᠡᠷ ᠢᠳᠡᠭᠡᠯ ᠲᠡᠬᠦᠯᠳᠡᠷ ᠢᠳᠡᠷᠡᠬᠦᠨ ᠠᠯᠬᠤᠭ᠎ᠠ ᠪᠡᠷ ᠤᠷᠤᠭ᠍ᠰᠢᠯᠠᠨ᠎ᠠ᠃


QQ截图20260225113343.png


ᠤᠯᠠᠭᠠᠨᠮᠦ᠋ᠴᠢᠷ᠎ᠤᠨ ᠲᠤᠭᠯᠠᠯᠲᠠ


ᠬᠠᠮᠳᠤ ᠵᠢᠨ ᠤᠶᠤᠨ ᠰᠠᠨᠠᠭᠠᠨ᠎ᠤ ᠬᠡᠷ ᠤᠷᠤᠨ᠎ᠢ ᠪᠠᠢᠭᠤᠯᠵᠦ ᠦᠨᠳᠦᠰᠦᠳᠡᠨ᠎ᠤ ᠪᠦᠯᠬᠦᠮᠳᠡᠯ᠎ᠦᠨ 《ᠢᠷᠠᠭᠤ ᠠᠶᠠᠯᠠᠭᠤ》 ᠵᠢ ᠴᠤᠤᠷᠢᠶᠠᠳᠤᠭᠤᠯᠤᠨ᠎ᠠ

ᠱᠢᠯᠢᠩᠬᠣᠲᠠ᠎ᠶ᠋ᠢᠨ ᠴᠤᠭ᠍ᠯᠠᠭᠠᠨ ᠵᠡᠭᠡᠯᠢ ᠭᠤᠳᠤᠮᠵᠢ᠎ᠶ᠋ᠢᠨ ᠠᠢ ᠮᠢᠨ ᠨᠡᠢᠭᠡᠮ ᠲᠣᠭᠣᠷᠢᠭ᠎ᠦᠨ ᠤᠯᠠᠭᠠᠨ ᠠᠨᠠᠷ᠎ᠤᠨ ᠬᠥᠳᠡᠯᠭᠡᠭᠡᠨ᠎ᠦ ᠲᠠᠰᠤᠭ᠎ᠲᠤ ᠤᠷᠳᠤ ᠵᠢᠨ ᠲᠠᠭᠤᠤ ᠵᠢᠨ ᠠᠶᠠᠰ ᠴᠢᠬᠢᠨ ᠳ᠋ᠤ ᠠᠶᠠᠳᠠᠢᠬᠠᠨ ᠰᠤᠨᠤᠰᠳᠠᠵᠤ᠂  ᠤᠯᠠᠮᠵᠢᠯᠠᠯᠲᠤ ᠰᠣᠶᠣᠯ᠎ᠢ ᠪᠡᠶᠡᠴᠢᠯᠡᠨ ᠣᠢᠯᠠᠭᠠᠬᠤ ᠦᠷᠦᠭᠡ ᠳ᠋ᠤ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠬᠦᠦᠷᠨᠢᠨ᠎ᠠ ᠁ ᠦᠨᠳᠦᠰᠦᠲᠡᠨ᠎ᠨᠦᠭᠦᠳ᠎ᠦᠨ ᠤᠯᠠᠨ ᠲᠦᠮᠡᠨ ᠨᠢᠭᠡ ᠭᠡᠷ᠎ᠦᠨ ᠬᠥᠮᠦᠨ ᠮᠡᠲᠦ ᠳᠣᠲᠣᠨᠣ ᠪᠠᠢᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠦᠨ ᠳᠤᠮᠳᠠ ᠬᠠᠢᠷ᠎ᠠ ᠰᠡᠳᠭᠢᠯᠭᠡ ᠪᠠᠨ ᠵᠤᠵᠠᠭᠠᠳᠬᠠᠪᠠ᠃

ᠠᠢ ᠮᠢᠨ ᠨᠡᠢᠭᠡᠮ ᠲᠣᠭᠣᠷᠢᠭ᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ᠂ ᠡᠶ᠎ᠡ ᠵᠣᠬᠢᠴᠠᠩᠭᠤᠢ ᠥᠭᠡᠳᠡᠯᠡᠨ ᠲᠠᠪᠱᠢᠬ᠍ᠰᠠᠨ ᠵᠢᠷᠤᠭ ᠳᠦᠷᠰᠦ ᠪᠣᠯ ᠱᠢᠯᠢ᠎ᠶ᠋ᠢᠨ ᠭᠣᠣᠯ ᠠᠢᠮᠠᠭ᠎ᠤᠨ ᠦᠨᠳᠦᠰᠦᠲᠡᠨ᠎ᠨᠦᠭᠦᠳ᠎ᠤᠨ᠎ᠤᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠮᠢᠳᠤᠯᠢᠭ ᠬᠤᠷᠢᠶᠠᠨᠭᠭᠤᠢ ᠲᠦᠷᠢ ᠪᠣᠯᠤᠨ᠎ᠠ᠃ ᠡᠨᠳᠡ᠂ ᠪᠥᠬᠥ᠌ ᠠᠢᠮᠠᠭ᠎ᠢᠶᠠᠷ᠎ᠢᠶᠠᠨ ᠦᠵᠡᠯ ᠰᠠᠨᠠᠭᠠᠨ᠎ᠤ ᠵᠢᠯᠣᠭᠣᠳᠤᠮᠵᠢ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠪᠥᠲᠥᠭᠡᠨ ᠪᠠᠢᠭᠤᠯᠵᠤ ᠪᠠᠢᠨ᠎ᠠ᠃

ᠤᠢᠷ᠎ᠠ ᠵᠢᠨ ᠵᠢᠯ ᠳ᠋ᠤ᠂ ᠰᠢᠯᠢ ᠵᠢᠨ ᠭᠤᠤᠯ ᠠᠢᠮᠠᠭ 《ᠤᠯᠠᠭᠠᠨ ᠪᠢᠴᠢᠭ᠎ᠦᠨ ᠪᠣᠭ᠍ᠴᠣ》《ᠠᠯᠲᠠᠨ ᠬᠠᠢᠷᠠᠭᠤᠴᠠᠶ》 ᠪᠢᠴᠢᠯ ᠬᠢᠴᠢᠶᠡᠯ᠎ᠦᠨ ᠲᠠᠩᠬᠢᠮ᠎ᠤᠨ ᠢᠨᠵᠧᠨᠧᠷᠢᠩ᠎ᠢ ᠬᠡᠷᠡᠭ᠌ᠵᠢᠭᠦᠯᠵᠦ᠍᠂ 《ᠪᠤᠭᠤᠷᠤᠯᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ》᠂《ᠵᠢᠵᠢᠭ ᠠᠨᠠᠷ᠎ᠤᠨ ᠦᠷ᠎ᠡ》 ᠰᠠᠢᠨ ᠳᠤᠷ᠎ᠠ᠎ᠶ᠋ᠢᠨ ᠠᠩᠭᠢ᠎ᠶ᠋ᠢ ᠵᠣᠬᠢᠶᠠᠨ ᠪᠠᠢᠭᠤᠯᠵᠤ᠂ 8000 ᠭᠠᠷᠤᠶ ᠲᠠᠯᠠᠪᠤᠷ ᠤᠳᠠᠭ᠎ᠠ ᠵᠢᠨ ᠣᠨᠣᠯ᠎ᠤᠨ ᠤᠬᠠᠭᠤᠯᠤᠨ ᠲᠠᠢᠯᠪᠤᠷᠢᠯᠠᠯᠳᠠ᠎ᠶ᠋ᠢ ᠵᠤᠬᠢᠶᠠᠨ ᠪᠠᠢᠭᠤᠯᠤᠨ ᠥᠷᠨᠢᠭᠦᠯᠵᠦ᠍᠂ 47.9 ᠲᠦᠮᠡ ᠭᠠᠷᠤᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠠᠮᠤᠷᠪᠠ᠃ ᠺᠠᠳ᠋ᠷ᠎ᠤᠨ ᠬᠥᠮᠦᠵᠢᠯ᠂ ᠨᠠᠮ᠎ᠤᠨ ᠭᠡᠱᠢᠭᠦᠨ᠎ᠦ ᠬᠥᠮᠦᠵᠢᠯ᠂ ᠤᠯᠤᠰ ᠠᠷᠠᠳ᠎ᠤᠨ ᠬᠥᠮᠦᠵᠢᠯ ᠪᠠ ᠨᠡᠢᠭᠡᠮ᠎ᠦᠨ ᠤᠬᠠᠭᠤᠯᠭ᠎ᠠ ᠬᠥᠮᠦᠵᠢᠯ᠎ᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ᠂ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ ᠨᠡᠢᠳᠡᠮ᠂ ᠪᠦᠬᠦ᠌ ᠲᠠᠯ᠎ᠠ᠎ᠪᠠᠷ᠂ ᠪᠦᠬᠦ᠌ ᠬᠦᠷᠢᠶᠡᠨ᠎ᠳᠦ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠠᠵᠢᠯ᠎ᠢ ᠬᠥᠮᠦᠰ᠎ᠦᠨ ᠰᠡᠳᠭᠢᠯ᠎ᠳᠦ ᠨᠡᠩ ᠬᠠᠳᠠᠩᠱᠢᠭᠤᠯᠪᠠ᠃

《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》᠂《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠵᠡᠷᠭᠡ ᠲᠡᠦᠬᠡ᠎ᠶ᠋ᠢᠨ ᠰᠠᠢᠬᠠᠨ ᠳᠠᠭᠤᠷᠢᠰᠭᠠᠯ᠎ᠢ ᠭᠦᠨ ᠠᠭᠤᠳᠠᠯᠵᠤ᠂ 《ᠤᠯᠤᠰ᠎ᠤᠨ ᠬᠡᠦᠬᠡᠳ》 ᠤ᠋ᠨ ᠭᠤᠤᠯ ᠰᠡᠳᠦᠪᠲᠦ ᠦᠵᠡᠰᠭᠦᠯᠡᠩ᠎ᠦᠨ ᠣᠷᠳᠣᠨ᠎ᠢ ᠪᠦᠳᠦᠭᠡᠨ ᠪᠠᠢᠭᠤᠯᠵᠤ᠂ 《ᠱᠢᠯᠢ᠎ᠶ᠋ᠢᠨ ᠭᠤᠤᠯ᠎ᠤᠨ ᠳᠥᠷᠪᠡᠨ 〈100〉 ᠠᠮᠠᠨ ᠶᠠᠷᠢᠶᠠᠨ᠎ᠤ ᠲᠡᠦᠬᠡ》 ᠶ᠋ᠢ ᠨᠠᠢᠷᠠᠭᠤᠯᠤᠨ ᠪᠢᠴᠢᠵᠠᠢ᠃ ᠭᠤᠷᠪᠠᠨ ᠵᠢᠯ ᠲᠠᠷᠠᠭᠠᠯᠠᠨ᠂ ᠪᠡᠭᠡᠵᠢᠨᠭ ᠬᠤᠳᠠ ᠳ᠋ᠤ ᠬᠦᠷᠴᠤ᠂ ᠣᠷᠳᠣᠨ᠎ᠤ ᠬᠠᠳᠠᠭᠠᠯᠠᠮᠵᠢ᠎ᠶ᠋ᠢᠨ ᠵᠠᠰᠠᠯ ᠵᠢᠮᠰᠡᠭ᠎ᠦᠨ ᠦᠵᠡᠭᠦᠯᠭᠡ ᠪᠠ ᠤᠯᠠᠭᠠᠨᠮᠥ᠋ᠴᠢᠷ᠎ᠦᠨ ᠲᠣᠭ᠍ᠯᠠᠯᠲᠠ ᠭᠠᠷᠭᠠᠪᠠ᠃ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠲᠡᠶ ᠬᠠᠮᠲᠤᠷᠠᠨ 《ᠤᠮᠠᠷᠠᠲᠤ ᠬᠢᠯᠢ᠎ᠶ᠋ᠢᠨ ᠲᠡᠦᠬᠡ᠎ᠶ᠋ᠢᠨ ᠰᠤᠳᠤᠯᠭᠠᠨ᠎ᠤ ᠰᠠᠭᠤᠷᠢᠨ》 ᠢ᠋ ᠪᠠᠢᠭᠤᠯᠵᠤ᠂ 《ᠬᠢᠯᠢ ᠬᠢᠵᠠᠭᠠᠷ᠎ᠤᠨ ᠰᠣᠶᠣᠯ᠎ᠤᠨ ᠬᠥᠮᠥᠷᠭᠡ》 ᠵᠢ ᠬᠡᠪᠯᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠲᠡᠦᠬᠡ᠎ᠶ᠋ᠢᠨ ᠪᠣᠳᠠᠲᠤ ᠪᠠᠢᠳᠠᠯ᠎ᠢ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌ ᠵᠢᠭᠠᠬᠤ ᠮᠠᠲ᠋ᠧᠷᠢᠶᠠᠯ ᠪᠣᠯᠭᠠᠨ ᠬᠤᠪᠢᠷᠠᠭᠤᠯᠪᠠ᠃

ᠰᠢᠯᠢ ᠵᠢᠨ ᠭᠤᠤᠯ ᠠᠢᠮᠠᠭ ᠵᠠᠯᠠᠭᠤᠴᠤᠳ ᠪᠠᠭᠠᠴᠤᠳ᠎ᠤᠨ 《ᠭᠤᠷᠪᠠᠨ ᠵᠦᠢᠯ᠎ᠦᠨ ᠲᠦᠯᠦᠪᠯᠡᠭᠡ》 ᠵᠢᠨ ᠠᠵᠢᠯᠯᠠᠭ᠎ᠠ ᠵᠢ ᠦᠷᠬᠦᠯᠵᠢᠯᠠᠨ ᠭᠦᠨᠵᠡᠭᠡᠢᠷᠡᠭᠦᠯᠵᠦ᠍᠂ ᠰᠣᠶᠣᠯ ᠵᠢᠭᠤᠯᠴᠢᠯᠠᠯ᠎ᠦᠨ ᠦᠢᠯᠡᠰ᠎ᠢ ᠠᠭᠤᠰᠤᠯᠴᠠᠭᠤᠯᠤᠨ ᠬᠠᠷᠢᠯᠴᠠᠨ ᠱᠢᠭᠢᠳᠭᠡᠨ ᠶᠠᠪᠤᠯᠴᠠᠬᠤ ᠲᠠᠪᠴᠠᠩ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠴᠦᠯᠡᠨ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠣᠶᠤᠨ ᠰᠠᠨᠠᠭᠠᠨ᠎ᠤ ᠬᠣᠯᠪᠣᠭᠠᠰᠤ᠎ᠶ᠋ᠢ ᠲᠠᠰᠤᠷᠠᠯᠲᠠ ᠦᠭᠡᠢ ᠪᠡᠬᠢᠵᠢᠬᠦᠯᠪᠠ᠃

ᠱᠢᠨ᠎ᠡ ᠠᠶᠠᠨ᠎ᠳᠤ᠂ ᠦᠷᠭᠡᠨ ᠠᠭᠤᠳᠠᠮ ᠦᠨᠢᠷ ᠲᠠᠨᠭᠰᠤᠭ ᠱᠢᠯᠢ᠎ᠶ᠋ᠢᠨ ᠭᠣᠣᠯ ᠠᠢᠮᠠᠭ᠎ᠤᠨ ᠡᠭᠡ ᠭᠠᠵᠠᠷ ᠲᠸ᠋ ᠦᠨᠳᠦᠰᠦᠳᠡᠨ᠎ᠤ ᠪᠦᠯᠬᠦᠮᠳᠠᠯ᠎ᠦᠨ ᠴᠡᠴᠡᠭᠡᠰ ᠪᠠᠳᠠᠷᠠᠨ ᠲᠡᠯᠭᠡᠷᠡᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ ᠬᠦᠮᠤᠰ᠎ᠦᠨ ᠰᠡᠳᠬᠢᠯ ᠳ᠋ᠤ ᠬᠦᠨ ᠬᠠᠳᠠᠨᠭᠰᠢᠵᠤ᠂ ᠦᠨᠳᠤᠰᠦᠳᠡᠨ ᠨᠤᠬᠦᠳ᠎ᠦᠨ ᠤᠯᠠᠨ ᠲᠦᠮᠡᠨ ᠬᠠᠮᠳᠤ ᠪᠡᠷ ᠰᠠᠭᠤᠷᠢᠰᠢᠵᠤ ᠬᠠᠮᠳᠤ ᠪᠡᠷ ᠰᠤᠷᠤᠯᠴᠠᠵᠤ᠂ ᠬᠠᠮᠳᠤ ᠪᠡᠷ ᠪᠠᠢᠭᠤᠯᠵᠤ ᠬᠠᠮᠳᠤ ᠪᠡᠷ ᠡᠳ᠋ᠯᠡᠵᠤ᠂ ᠬᠠᠮᠳᠤ ᠪᠡᠷ ᠠᠵᠢᠯᠯᠠᠵᠤ ᠬᠠᠮᠳᠤ ᠪᠡᠷ ᠵᠢᠷᠭᠠᠵᠤ᠂ ᠬᠠᠮᠳᠤ ᠵᠢᠨ ᠬᠡᠷ ᠤᠷᠤᠨ ᠳ᠋ᠠᠭᠠᠨ ᠠᠮᠤᠷ ᠲᠦᠪᠰᠢᠨ ᠠᠵᠤ ᠲᠦᠷᠦᠵᠤ᠂ ᠲᠡᠰᠪᠤᠷᠢ ᠬᠠᠳᠠᠭᠤᠵᠢᠯᠳᠠᠢ ᠪᠡᠷ ᠦᠢᠯᠡᠰ ᠪᠤᠰᠬᠠᠵᠤ᠂ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠨᠠᠢᠭᠡᠮ ᠵᠢᠷᠤᠮ᠎ᠤᠨ ᠤᠳᠤᠬᠢᠴᠢᠯᠠᠯᠳᠠ ᠵᠢᠨ ᠪᠦᠳᠦᠭᠡᠨ ᠪᠠᠢᠭᠤᠯᠤᠯᠳᠠ ᠵᠢᠨ ᠵᠠᠮ ᠲᠡᠭᠡᠷ᠎ᠠ ᠦᠨᠳᠦᠰᠦᠳᠡᠨ᠎ᠤ ᠪᠦᠯᠬᠦᠮᠳᠠᠯ ᠲᠠᠪᠰᠢᠯᠳᠠ᠂ ᠠᠵᠤ ᠠᠬᠤᠢ ᠵᠢᠨ ᠴᠡᠴᠡᠭᠯᠡᠯ ᠬᠦᠭᠵᠢᠯ᠂ ᠨᠡᠢᠭᠡᠮ᠎ᠦᠨ ᠡᠶ᠎ᠠ ᠵᠤᠬᠢᠴᠠᠨᠭᠭᠤᠢ ᠲᠤᠭᠳᠠᠭᠤᠨ᠎ᠤ ᠴᠤ ᠰᠢᠨ᠎ᠠ ᠬᠠᠭᠤᠳᠠᠰᠤ ᠵᠢ ᠦᠷᠭᠦᠯᠵᠢᠯᠠᠨ ᠪᠢᠴᠢᠭᠯᠡᠨᠡᠮ!


QQ截图20260224163918.png


ᠱᠢᠨ᠎ᠡ ᠵᠢᠯ᠎ᠤᠨ ᠰᠢᠭᠤᠳ ᠨᠡᠪᠲᠡᠷᠡᠭᠦᠯᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号