2 ᠰᠠᠷ᠎ᠠ᠎ᠶ᠋ᠢᠨ 3 — 4᠎ᠤ᠋ ᠡᠳᠦᠷ ᠪᠣᠯᠲᠠᠯ᠎ᠠ᠂ 《ᠠᠨᠠᠷ᠎ᠤᠨ ᠬᠡᠯᠬᠢᠶ᠎ᠡ· ᠵᠢᠱ᠌ᠢᠶᠡᠴᠢ᠎ᠲᠡᠶ ᠬᠠᠮᠲᠤ ᠠᠶᠠᠯᠠᠬᠤ》 ᠲᠥᠷᠥ᠎ᠶ᠋ᠢᠨ ᠪᠣᠳᠣᠯᠭ᠎ᠠ᠂ ᠮᠡᠷᠭᠡᠵᠢᠯ ᠦᠶ᠋ᠯᠡᠴᠢᠯᠡᠭᠡ ᠬᠦᠷᠭᠡᠬᠦ᠌ ᠠᠵᠢᠯᠯᠠᠭ᠎ᠠ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ ᠶᠠᠪᠤᠭ᠍ᠳᠠᠪᠠ᠃ ᠠᠵᠢᠯᠯᠠᠭ᠎ᠠ᠎ᠨᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠦᠶ᠋ᠯᠡ ᠠᠵᠢᠯᠯᠠᠭ᠎ᠠ᠎ᠪᠠᠷ ᠬᠣᠯᠪᠣᠭᠠᠰᠤ ᠪᠣᠯᠭᠠᠵᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠮᠡᠷᠭᠡᠵᠢᠯ᠎ᠢ ᠤᠯᠠᠮᠵᠢᠯᠠᠬᠤ᠂ ᠦᠶ᠋ᠯᠡᠴᠢᠯᠡᠭᠡ ᠬᠠᠩᠭᠠᠬᠤ ᠪᠠ ᠵᠢᠱ᠌ᠢᠶᠡᠴᠢ᠎ᠪᠡᠷ ᠬᠥᠲᠥᠯᠥᠨ ᠳᠠᠭᠠᠭᠤᠯᠬᠤ᠎ᠶ᠋ᠢ ᠭᠦᠨᠵᠡᠭᠡᠶ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠲᠤᠷᠱᠢᠯᠭ᠎ᠠ ᠰᠤᠷᠤᠯᠴᠠᠬᠤ᠂ ᠡᠷᠳᠡᠮ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠦᠶ᠋ᠯᠡᠴᠢᠯᠡᠭᠡ ᠭᠥᠷᠳᠡᠬᠦ᠌ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠪᠠ᠃

ᠬᠤᠭᠤᠷ ᠬᠦᠭᠵᠢᠮᠳᠡᠨ᠎ᠡ
ᠠᠵᠢᠯᠯᠠᠭ᠎ᠠ ᠳᠤᠮᠳᠠ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠭᠣᠭ᠍ᠴᠣᠭ᠎ᠠ᠎ᠳᠤ ᠬᠢᠯᠠᠰ ᠴᠡᠭ ᠵᠠᠯᠭᠠᠭ᠎ᠠ ᠪᠠᠷ ᠢᠯᠡᠷᠡᠪᠡ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠳᠥᠭᠥᠮ ᠣᠢᠯᠠᠭᠠᠮᠵᠢᠲᠠᠶ ᠦᠭᠡ ᠬᠡᠯᠡ᠎ᠪᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠠᠢᠯᠪᠤᠷᠢᠯᠠᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠴᠢ ᠱᠢᠶᠣᠤ ᠵᠢᠩ ᠥᠪᠡᠷ᠎ᠦᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠭᠠᠭᠤᠯᠤᠨ ᠲᠣᠭᠠᠴᠢᠯᠠᠭ᠍ᠰᠠᠨ ᠮᠡᠷᠭᠡᠵᠢᠯ᠎ᠢ ᠠᠱᠢᠭ᠍ᠯᠠᠵᠤ᠂ ᠣᠨᠴᠠᠯᠢᠭ᠍ᠲᠤ ᠠᠵᠤ ᠦᠶ᠋ᠯᠡᠰ᠎ᠢ ᠬᠥᠭ᠌ᠵᠢᠭᠦᠯᠦᠭ᠌ᠰᠡᠨ ᠪᠠᠶᠠᠵᠢᠯ᠎ᠤᠨ ᠥᠯᠢᠭᠡᠷ᠎ᠢ ᠶᠠᠷᠢᠪᠠ᠃ ᠪᠣᠷᠣᠭ᠍ᠵᠢᠭᠤᠨ ᠦᠭᠡ ᠶᠠᠷᠢᠶ᠎ᠠ᠂ ᠠᠮᠢᠳᠤᠯᠢᠭ ᠬᠡᠷᠡᠭ᠎ᠦᠨ ᠵᠢᠱ᠌ᠢᠶ᠎ᠡ ᠨᠢ ᠠᠵᠢᠯᠯᠠᠭ᠎ᠠ᠎ᠳᠤ ᠣᠷᠣᠯᠴᠠᠭ᠍ᠰᠠᠳ᠎ᠲᠤ ᠦᠨᠳᠦᠰᠦᠲᠡᠨ᠎ᠦ ᠪᠦᠯᠬᠦᠮᠳᠡᠯ᠎ᠤᠨ ᠨᠢᠭ᠍ᠲᠠᠷᠠᠯ᠎ᠤᠨ ᠬᠦᠴᠦᠨ ᠢ ᠭᠦᠨᠵᠡᠭᠡᠢ ᠲᠠᠨᠢᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠬᠰᠢᠯᠠᠬᠤ》 ᠢᠲᠡᠭᠡᠯ ᠵᠣᠷᠢᠭ᠎ᠢ ᠤᠯᠠᠮ ᠴᠢᠨᠠᠭ᠍ᠰᠢᠳᠠ ᠪᠠᠲᠤᠳᠭᠠᠪᠠ᠃
ᠲᠣᠰ ᠭᠠᠵᠠᠷ᠎ᠤᠨ ᠲᠠᠷᠢᠶᠠᠯᠠᠩ᠎ᠤᠨ ᠣᠨᠴᠠ ᠭᠠᠷᠤᠯᠲᠠ᠎ᠶ᠋ᠢᠨ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠠᠵᠢᠯᠯᠠᠭ᠎ᠠ᠎ᠳᠤ 《ᠲᠣᠭᠠᠴᠢᠯᠠᠭ᠍ᠰᠠᠨ ᠬᠤᠳᠠᠯᠳᠤᠭ᠎ᠠ᠎ᠪᠠᠷ ᠲᠠᠷᠢᠶᠠᠯᠠᠩ᠎ᠢ ᠬᠥᠭ᠌ᠵᠢᠭᠦᠯᠬᠦ᠌》 ᠡᠯᠧᠺᠲ᠋ᠷᠣᠨ ᠬᠤᠳᠠᠯᠳᠤᠭᠠᠨ᠎ᠤ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠲᠣᠬᠢᠷᠠᠭᠤᠯᠵᠤ᠂ ᠲᠤᠰᠭᠠᠶ ᠮᠡᠷᠭᠡᠵᠢᠯ᠎ᠦᠨ ᠯᠧᠺᠲ᠋ᠣᠷ ᠪᠠ ᠦᠶ᠋ᠯᠡᠰ ᠪᠤᠰᠬᠠᠬᠰᠠᠨ ᠳᠠᠭᠠᠭᠤᠯᠤᠭ᠍ᠴᠢ᠎ᠶ᠋ᠢ ᠤᠷᠢᠵᠤ᠂ ᠱᠢᠭᠤᠳ ᠨᠡᠪᠲᠡᠷᠡᠭᠦᠯᠬᠦ᠌ ᠠᠯᠬᠤᠮ ᠲᠠᠷᠠᠭ᠎ᠠ ᠪᠠ ᠡᠵᠡᠩᠨᠡᠯᠲᠡ ᠵᠢᠨ ᠪᠥᠬᠥ᠌ ᠶᠠᠪᠤᠴᠠ᠎ᠶ᠋ᠢ ᠬᠠᠮᠤᠷᠤᠬᠰᠠᠨ ᠬᠢᠴᠢᠶᠡᠯ ᠤᠷᠤᠭᠤᠯᠪᠠ᠃ ᠪᠤᠯᠪᠠᠰᠤᠷᠠᠯ ᠳ᠋ᠦ ᠤᠷᠤᠯᠴᠠᠬᠰᠠᠳ ᠪᠠᠰᠠ ᠡᠯᠧᠺᠲ᠋ᠷᠣᠨ ᠬᠤᠳᠠᠯᠳᠤᠭᠠᠨ᠎ᠤ ᠰᠠᠭᠤᠷᠢᠨ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠯᠡᠩ ᠲᠣᠭᠣᠷᠢᠭ᠎ᠲᠤ ᠬᠦᠷᠴᠦ᠍ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠵᠦ᠍᠂ ᠣᠲᠣ ᠦᠶ᠎ᠡ᠎ᠶ᠋ᠢᠨ ᠲᠠᠷᠢᠶᠠᠯᠠᠩ᠎ᠤᠨ ᠮᠡᠷᠭᠡᠵᠢᠯ᠎ᠢ ᠰᠤᠷᠤᠯᠴᠠᠨ᠂ ᠬᠥᠭ᠌ᠵᠢᠯᠲᠡ᠎ᠶ᠋ᠢᠨ ᠰᠡᠳᠭᠢᠴᠡ᠎ᠪᠡᠨ ᠥᠷᠭᠡᠳᠭᠡᠪᠡ᠃

ᠶᠠᠨᠭᠭᠠᠷ ᠪᠦᠵᠢᠭ ᠪᠦᠵᠢᠭᠯᠡᠨ᠎ᠡ
ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ ᠠᠯᠪᠠᠨ ᠵᠢᠷᠤᠮ᠎ᠤᠨ ᠡᠮᠴᠢᠯᠡᠭᠡᠨ᠎ᠦ ᠦᠶ᠋ᠯᠡᠴᠢᠯᠡᠭᠡ ᠪᠣᠯᠤᠨ ᠡᠯᠪᠡᠭ ᠪᠠᠶᠠᠯᠢᠭ ᠳᠤᠮᠳᠠᠳᠤ᠎ᠶ᠋ᠢᠨ ᠰᠣᠶᠣᠯ᠎ᠢ ᠪᠡᠶᠡᠴᠢᠯᠡᠨ ᠣᠢᠯᠠᠭᠠᠬᠤ ᠠᠵᠢᠯᠯᠠᠭ᠎ᠠ᠎ᠶ᠋ᠢ ᠵᠡᠷᠭᠡ᠎ᠪᠡᠷ ᠥᠷᠨᠢᠭᠦᠯᠵᠦ᠍᠂ ᠣᠯᠠᠨ ᠲᠦᠮᠡᠨ᠎ᠦ ᠡᠷᠡᠭᠦᠯ ᠮᠡᠨᠳᠦ᠍᠎ᠶ᠋ᠢ ᠬᠠᠮᠠᠭᠠᠯᠠᠬᠤ᠎ᠶ᠋ᠢᠨ ᠬᠠᠮᠲᠤ᠂ ᠣᠷᠣᠯᠴᠠᠭ᠍ᠴᠢ᠎ᠳᠤ ᠪᠡᠶᠡᠴᠢᠯᠡᠨ ᠣᠢᠯᠠᠭᠠᠬᠤ ᠳᠤᠮᠳᠠ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠪᠠᠶᠠᠷ ᠪᠠᠶᠠᠰᠭᠤᠯᠠᠩᠲᠤ ᠠᠭᠤᠷ ᠠᠮᠢᠰᠬᠤᠯ ᠳᠤᠮᠳᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃
ᠬᠢᠩᠭᠠᠨ ᠠᠢᠮᠠᠭ ᠢᠮᠠᠭ᠍ᠲᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠲᠣᠪᠣᠢᠮ᠎ᠠ ᠪᠠᠢᠷᠢᠨ᠎ᠳᠤ ᠲᠠᠯᠪᠢᠵᠤ᠂ ᠦᠨᠡᠨ ᠪᠣᠳᠠᠲᠠᠶ ᠠᠷᠠᠳ᠎ᠲᠤ ᠠᠱᠢᠭ ᠬᠦᠷᠲᠡᠭᠡᠬᠦ᠌ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠮᠲᠤ᠎ᠪᠠᠷ ᠰᠤᠷᠤᠯᠴᠠᠵᠤ ᠬᠠᠮᠲᠤ᠎ᠪᠠᠷ ᠵᠢᠷᠭᠠᠬᠤ ᠬᠥᠭ᠌ᠵᠢᠯᠲᠡ᠎ᠶ᠋ᠢᠨ ᠳᠤᠮᠳᠠ ᠤᠯᠠᠮ᠎ᠠᠴᠠ ᠤᠯᠠᠮ ᠣᠢᠷᠠᠲᠤᠭᠤᠯᠵᠤ᠂ ᠤᠯᠠᠮ᠎ᠠᠴᠠ ᠤᠯᠠᠮ ᠳᠣᠲᠣᠨᠣ ᠪᠣᠯᠭᠠᠪᠠ᠃
ᠲᠣᠰ ᠤᠳᠠᠭᠠᠨ᠎ᠤ ᠠᠵᠢᠯᠯᠠᠭ᠎ᠠ᠎ᠨᠢ 《ᠵᠢᠱ᠌ᠢᠶᠡᠴᠢ᠎ᠲᠡᠶ ᠬᠠᠮᠲᠤ ᠠᠶᠠᠯᠠᠬᠤ》 ᠪᠠᠷ ᠱᠢᠨ᠎ᠡ᠎ᠶ᠋ᠢ ᠡᠭᠦᠳᠬᠦ᠌ ᠠᠴᠢᠶᠠᠯᠠᠪᠤᠷᠢ ᠪᠣᠯᠭᠠᠵᠤ᠂ ᠲᠥᠷᠥ᠎ᠶ᠋ᠢᠨ ᠪᠣᠳᠣᠯᠭ᠎ᠠ᠂ ᠮᠡᠷᠭᠡᠵᠢᠯ᠂ ᠦᠶ᠋ᠯᠡᠴᠢᠯᠡᠭᠡ ᠬᠢᠭᠡᠳ ᠰᠣᠶᠣᠯ᠎ᠢ ᠣᠨᠣᠪᠴᠢᠲᠠᠶ᠎ᠪᠠᠷ ᠦᠨᠳᠦᠰᠦᠨ ᠱᠠᠲᠤᠨ᠎ᠳᠤ ᠱᠢᠭᠤᠳ ᠬᠥᠷᠭᠡᠬᠥᠶ᠋ᠢ ᠠᠬᠢᠭᠤᠯᠪᠡ᠃ ᠤᠢᠯᠠᠭᠠᠬᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 《ᠠᠨᠠᠷ᠎ᠤᠨ ᠬᠡᠯᠬᠢᠶ᠎ᠡ》 ᠲᠥᠷᠥᠯ ᠲᠡᠮᠳᠡᠭ᠎ᠦᠨ ᠠᠵᠢᠯᠯᠠᠭ᠎ᠠ ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠵᠢᠱ᠌ᠢᠶᠡᠴᠢ ᠦᠶ᠋ᠯᠡ ᠠᠵᠢᠯᠯᠠᠭ᠎ᠠ᠎ᠶ᠋ᠢ ᠦᠨᠳᠦᠰᠦᠨ ᠱᠠᠲᠤᠨ᠎ᠳᠤ ᠦᠨᠳᠦᠰᠦᠯᠡᠭᠦᠯᠵᠦ᠍᠂ ᠬᠡᠪ ᠰᠤᠷᠲᠠᠯ᠎ᠢ ᠬᠥᠲᠥᠯᠥᠨ ᠳᠠᠭᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠭᠠᠷ ᠬᠣᠯᠪᠣᠯᠴᠠᠨ ᠲᠡᠮᠡᠴᠡᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠡᠬᠢᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠨᠡᠮᠡᠷᠢᠯᠡᠨ᠎ᠡ᠃