ᠬᠥᠮᠦᠨ᠎ᠢ ᠬᠥᠮᠦᠵᠢᠭᠦᠯᠬᠦ᠌ ᠡᠴᠡ ᠰᠦᠭ ᠰᠦᠨᠡᠰᠦ᠎ᠶ᠋ᠢ ᠱᠤᠭᠤᠬᠤ ᠬᠦᠷᠲᠡᠯᠡᠬᠢ 《ᠪᠠᠶᠠᠨᠨᠠᠭᠤᠷ᠎ᠤᠨ ᠦᠢᠯᠡᠳᠦᠯᠭᠡ》
2026-02-25 15:55:39
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠪᠠᠶᠠᠨᠨᠠᠭᠤᠷ ᠬᠤᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠦᠵᠡᠯ ᠰᠠᠨᠠᠭ᠎ᠠ ᠤᠯᠤᠰ ᠲᠦᠷᠦ᠍᠎ᠪᠡᠷ ᠬᠦᠳᠦᠯᠤᠨ ᠲᠠᠭᠠᠭᠤᠯᠬᠤ ᠶ᠋ᠢ ᠭᠦᠨᠵᠡᠭᠡᠢᠷᠡᠬᠦᠯᠵᠤ᠂ ᠤᠯᠤᠰ᠎ᠢᠶᠠᠨ ᠬᠠᠢᠷᠠᠯᠠᠬᠤ ᠦᠷ᠎ᠡ᠎ᠶ᠋ᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠦᠨᠳᠦᠰᠦᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ᠎ᠢ ᠬᠦᠭᠵᠢᠭᠡᠪᠠ᠃

ᠪᠠᠶᠠᠨᠨᠠᠭᠤᠷ ᠬᠤᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ ᠪᠦᠬᠦ ᠶᠠᠪᠤᠴᠠ ᠡᠯ᠎ᠡ ᠭᠣᠭ᠍ᠴᠣᠭ᠎ᠠ᠎ᠳᠤ ᠠᠭᠤᠰᠤᠯᠴᠠᠭᠤᠯᠵᠤ᠂ ᠰᠦᠯᠵᠢᠶᠡᠨ ᠳᠡᠭᠡᠷ᠎ᠡ 《ᠵᠠᠯᠠᠭᠤᠴᠤᠳ᠎ᠤᠨ ᠶᠡᠬᠡ ᠰᠤᠷᠤᠯᠴᠠᠯᠭ᠎ᠠ》 ᠵᠡᠷᠭᠡ ᠲᠠᠪᠴᠠᠩ᠎ᠳᠤ ᠲᠦᠱᠢᠭ᠌ᠯᠡᠨ᠂ ᠡᠯ᠎ᠡ ᠱᠠᠲᠤᠨ᠎ᠤ ᠰᠤᠷᠭᠠᠭᠤᠯᠢ᠂ ᠡᠪ ᠬᠠᠮᠲᠤ ᠵᠠᠯᠠᠭᠤᠴᠤᠳ᠎ᠤᠨ ᠡᠪᠯᠡᠯ ᠪᠣᠯᠤᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠢᠳᠡᠪᠬᠢᠲᠡᠶ ᠳᠠᠢᠴᠢᠯᠠᠵᠤ᠂ 《ᠲᠠᠨ᠎ᠢ ᠳᠠᠭᠠᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢ ᠣᠢᠯᠠᠭᠠᠭᠤᠯᠤᠶ᠎ᠠ》 ᠭᠡᠬᠦ᠌ ᠨᠣᠮ᠎ᠢ ᠰᠤᠷᠤᠯᠴᠠᠵᠤ᠂ ᠠᠮᠢᠳᠤᠯᠢᠭ ᠪᠤᠳᠠᠳᠠᠢ ᠵᠢᠷᠤᠭ ᠳᠦᠷᠰᠦ᠎ᠪᠡᠷ ᠠᠴᠢᠶᠠᠯᠠᠪᠤᠷᠢ ᠪᠣᠯᠭᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠤ ᠲᠤᠬᠠᠶ ᠲᠠᠨᠢᠯᠲᠠ᠎ᠵᠢ ᠭᠦᠨᠵᠡᠭᠡᠢᠷᠡᠭᠦᠯᠪᠡ︔ ᠰᠦᠯᠵᠢᠶᠡᠨ ᠭᠠᠳᠠᠨ᠎ᠠ ᠵᠠᠯᠠᠭᠤᠴᠤᠳ᠎ᠤᠨ ᠯᠧᠺᠲ᠋ᠤᠷ᠎ᠤᠨ ᠪᠦᠯᠬᠦᠮ᠂ 《ᠤᠯᠠᠭᠠᠨ ᠠᠨᠠᠷ᠎ᠤᠨ ᠤᠬᠠᠭᠤᠯᠤᠨ ᠲᠠᠢᠯᠪᠤᠷᠢᠯᠠᠬᠤ ᠠᠩᠭᠢ》 ᠶ᠋ᠢᠨ ᠤᠬᠠᠭᠤᠯᠤᠨ ᠲᠠᠢᠯᠪᠤᠷᠢᠯᠠᠬᠤ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠰᠤᠷᠭᠠᠭᠤᠯᠢ᠎ᠶ᠋ᠢᠨ ᠬᠦᠷᠢᠶ᠎ᠡ᠂ ᠨᠡᠢᠭᠡᠮ ᠲᠣᠭᠣᠷᠢᠭ᠂ ᠬᠥᠳᠡᠭᠡ ᠲᠣᠰᠭᠣᠨ᠎ᠳᠤ ᠭᠦᠨᠵᠡᠭᠡᠢᠷᠡᠨ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ 150 ᠭᠠᠷᠤᠶ ᠲᠠᠯᠠᠪᠤᠷ ᠤᠳᠠᠭ᠎ᠠ ᠥᠷᠨᠢᠭᠦᠯᠪᠠ᠃ ᠠᠵᠢᠯᠯᠠᠭ᠎ᠠ᠎ᠶ᠋ᠢᠨ ᠠᠴᠢᠶᠠᠯᠠᠪᠤᠷᠢ᠎ᠶ᠋ᠢ ᠪᠠᠶᠠᠯᠢᠭ᠍ᠵᠢᠭᠤᠯᠵᠤ᠂ 118 ᠬᠤᠭᠤᠴᠠᠭ᠎ᠠ 《ᠵᠠᠯᠠᠭᠤᠴᠤᠳ᠎ᠤᠨ ᠰᠥᠨᠢ᠎ᠶ᠋ᠢᠨ ᠰᠤᠷᠭᠠᠭᠤᠯᠢ》 ᠶ᠋ᠢᠨ ᠬᠢᠴᠢᠶᠠᠯ ᠲᠤᠬᠢᠷᠠᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠨᠡᠢᠲᠡ 3.8 ᠲᠦᠮᠡᠨ ᠬᠥᠮᠦᠨ ᠤᠳᠠᠭ᠎ᠠ ᠬᠠᠮᠤᠷᠴᠤ᠌᠂ ᠦᠵᠡᠯ ᠰᠠᠨᠠᠭ᠎ᠠ᠎ᠪᠠᠨ ᠰᠣᠯᠢᠯᠴᠠᠬᠤ᠂ ᠬᠠᠮᠳᠤ ᠵᠢᠨ ᠲᠠᠨᠢᠯᠳᠠ ᠪᠠᠨ ᠬᠦᠨᠵᠡᠭᠡᠢᠷᠡᠬᠦᠯᠬᠦ  ᠲᠠᠪᠴᠠᠩ ᠬᠠᠨᠭᠭᠠᠪᠠ᠃

2025 ᠣᠨ᠎ᠠᠴᠠ ᠨᠠᠭᠠᠰᠢ᠂ 《ᠠᠨᠠᠷ᠎ᠤᠨ ᠦᠷ᠎ᠡ ᠨᠤᠲᠤᠭ᠎ᠤᠰᠤ ᠪᠠᠨ ᠬᠠᠢᠷᠠᠯᠠᠬᠤ》᠂ 《ᠣᠶᠤᠨᠴᠢ ᠲᠠᠷᠢᠶᠠᠯᠠᠩ᠎ᠤᠨ ᠱᠢᠨ᠎ᠡ ᠣᠢᠯᠠᠭᠠᠯᠲᠠ》 ᠵᠡᠷᠭᠡ ᠤᠨᠴᠠᠯᠢᠬ᠍ᠳᠤ ᠦᠶ᠋ᠯᠡᠳᠦᠯᠭᠡ᠎ᠶ᠋ᠢᠨ ᠰᠣᠯᠢᠯᠴᠠᠭᠠᠨ᠎ᠤ ᠠᠵᠢᠯᠯᠠᠭ᠎ᠠ᠎ᠶ᠋ᠢ ᠨᠡᠢᠲᠡ 300 ᠭᠠᠷᠤᠶ ᠤᠳᠠᠭ᠎ᠠ ᠥᠷᠨᠢᠭᠦᠯᠵᠦ᠍᠂ 4.7 ᠲᠦᠮᠡ ᠭᠠᠷᠤᠶ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠬᠠᠮᠤᠷᠴᠠᠶ᠃ ᠮᠤᠵᠢ ᠣᠷᠣᠨ ᠠᠯᠤᠰᠯᠠᠭ᠍ᠰᠠᠨ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠪᠡᠭᠡᠵᠢᠩ᠂ ᠬᠤᠪᠸᠢ ᠵᠡᠷᠭᠡ 8 ᠰᠤᠷᠭᠠᠭᠤᠯᠢ᠎ᠲᠠᠶ ᠬᠠᠮᠲᠤ᠎ᠪᠠᠷ ᠪᠠᠢᠭᠤᠯᠬᠤ ᠵᠥᠪᠯᠡᠯᠴᠡᠭᠡᠷ ᠲᠣᠭ᠍ᠲᠠᠵᠤ᠂ 《ᠪᠡᠭᠡᠵᠢᠩ ᠥᠪᠥᠷ ᠮᠣᠩᠭᠣᠯ ᠭᠠᠷ ᠭᠠᠷ᠎ᠢᠶᠠᠨ ᠬᠣᠯᠪᠣᠨ ᠳᠤᠮᠳᠠᠳᠤ᠎ᠶ᠋ᠢᠨ ᠦᠨᠳᠦᠰᠦᠳᠡᠨ ᠨᠢᠭᠡ ᠬᠡᠷ ᠪᠦᠯᠢ ᠮᠡᠲᠦ ᠳᠣᠲᠣᠨᠣ》 ᠵᠡᠷᠭᠡ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ᠎ᠶ᠋ᠢ 11 ᠲᠠᠯᠠᠪᠤᠷ ᠤᠳᠠᠭ᠎ᠠ ᠡᠷᠭᠢᠯᠡᠪᠡ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠰᠠᠭᠤᠷᠢᠨ ᠳ᠋ᠤ ᠲᠦᠱᠢᠭ᠌ᠯᠡᠨ᠂ 3 ᠲᠦᠮᠡ ᠭᠠᠷᠤᠶ ᠵᠠᠯᠠᠭᠤᠴᠤᠳ ᠪᠠᠭᠠᠴᠤᠳ᠎ᠢ ᠵᠣᠬᠢᠶᠠᠨ ᠪᠠᠢᠭᠤᠯᠵᠤ 《ᠴᠡᠷᠢᠭ᠎ᠦᠨ ᠬᠤᠸᠠᠷᠠᠨ᠎ᠳᠤ ᠣᠷᠣᠭᠤᠯᠬᠤ》 ᠵᠡᠷᠭᠡ ᠦᠢᠯᠡᠳᠤᠯᠭᠡ ᠬᠥᠮᠦᠵᠢᠯ᠎ᠦᠨ ᠠᠵᠢᠯᠯᠠᠭ᠎ᠠ ᠥᠷᠨᠢᠭᠦᠯᠵᠦ᠍᠂ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠵᠤᠵᠠᠭᠠᠳᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠪᠠ᠃

ᠠᠵᠢᠯ ᠣᠯᠭᠣᠯᠲᠠ᠎ᠶ᠋ᠢᠨ ᠦᠶ᠋ᠯᠡᠴᠢᠯᠡᠭᠡ᠎ᠳᠦ ᠰᠠᠭᠤᠷᠢᠯᠠᠵᠤ᠂ 《ᠳᠠᠷᠪᠠᠭᠤᠯ ᠬᠡᠢᠰᠭᠡᠬᠦ᠌ ᠲᠥᠯᠥᠪᠯᠡᠭᠡ》ᠵᠡᠷᠭᠡ ᠨᠡᠢᠭᠡᠮ᠎ᠦᠨ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ 3521 ᠦᠶ᠋ᠯᠡᠳᠦᠯᠭᠡ᠎ᠶ᠋ᠢᠨ ᠠᠵᠢᠯ᠎ᠤᠨ ᠪᠠᠢᠷᠢ ᠬᠠᠩᠭᠠᠵᠤ᠂ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ᠎ᠬᠠᠨᠭᠭᠠᠵᠤ᠂ 5700 ᠭᠠᠷᠤᠶ ᠵᠠᠯᠠᠭᠤᠴᠤᠳ ᠪᠠᠭᠠᠴᠤᠳ᠎ᠤᠨ ᠠᠵᠢᠯ ᠤᠯᠭᠤᠬᠤ ᠳ᠋ᠤ ᠠᠵᠠ ᠲᠣᠬᠢᠶᠠᠯ ᠤᠯᠭᠤᠪᠠ᠃ ᠴᠢᠳᠠᠪᠤᠷᠢᠲᠠᠨ᠎ᠤ ᠲᠤᠯᠭᠠᠭᠤᠷᠢᠯᠠᠯ᠎ᠢ ᠴᠢᠩᠭᠠᠳᠭᠠᠵᠤ᠂ 《ᠪᠠᠷᠠᠭᠤᠨ ᠣᠷᠣᠨ᠎ᠤ ᠲᠥᠯᠥᠪᠯᠡᠭᠡ》 ᠵᠢ ᠦᠷᠭᠦᠯᠵᠢᠯᠡᠨ ᠠᠬᠢᠭᠤᠯᠵᠤ᠂ 251 ᠰᠠᠢ᠌ᠨ ᠲᠤᠷᠠᠴᠤᠳ ᠦᠨᠳᠦᠰᠦᠨ ᠱᠠᠲᠤᠨ᠎ᠳᠤ ᠦᠨᠳᠦᠰᠦᠯᠡᠵᠦ᠍᠂ ᠤᠯᠠᠨ ᠲᠦᠮᠡᠨ᠎ᠳᠦ ᠦᠢᠯᠡᠴᠢᠯᠡᠵᠦ᠍᠂ ᠣᠷᠣᠨ ᠨᠤᠲᠤᠭ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠪᠠ᠃ ᠦᠢᠯᠡᠳᠦᠯᠭᠡ᠎ᠪᠡᠷ ᠬᠥᠮᠦᠨ᠎ᠢ ᠬᠥᠮᠦᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠵᠠᠯᠠᠭᠤᠴᠤᠳ ᠪᠠᠭᠠᠴᠤᠳ᠎ᠤᠨ ᠡᠯᠡᠰᠦ᠎ᠶ᠋ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠬᠥᠮᠦᠵᠢᠯ᠎ᠦᠨ 7 ᠵᠢᠱ᠌ᠢᠢ᠎ᠡ ᠦᠵᠡᠭᠦᠯᠬᠦ᠌ ᠴᠡᠭ᠎ᠢ ᠡᠭᠦᠳᠦᠨ ᠪᠠᠢᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ 2229 ᠲᠠᠯᠠᠪᠤᠷ ᠥᠷᠨᠢᠭᠦᠯᠵᠦ᠍᠂ 45 ᠰᠠᠯᠠᠭ᠎ᠠ ᠵᠠᠯᠠᠭᠤᠴᠤᠳ᠎ᠤᠨ ᠭᠠᠪᠱᠢᠭᠠᠢ ᠠᠩᠬᠢ᠎ᠶ᠋ᠢ ᠵᠣᠬᠢᠶᠠᠨ ᠪᠠᠢᠭᠤᠯᠵᠤ 1342 ᠲᠠᠯᠠᠪᠤᠷ ᠭᠣᠣᠯ ᠮᠥᠷᠡᠨ᠎ᠢ ᠴᠠᠭ᠍ᠳᠠᠬᠤ᠂ ᠨᠣᠭᠣᠭᠠᠷᠠᠭᠤᠯᠤᠯᠲᠠ᠎ᠶ᠋ᠢ ᠬᠠᠮᠠᠭᠠᠯᠠᠬᠤ ᠠᠵᠢᠯᠯᠠᠭ᠎ᠠ᠎ᠶ᠋ᠢ ᠥᠷᠨᠢᠭᠦᠯᠵᠦ᠍᠂ 3.4 ᠲᠦᠮᠡᠨ ᠬᠥᠮᠦᠨ ᠵᠠᠯᠠᠭᠤᠴᠤᠳ ᠪᠠᠭᠠᠴᠤᠳ᠎ᠢ ᠬᠠᠮᠤᠷᠴᠤ᠌᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠦ᠋ᠨ ᠬᠠᠮᠲᠤᠷᠠᠯ᠎ᠦᠨ ᠬᠦᠴᠦᠨ᠎ᠢ ᠨᠢᠭ᠍ᠲᠠᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠦᠢᠯᠡᠳᠦᠯᠭᠡ᠎ᠶ᠋ᠢᠨ ᠳᠤᠮᠳᠠ ᠳᠡᠯᠭᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号