ᠴᠠᠰᠤ ᠱᠢᠭᠤᠷᠭᠠᠨ᠎ᠤ ᠳᠤᠮᠳᠠ ᠤᠯᠠᠨ ᠲᠦᠮᠡᠨ᠎ᠤ ᠪᠤᠴᠠᠬᠤ ᠠᠶᠠᠨ᠎ᠢ ᠬᠠᠮᠠᠭᠠᠯᠠᠨ᠎ᠠ
2026-02-25 09:23:10
ᠵᠣᠬᠢᠶᠠᠭ᠍ᠴᠢ᠄
ᠭᠣᠣ ᠮᠢᠨ ᠨᠠ ᠢᠥᠢ ᠲᠢᠶᠠᠨ ᠢᠥᠢ
ᠣᠩᠱᠢᠭ᠍ᠰᠠᠨ ᠣᠳᠠᠭ᠎ᠠ᠄
★★★☆☆

《ᠠᠶᠠᠷᠬᠠᠨ ᠶᠠᠪᠤᠭᠤᠯᠵᠦ᠂ ᠵᠠᠯᠠᠭᠤᠷ᠎ᠢᠶᠡᠨ ᠰᠠᠢᠨ ᠪᠠᠷᠢᠭᠠᠷᠠᠢ᠂ ᠪᠢ ᠴᠢᠮᠢ᠋ᠢ ᠲᠦᠯᠬᠢᠵᠦ᠍ ᠭᠠᠷᠭᠠᠶ᠎ᠠ》᠃ 2  ᠰᠠᠷ᠎ᠠ᠎ᠶ᠋ᠢᠨ 22 ᠎ᠤ᠋ᠨ ᠡᠳᠦᠷ᠂ ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠶᠦᠩ ᠠᠨ ᠪᠠᠯᠭᠠᠰᠤᠨ᠎ᠤ ᠬᠠᠷᠠᠴᠢᠨ ᠲᠣᠰᠭᠣᠨ᠎ᠤ ᠨᠢᠭᠡᠨ ᠬᠥᠳᠡᠭᠡ ᠲᠣᠰᠭᠣᠨ᠎ᠤ ᠵᠠᠰᠠᠮᠠᠯ ᠵᠠᠮ᠎ᠤᠨ ᠡᠭ᠌ᠴᠡ ᠬᠥᠲᠥᠯ᠎ᠦᠨ ᠬᠡᠰᠡᠭ᠎ᠲᠦ᠂ ᠨᠢᠭᠡᠨ ᠬᠤᠪᠢ᠎ᠶ᠋ᠢᠨ ᠮᠠᠱᠢᠨ ᠲᠡᠷᠭᠡ ᠴᠠᠰᠤᠨ᠎ᠳᠤ ᠬᠡᠷᠡᠭᠯᠡᠬᠦ ᠳᠤᠭᠤᠢᠯᠠᠪᠤᠷᠢ ᠰᠣᠯᠢᠭ᠍ᠰᠠᠨ ᠥᠬᠡᠶ᠎ᠡᠴᠡ ᠪᠣᠯᠵᠣ᠂ ᠴᠠᠰᠤᠨ᠎ᠬᠤᠷᠠᠭᠰᠠᠨ ᠬᠥᠲᠥᠯ ᠳᠡᠭᠡᠷ᠎ᠡ ᠡᠵᠡᠮᠳᠡᠯ᠎ᠢᠶᠡᠨ ᠠᠯᠳᠠᠵᠤ ᠵᠠᠮ᠎ᠤᠨ ᠬᠠᠵᠠᠭᠤ᠎ᠶ᠋ᠢᠨ ᠭᠤᠤ᠎ᠳᠤ ᠭᠤᠯᠭᠤᠨ ᠣᠷᠣᠪᠠ᠃ ᠶᠠᠭ ᠡᠨᠳᠡ ᠴᠠᠭ᠍ᠳᠠᠨ ᠵᠢᠯᠣᠭᠣᠳᠴᠤ᠌ ᠪᠠᠢᠬᠰᠠᠨ ᠬᠢᠩᠭᠠᠨ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠡᠮᠬᠢ ᠳᠢᠭ᠌ᠯᠢᠮ᠎ᠦᠨ ᠶᠡᠬᠡ ᠠᠩᠭᠢ᠎ᠶ᠋ᠢᠨ ᠵᠠᠮ ᠬᠠᠷᠢᠯᠴᠠᠭᠠᠨ᠎ᠤ ᠴᠠᠭ᠍ᠳᠠᠭ᠎ᠠ ᠪᠠᠢᠳᠠᠯ᠎ᠢ ᠦᠵᠡᠭᠡᠳ ᠲᠡᠷᠡ ᠳᠠᠷᠤᠶ᠎ᠳᠤᠨᠢ ᠲᠡᠷᠭᠡᠨ ᠎ᠤ ᠠᠷᠤ ᠲᠠᠯ᠎ᠠ ᠵᠢ ᠪᠡᠶ᠎ᠡ᠎ᠪᠡᠷ᠎ᠢᠶᠡᠨ ᠲᠤᠯᠵᠤ ᠠᠪᠤᠪᠠ᠃

《ᠯᠠᠪᠳᠠᠭᠤᠬᠠᠨ ᠪᠠᠢᠯᠭᠠᠵᠦ᠂ ᠲᠤᠰᠤ ᠪᠡᠨ ᠬᠦᠩᠭᠡᠨ ᠦᠭᠬᠦᠭᠡᠷᠡᠢ》᠃ ᠵᠠᠮ ᠬᠠᠷᠢᠯᠴᠠᠭᠠᠨ᠎ᠤ ᠬᠡᠳᠦᠨ ᠴᠠᠭ᠍ᠳᠠᠭ᠎ᠠ ᠲᠡᠷᠭᠡᠨ᠎ᠦ ᠠᠷᠤᠬᠰᠢ ᠭᠤᠯᠭᠤᠬᠤ᠎ᠶ᠋ᠢ ᠲᠤᠯᠬᠤ ᠵᠢᠨ ᠳᠠᠭᠠᠤ ᠥᠨᠳᠥᠷ ᠳᠠᠭᠤᠨ᠎ᠢᠶᠠᠷ ᠵᠢᠯᠣᠭᠣᠴᠢ᠎ᠶ᠋ᠢ ᠵᠢᠯᠣᠭᠣᠳᠤᠨ᠎ᠠ᠃ ᠬᠡᠳᠦᠨᠲᠡ ᠬᠦᠴᠦ᠍᠎ᠪᠡᠨ ᠬᠠᠮᠲᠤᠳᠭᠠᠨ ᠲᠦᠯᠬᠢᠭᠰᠡᠨ ᠵᠢᠡᠷ᠂ ᠭᠤᠯᠭᠤᠵᠤ ᠪᠠᠭᠤᠭᠰᠠᠨ ᠲᠡᠷᠭᠡ ᠨᠠᠯᠠᠤ᠎ᠶ᠋ᠢᠨ ᠣᠷᠣᠶ᠎ᠳᠤ ᠲᠣᠭ᠍ᠲᠠᠭᠤᠨ᠎ᠢᠶᠠᠷ ᠭᠠᠷᠴᠤ᠌᠂ ᠠᠮᠵᠢᠯᠲᠠ᠎ᠲᠠᠶ᠎ᠪᠠᠷ ᠬᠦᠴᠢᠷᠳᠡᠯ᠎ᠡᠴᠡ ᠮᠤᠯᠲᠤᠷᠠᠪᠠ᠃ ᠵᠢᠯᠣᠭᠣᠴᠢ ᠲᠡᠷᠭᠡᠨ ᠴᠣᠩᠬᠣ ᠪᠠᠨ ᠪᠠᠭᠤᠯᠭᠠᠵᠤ᠂ ᠳᠠᠬᠢᠨ ᠳᠠᠬᠢᠨ ᠲᠠᠯᠠᠷᠬᠠᠬᠰᠠᠨ ᠰᠡᠳᠬᠢᠯ ᠵᠢᠡᠨ ᠢᠯᠡᠳᠭᠡᠵᠦ ᠪᠠᠢᠯ᠎ᠠ᠃

ᠡᠨᠡ ᠬᠦ᠌ ᠰᠡᠳᠬᠢᠯ ᠲᠤᠯᠠᠭᠠᠯᠠᠮ᠎ᠠ ᠦᠵᠡᠭ᠌ᠳᠡᠯ ᠨᠢ ᠬᠢᠩᠭᠠᠨ ᠠᠢᠮᠠᠭ᠎ᠤᠨ ᠵᠠᠮ ᠬᠠᠷᠢᠯᠴᠠᠭᠠᠨ᠎ᠤ ᠴᠠᠭ᠍ᠳᠠᠭ᠎ᠠ᠎ᠶ᠋ᠢᠨ ᠴᠠᠰᠤ ᠱᠢᠭᠤᠷᠭᠠᠨ᠎ᠤ ᠳᠤᠮᠳᠠ ᠴᠠᠭᠠᠨ ᠰᠠᠷ᠎ᠠ᠎ᠶ᠋ᠢᠨ ᠠᠮᠠᠷᠠᠯᠲᠠ᠎ᠵᠢᠨ ᠳᠠᠷᠠᠭᠠᠬᠢ ᠪᠤᠴᠠᠬᠤ ᠠᠶᠠᠨ᠎ᠢ ᠬᠠᠮᠠᠭᠠᠯᠠᠭ᠍ᠰᠠᠨ ᠬᠤᠷᠢᠶᠠᠩᠭᠤᠢ ᠳᠦᠷᠰᠦ ᠪᠣᠯᠤᠨ᠎ᠠ᠃ 2 ᠰᠠᠷ᠎ᠠ᠎ᠶ᠋ᠢᠨ 21 ᠤ᠋ ᠣᠷᠣᠶ᠂ ᠬᠢᠩᠭᠠᠨ ᠠᠢᠮᠠᠭ᠎ᠲᠤ ᠶᠡᠬᠡ ᠬᠡᠪᠴᠢᠶᠡᠨ᠎ᠦ ᠴᠠᠰᠤ ᠣᠷᠣᠵᠤ᠂ ᠬᠠᠷᠢᠶᠠᠲᠤ ᠣᠷᠣᠨ᠎ᠤ ᠬᠡᠰᠡᠭ ᠤᠯᠤᠰ ᠮᠤᠵᠢ᠎ᠶ᠋ᠢᠨ ᠭᠤᠤᠯ ᠵᠠᠮ ᠪᠠ ᠬᠣᠱᠢᠭᠤ ᠱᠢᠶᠠᠨ ᠬᠣᠲᠠ᠎ᠶ᠋ᠢᠨ ᠵᠠᠮ᠎ᠤᠨ ᠬᠡᠰᠡᠭ᠎ᠲᠦ ᠴᠠᠰᠤ ᠬᠤᠷᠠᠵᠤ ᠮᠥᠰᠥ᠍ ᠬᠥᠯᠳᠡᠬᠦ᠌ ᠦᠵᠡᠭ᠌ᠳᠡᠯ ᠢᠯᠡᠷᠡᠵᠦ᠍᠂ ᠶᠠᠭ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠣᠯᠠᠨ ᠲᠦᠮᠡᠨ᠎ᠦ ᠪᠤᠴᠠᠬᠤ ᠣᠷᠭᠢᠯ᠎ᠤᠨ ᠬᠤᠭᠤᠴᠠᠭ᠎ᠠ᠎ᠳᠤ ᠲᠣᠬᠢᠶᠠᠯᠳᠤᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠲᠦᠭ᠌ᠰᠢᠭᠦᠷᠢ ᠭᠡᠨᠡᠳᠲᠡ ᠨᠡᠮᠡᠭ᠌ᠳᠡᠪᠡ᠃

ᠴᠠᠰᠤᠨ᠎ᠤ ᠪᠠᠢᠳᠠᠯ ᠪᠣᠯ ᠳᠠᠷᠤᠢ ᠵᠠᠷᠯᠢᠭ ᠮᠦᠨ᠂ ᠬᠢᠩᠭᠠᠨ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠡᠮᠬᠢ ᠳᠢᠭ᠌ᠯᠢᠮ᠎ᠦᠨ ᠶᠡᠬᠡ ᠠᠩᠭᠢ ᠲᠡᠷᠡ ᠳᠠᠷᠤᠶ᠎ᠳᠤᠨᠢ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠡᠬᠢᠯᠡᠭᠦᠯᠵᠦ᠍᠂ ᠣᠯᠠᠨ ᠵᠠᠮ ᠬᠤᠪᠢᠶᠠᠨ ᠪᠥᠬᠥ᠌ ᠠᠢᠮᠠᠭ᠎ᠤᠨ 6 ᠬᠣᠱᠢᠭᠤ ᠱᠢᠶᠠᠨ ᠬᠣᠲᠠ᠎ᠳᠤ ᠬᠦᠷᠴᠦ᠍᠂ ᠡᠮᠦᠨ᠎ᠡ ᠹᠷᠣᠨᠲ᠎ᠲᠤ ᠭᠦᠨᠵᠡᠭᠡᠢᠷᠡᠨ ᠵᠢᠯᠣᠭᠣᠳᠤᠨ ᠪᠠᠢᠴᠠᠭᠠᠵᠤ᠂ ᠦᠨᠳᠦᠰᠦᠨ ᠱᠠᠲᠤᠨ᠎ᠤ ᠵᠠᠮ ᠬᠠᠷᠢᠯᠴᠠᠭᠠᠨ᠎ᠤ ᠴᠠᠭ᠍ᠳᠠᠭ᠎ᠠ᠎ᠲᠠᠶ ᠮᠥᠷᠥ᠍ ᠵᠡᠷᠭᠡᠴᠡᠨ ᠪᠠᠢᠯᠳᠤᠵᠤ᠂ ᠴᠠᠰᠤ ᠱᠢᠭᠤᠷᠭ᠎ᠠ᠎ᠶ᠋ᠢ ᠬᠠᠮᠲᠤ᠎ᠪᠠᠷ ᠡᠰᠡᠷᠭᠦᠴᠡᠵᠦ᠍᠂ ᠣᠯᠠᠨ ᠲᠦᠮᠡᠨ᠎ᠦ ᠠᠶᠠᠨ ᠵᠠᠮ᠎ᠤᠨ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠪᠠ᠃

ᠤᠯᠠᠭᠠᠨᠬᠣᠲᠠ᠎ᠶ᠋ᠢᠨ ᠡᠯ᠎ᠡ ᠵᠡᠭᠡᠯᠢ ᠭᠤᠳᠤᠮᠵᠢ᠎ᠳᠤ᠂ ᠴᠠᠰᠤ ᠱᠢᠭᠤᠷᠭᠠᠨ᠎ᠳᠠᠬᠢ 《ᠴᠡᠭᠡᠨ ᠭᠡᠷᠡᠯᠳᠦ ᠬᠤᠪᠴᠠᠰᠤᠳᠠᠨ》 ᠢᠮᠠᠭ᠍ᠲᠠ ᠬᠠᠷᠠᠭᠤᠯ᠎ᠳᠠᠭᠠᠨ ᠪᠠᠢᠪᠠ᠃ ᠤᠯᠠᠭᠠᠨᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠵᠠᠮ ᠬᠠᠷᠢᠯᠴᠠᠭᠠᠨ᠎ᠤ ᠴᠠᠭ᠍ᠳᠠᠭ᠎ᠠ ᠰᠠᠯᠬᠢ ᠱᠢᠭᠤᠷᠭᠠᠨ᠎ᠢ ᠰᠥᠷᠴᠦ᠍᠂ ᠭᠤᠤᠯᠳᠠᠯᠭ᠎ᠠ᠎ᠲᠠᠶ ᠵᠠᠮ᠎ᠤᠨ ᠠᠭᠤᠯᠵᠠᠷ᠂ ᠲᠡᠷᠭᠡ ᠬᠥᠰᠭᠡ ᠨᠢᠭ᠍ᠲᠠᠷᠠᠭ᠍ᠰᠠᠨ ᠵᠠᠮ᠎ᠤᠨ ᠬᠡᠰᠡᠭ᠎ᠲᠦ ᠲᠣᠭ᠍ᠲᠠᠭ᠍ᠰᠠᠨ ᠴᠡᠭ᠎ᠢᠶᠡᠷ ᠵᠢᠵᠢᠭᠦᠷᠯᠡᠨ ᠰᠠᠬᠢᠵᠤ᠂ ᠵᠢᠯᠣᠭᠣᠳᠤᠨ ᠰᠢᠯᠤᠭᠤᠳᠬᠠᠬᠤ᠎ᠪᠠᠨ ᠴᠢᠩᠭᠠᠳᠭᠠᠵᠤ᠂ ᠲᠡᠷᠭᠡ ᠬᠥᠰᠭᠡ᠎ᠶ᠋ᠢᠨ ᠡᠮᠬᠢ ᠵᠢᠷᠤᠮ᠎ᠲᠠᠶ ᠨᠡᠪᠲᠡᠷᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠪᠠ᠃ ᠨᠠᠮ ᠭᠠᠵᠠᠷ᠎ᠤᠨ ᠵᠠᠮ᠂ ᠡᠭ᠌ᠴᠡ ᠬᠥᠲᠥᠯ ᠣᠭ᠍ᠵᠣᠮ ᠮᠤᠷᠤᠢᠯᠲᠠ ᠵᠡᠷᠭᠡ ᠠᠮᠠᠷᠬᠠᠨ ᠴᠠᠰᠤ ᠬᠤᠷᠠᠵᠤ ᠮᠥᠰᠥ᠍ ᠬᠥᠯᠳᠡᠬᠦ᠌᠂ ᠡᠨᠳᠡᠯ ᠠᠮᠠᠷᠬᠠᠨ ᠭᠠᠷᠬᠤ ᠭᠤᠤᠯᠳᠠᠯᠭ᠎ᠠ᠎ᠲᠠᠶ ᠵᠠᠮ᠎ᠤᠨ ᠬᠡᠰᠡᠭ᠎ᠲᠦ ᠴᠢᠭ᠌ᠯᠡᠭᠦᠯᠦᠨ᠂ ᠲᠠᠳᠠ 《ᠲᠣᠭ᠍ᠲᠠᠭ᠍ᠰᠠᠨ ᠴᠡᠭ᠎ᠲᠤ ᠵᠢᠵᠢᠭᠦᠷᠯᠡᠨ ᠰᠠᠬᠢᠬᠤ + ᠨᠡᠭᠦᠳᠡᠯ ᠲᠣᠭᠣᠷᠢᠨ ᠴᠠᠭ᠍ᠳᠠᠬᠤ》 ᠵᠠᠭ᠍ᠪᠤᠷ᠎ᠢ ᠠᠪᠴᠤ᠌᠂ ᠲᠣᠭᠣᠷᠢᠨ ᠴᠠᠭ᠍ᠳᠠᠬᠤ ᠤᠳᠠᠭ᠎ᠠ᠎ᠪᠠᠨ ᠨᠡᠮᠡᠭᠳᠡᠭᠦᠯᠵᠦ᠂ ᠠᠮᠤᠷ ᠲᠦᠪᠱᠢᠨ᠎ᠦ ᠬᠡᠮ ᠰᠣᠭᠣᠭ᠎ᠢ ᠴᠠᠭ ᠲᠤᠬᠠᠶ᠎ᠳᠤᠨᠢ ᠵᠢᠭ᠍ᠰᠠᠭᠠᠨ ᠪᠠᠢᠴᠠᠭᠠᠵᠤ᠂ ᠬᠥᠩᠭᠡᠪᠲᠦᠷ ᠵᠠᠮ ᠬᠠᠷᠢᠯᠴᠠᠭᠠᠨ᠎ᠤ ᠡᠨᠳᠡᠯ᠎ᠢ ᠲᠦᠷᠭᠡᠨ ᠱᠢᠶ᠋ᠳᠪᠦᠷᠢᠯᠡᠵᠦ᠍᠂ ᠵᠠᠮ᠎ᠤᠨ ᠲᠦᠭ᠌ᠵᠢᠷᠡᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠵᠤ᠂ ᠪᠤᠴᠠᠬᠤ ᠵᠠᠮ᠎ᠤᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠪᠠ᠃

ᠴᠠᠰᠤ ᠱᠢᠭᠤᠷᠭᠠᠨ᠎ᠤ ᠳᠤᠮᠳᠠ᠂ ᠵᠢᠵᠢᠭᠦᠷᠯᠡᠵᠦ᠍ ᠪᠠᠢᠭ᠎ᠠ ᠵᠠᠮ ᠬᠠᠷᠢᠯᠴᠠᠭᠠᠨ᠎ᠤ ᠴᠠᠭ᠍ᠳᠠᠭ᠎ᠠ ᠤᠯᠠᠨ ᠲᠦᠮᠡᠨ᠎ᠦ 《ᠳᠣᠲᠣᠨᠣ ᠬᠥᠮᠦᠨ》 ᠪᠤᠯᠵᠠᠢ᠄ ᠨᠠᠭᠠᠰᠢ ᠴᠠᠭᠠᠰᠢ ᠥᠩᠭᠡᠷᠡᠬᠦ᠌ ᠮᠠᠱᠢᠨ ᠲᠡᠷᠭᠡᠨ᠎ᠦ ᠫᠠᠢᠰᠠ ᠴᠠᠰᠤᠨ᠎ᠳᠤ ᠬᠠᠯᠬᠠᠯᠠᠭ᠍ᠳᠠᠵᠤ ᠪᠠᠢᠬᠤ᠎ᠶ᠋ᠢ ᠣᠯᠵᠤ ᠦᠵᠡᠪᠡᠯ᠂ ᠳᠡᠳᠡ ᠣᠴᠢᠵᠤ ᠠᠷᠴᠢᠨ ᠴᠡᠪᠡᠷᠯᠡᠨ᠎ᠡ; ᠬᠤᠪᠢ᠎ᠶ᠋ᠢᠨ ᠮᠠᠰᠢᠨ ᠲᠡᠷᠭᠡ ᠭᠤᠯᠭᠤᠵᠤ ᠡᠪᠳᠡᠷᠡᠬᠦ᠎ᠲᠠᠶ ᠲᠠᠭᠠᠷᠠᠯᠳᠤᠪᠠᠯ᠂ ᠲᠡᠳᠡ ᠬᠦᠴᠦ᠍᠎ᠪᠡᠨ ᠬᠠᠮᠲᠤᠳᠭᠠᠨ ᠬᠦᠴᠢᠷᠳᠡᠯ᠎ᠢ ᠨᠢ ᠰᠢᠢᠳᠪᠦᠷᠢᠯᠡᠳᠡᠭ; ᠬᠥᠳᠡᠯᠵᠦ᠍ ᠪᠠᠷᠢᠬᠤ᠎ᠳᠤ ᠳᠥᠭᠥᠮ ᠦᠭᠡᠢ ᠨᠠᠰᠤᠲᠠᠨ᠎ᠤ ᠵᠠᠮ ᠥᠩᠭᠡᠷᠡᠬᠦ᠌᠎ᠶ᠋ᠢ ᠤᠯᠵᠤ ᠦᠵᠡᠪᠡᠯ᠂ ᠲᠡᠳᠡ ᠨᠠᠰᠤᠲᠠᠨ᠎ᠢ ᠲᠦᠱᠢᠵᠦ᠍ ᠬᠠᠷᠠᠭᠠᠯᠵᠠᠨ ᠬᠦᠷᠭᠡᠳᠡᠭ᠃

ᠡᠯ᠎ᠡ ᠬᠣᠱᠢᠭᠤ ᠱᠢᠶᠠᠨ ᠬᠣᠲᠠ᠎ᠶ᠋ᠢᠨ ᠭᠤᠤᠯᠳᠠᠯᠭ᠎ᠠ᠎ᠲᠠᠶ ᠵᠠᠮ᠎ᠤᠨ ᠬᠡᠰᠡᠭ ᠪᠣᠯᠤᠨ ᠵᠠᠮ ᠬᠠᠷᠢᠯᠴᠠᠭᠠᠨ᠎ᠤ ᠴᠢᠬᠤᠯᠠ ᠵᠠᠮ᠎ᠳᠤ᠂ ᠰᠡᠷᠡᠮᠵᠢ᠎ᠶ᠋ᠢᠨ᠎ᠳ᠋ᠸᠨᠭ ᠰᠠᠯᠬᠢ ᠱᠢᠭᠤᠷᠭᠠᠨ᠎ᠤ ᠳᠤᠮᠳᠠ ᠭᠢᠯᠠᠯᠵᠠᠨ᠎ᠠ᠃ ᠬᠢᠩᠭᠠᠨ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠡᠮᠬᠢ ᠳᠢᠭ᠌ᠯᠢᠮ᠎ᠦᠨ ᠶᠡᠬᠡ ᠠᠩᠭᠢ ᠵᠢᠨ ᠬᠢᠨ 《ᠲᠣᠭᠣᠷᠢᠨ ᠴᠠᠭ᠍ᠳᠠᠬᠤ ᠴᠠᠭ᠍ᠳᠠᠭᠠᠨ᠎ᠤ ᠲᠡᠷᠭᠡ ᠵᠠᠮ ᠳᠠᠭᠠᠭᠤᠯᠬᠤ》᠂ 《ᠬᠠᠰᠭᠢᠷᠤᠨ ᠰᠡᠷᠡᠮᠵᠢᠯᠡᠭᠦᠯᠵᠦ᠍ ᠰᠠᠨᠠᠭᠤᠯᠬᠤ》 ᠵᠡᠷᠭᠡ ᠠᠷᠭ᠎ᠠ ᠬᠡᠯᠪᠡᠷᠢ᠎ᠪᠡᠷ ᠨᠠᠭᠠᠰᠢ ᠴᠠᠭᠠᠰᠢ ᠥᠩᠭᠡᠷᠡᠬᠦ᠌ ᠲᠡᠷᠭᠡ ᠬᠥᠰᠭᠡ᠎ᠶ᠋ᠢᠨ ᠬᠤᠷᠳᠤᠴᠠ᠎ᠪᠠᠨ ᠤᠳᠠᠭᠠᠰᠢᠷᠠᠭᠤᠯᠵᠤ᠂ ᠲᠡᠷᠭᠡᠨ᠎ᠦ ᠵᠠᠶ᠎ᠶ᠋ᠢ ᠪᠠᠲᠤᠯᠠᠬᠤ ᠵᠢ ᠬᠥᠲᠥᠯᠥᠨ ᠵᠢᠯᠣᠭᠣᠳᠪᠠ᠃ ᠮᠤᠷᠤᠶ ᠵᠠᠮ᠂ ᠨᠠᠯᠠᠸ᠋ ᠵᠠᠮ ᠵᠢᠴᠢ ᠬᠥᠭᠥᠷᠭᠡ ᠵᠡᠷᠭᠡ ᠠᠮᠠᠷᠬᠠᠨ ᠮᠥᠰᠥ᠍ ᠬᠥᠯᠳᠡᠬᠦ᠌ ᠵᠠᠩᠭᠢᠯᠠᠭ᠎ᠠ᠎ᠶ᠋ᠢᠨ ᠭᠠᠵᠠᠷ᠎ᠲᠤ᠂ ᠴᠠᠭ᠍ᠳᠠᠭ᠎ᠠ᠎ᠶ᠋ᠢᠨ ᠬᠦᠴᠦ ᠪᠠᠨ ᠨᠡᠮᠡᠨ ᠲᠣᠮᠢᠯᠠᠵᠤ ᠴᠢᠩᠭ᠎ᠠ ᠰᠡᠷᠭᠡᠢᠯᠡᠨ ᠰᠠᠬᠢᠵᠤ᠂ ᠴᠠᠰᠤ ᠬᠠᠢᠯᠤᠭᠤᠯᠬᠤ ᠡᠳ᠋ ᠰᠦᠷᠴᠢᠬᠦ᠎ᠪᠡᠷ ᠳᠠᠮᠵᠢᠨ᠂ ᠠᠮᠤᠷ ᠲᠦᠪᠱᠢᠨ᠎ᠦ ᠬᠡᠮ ᠰᠤᠭᠤᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠷᠢᠯᠭᠠᠪᠠ᠃

ᠡᠨᠡ ᠬᠦ᠌ ᠴᠠᠭᠠᠨ ᠰᠠᠷ᠎ᠠ᠎ᠶ᠋ᠢᠨ ᠠᠮᠠᠷᠠᠯᠲᠠ᠎ᠵᠢᠨ ᠳᠠᠷᠠᠭᠠᠬᠢ ᠪᠤᠴᠠᠬᠤ ᠠᠶᠠᠨ᠎ᠳᠤ᠂ ᠭᠡᠷᠡᠯᠳᠦᠨ ᠭᠢᠯᠠᠯᠵᠠᠵᠤ ᠪᠠᠢᠭ᠎ᠠ ᠰᠡᠷᠡᠮᠵᠢ᠎ᠶ᠋ᠢᠨ ᠳ᠋ᠧᠩ ᠨᠢ ᠴᠠᠰᠤ ᠱᠢᠭᠤᠷᠭᠠᠨ᠎ᠳᠠᠬᠢ ᠬᠠᠮᠤᠭ᠎ᠤᠨ ᠳᠤᠯᠠᠭᠠᠨ 《ᠠᠮᠤᠷ ᠲᠦᠪᠱᠢᠨ᠎ᠦ ᠳᠡᠮᠳᠡᠭ》 ᠪᠣᠯᠪᠠ᠃ ᠬᠢᠩᠭᠠᠨ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠴᠠᠭ᠍ᠳᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠦᠢᠯᠡ ᠠᠵᠢᠯᠯᠠᠭ᠎ᠠ᠎ᠪᠠᠷ᠎ᠢᠶᠠᠨ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠣᠯᠠᠨ ᠲᠦᠮᠡᠨ᠎ᠦ ᠠᠮᠤᠷ ᠲᠦᠪᠱᠢᠨ᠎ᠢᠶᠡᠷ ᠭᠠᠳᠠᠭ᠍ᠰᠢ ᠭᠠᠷᠬᠤ᠎ᠶ᠋ᠢ ᠪᠦᠬᠦ᠌ ᠬᠦᠴᠦᠨ᠎ᠢᠶᠡᠷ᠎ᠢᠶᠡᠨ ᠪᠠᠳᠤᠯᠠᠨ᠂ ᠲᠦᠭ ᠲᠦᠮᠡᠨ ᠠᠢᠯ ᠡᠷᠦᠬᠡ᠎ᠢ ᠰᠠᠬᠢᠨ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号