ᠴᠠᠭᠠᠨ ᠰᠠᠷ᠎ᠠ ᠵᠢᠨ ᠱᠢᠨ᠎ᠡ ᠵᠢᠨ ᠲᠠᠪᠤᠨ ᠳ᠋ᠤ᠂ ᠴᠠᠭᠠᠨ ᠰᠠᠷ᠎ᠠ ᠵᠢᠨ ᠪᠠᠶᠠᠷ ᠨᠠᠷᠬᠢᠶᠠᠨᠳᠤ ᠠᠭᠤᠷ ᠠᠮᠢᠰᠭᠤᠯ ᠦᠳᠭᠡᠨ ᠪᠠᠢᠪᠠᠴᠤ ᠴᠡᠭᠡ ᠪᠣᠭᠣᠮᠲᠠ ᠮᠠᠰᠢ ᠶᠠᠭᠠᠷᠠᠯᠲᠠᠶ ᠪᠤᠯᠪᠠ᠃ ᠠᠴᠢᠶᠠᠨ ᠤ᠋ ᠮᠠᠰᠢᠨ ᠡᠮᠬᠢ ᠵᠢᠷᠤᠮᠲᠠᠶ ᠪᠡᠷ ᠰᠦᠯᠵᠢᠯᠳᠦᠨ᠂ ᠤᠯᠤᠰ ᠤ᠋ᠨ ᠡᠭᠦᠳᠡ ᠵᠢᠨ ᠬᠠᠮᠠᠭᠠᠯᠠᠭ᠍ᠴᠢ ᠬᠢᠯᠢ ᠵᠢᠨ ᠪᠣᠭᠣᠮᠲᠠ ᠵᠢᠨ ᠠᠵᠢᠯᠲᠠᠳᠪᠦᠷ ᠠᠵᠢᠯ ᠤ᠋ᠨ ᠪᠠᠢᠷᠢ ᠪᠡᠨ ᠪᠠᠲᠤ ᠰᠠᠬᠢᠵᠤ᠂ ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠠᠷᠠᠯᠵᠢᠶᠠᠨ ᠤ᠋ ᠬᠢᠯᠢ ᠵᠢᠨ ᠪᠣᠭᠣᠮᠲᠠ ᠵᠢᠨ ᠠᠮᠤᠷ ᠲᠦᠪᠱᠢᠨ᠂ ᠥᠨᠳᠥᠷ ᠪᠦᠲᠦᠮᠵᠢᠲᠡᠶ᠂ ᠤᠷᠤᠭ᠍ᠰᠢᠲᠠᠶ ᠶᠠᠪᠤᠭᠳᠠᠬᠤ ᠶ᠋ᠢ ᠪᠥᠬᠥ᠌ ᠬᠦᠴᠦᠨ ᠵᠢᠡᠷ ᠵᠢᠡᠨ ᠪᠠᠲᠤᠯᠠᠨ᠎ᠠ᠃

ᠴᠡᠭᠡ ᠬᠢᠯᠢ ᠵᠢᠨ ᠪᠣᠭᠣᠮᠲᠠ ᠪᠣᠯ ᠪᠦᠬᠦ᠌ ᠤᠯᠤᠰ ᠤ᠋ᠨ ᠳᠥᠷᠪᠡᠳᠦᠭᠡᠷ᠂ ᠥᠪᠥᠷ ᠮᠣᠩᠭᠣᠯ ᠤ᠋ᠨ ᠭᠤᠷᠪᠠᠳᠤᠭᠠᠷ ᠡᠬᠡ ᠬᠠᠭᠤᠷᠠᠢ ᠵᠢᠨ ᠬᠢᠯᠢ ᠵᠢᠨ ᠪᠣᠭᠣᠮᠲᠠ ᠪᠤᠯᠬᠤ ᠪᠡᠷ ᠪᠠᠷᠠᠬᠤ ᠦᠭᠡᠢ ᠨᠡᠩ ᠴᠤ᠌ ᠳᠤᠮᠳᠠᠳᠤ ᠮᠣᠩᠭᠣᠯ ᠬᠣᠶᠠᠷ ᠤᠯᠤᠰ ᠤ᠋ᠨ ᠬᠠᠮᠤᠭ ᠤ᠋ᠨ ᠴᠢᠬᠤᠯᠠ ᠠᠷᠠᠯᠵᠢᠶᠠᠨ ᠤ᠋ ᠵᠠᠮ ᠤ᠋ᠨ ᠨᠢᠭᠡ ᠪᠣᠯᠤᠨ᠎ᠠ᠃ ᠮᠠᠨ ᠤ᠋ ᠤᠯᠤᠰ ᠤ᠋ᠨ ᠪᠠᠷᠠᠭᠤᠨ ᠬᠣᠢᠲᠤ ᠣᠷᠣᠨ ᠤ᠋ ᠤᠯᠤᠰ ᠤ᠋ᠨ ᠳᠣᠲᠣᠭᠠᠳᠤ ᠭᠠᠳᠠᠭᠠᠳᠤ ᠵᠢᠨ ᠴᠢᠬᠤᠯᠠ ᠵᠠᠮ ᠬᠠᠷᠢᠯᠴᠠᠭᠠᠨ ᠤ᠋ ᠬᠦᠶ᠋ᠰᠦ᠂ ᠠᠷᠠᠯᠵᠢᠶ᠎ᠠ ᠬᠤᠳᠠᠯᠳᠤᠭᠠᠨ ᠤ᠋ ᠲᠥᠪ᠂ ᠡᠳ᠋ ᠪᠠᠷᠠᠭ᠎ᠠ ᠶ᠋ᠢ ᠲᠥᠪᠯᠡᠷᠡᠭᠦᠯᠤᠨ ᠲᠠᠷᠬᠠᠭᠠᠬᠤ ᠭᠠᠵᠠᠷ ᠪᠠ ᠡᠬᠢ ᠪᠠᠶᠠᠯᠢᠭ ᠤ᠋ᠨ ᠲᠤᠮᠤ ᠵᠠᠮ ᠱᠤᠭᠤᠮ ᠪᠣᠯᠤᠭ᠍ᠰᠠᠨ ᠤ᠋ ᠬᠤᠪᠢ ᠳ᠋ᠤ᠂ ᠳᠤᠮᠳᠠᠳᠤ ᠮᠣᠩᠭᠣᠯ ᠬᠣᠶᠠᠷ ᠤᠯᠤᠰ ᠤ᠋ᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠡᠳ᠋ ᠪᠠᠷᠠᠭᠠᠨ ᠤ᠋ ᠲᠡᠭᠡᠭᠡᠪᠦᠷᠢ ᠪᠠ ᠠᠶᠠᠨᠴᠢᠳ ᠤ᠋ᠨ ᠨᠡᠪᠲᠡᠷᠡᠬᠦ᠌ ᠴᠢᠬᠤᠯᠠ ᠡᠭᠦᠷᠭᠡ ᠶ᠋ᠢ ᠡᠭᠦᠷᠭᠡᠯᠡᠵᠦ᠍ ᠪᠠᠢᠨ᠎ᠠ᠂ 《ᠠᠷᠪᠠ ᠪᠡᠷ ᠤᠷᠤᠭᠤᠯᠵᠤ ᠵᠢᠷᠭᠤᠭ᠎ᠠ ᠪᠡᠷ ᠭᠠᠷᠭᠠᠬᠤ》 ᠨᠡᠭᠦᠷᠡᠰᠦ ᠲᠡᠭᠡᠭᠡᠪᠦᠷᠢᠯᠡᠬᠦ᠌ ᠵᠠᠮ ᠪᠣᠯ ᠨᠠᠩ ᠴᠤ᠌ ᠡᠨᠡ ᠬᠦ᠌ ᠠᠷᠠᠯᠵᠢᠶᠠᠨ ᠤ᠋ ᠭᠤᠤᠯ ᠰᠤᠳᠠᠰᠤ ᠳᠡᠭᠡᠷᠡᠬᠢ ᠬᠠᠮᠤᠭ ᠤ᠋ᠨ ᠶᠠᠭᠠᠷᠠᠯᠲᠠᠶ ᠵᠠᠮ ᠤ᠋ᠨ ᠬᠡᠰᠡᠭ ᠪᠠᠢᠵᠤ᠂ ᠴᠠᠭᠠᠨ ᠰᠠᠷ᠎ᠠ ᠵᠢᠨ ᠬᠤᠭᠤᠴᠠᠭᠠᠨ ᠳ᠋ᠤ ᠴᠤ᠌ ᠲᠡᠷᠭᠡ ᠤᠨᠤᠭ᠎ᠠ ᠲᠠᠰᠤᠷᠠᠯᠲᠠ ᠥᠬᠡᠶ ᠴᠤᠪᠤᠷᠠᠵᠤ ᠪᠠᠢᠳᠠᠭ᠃
ᠲᠤᠬᠠᠢ ᠵᠢᠨ ᠡᠳᠦᠷᠦᠨ ᠦᠳᠡ ᠵᠢᠨ ᠡᠮᠦᠨᠡᠬᠢ 10 ᠴᠠᠭ ᠤ᠋ᠨ ᠦᠶᠡᠪᠡᠷ᠂ ᠴᠡᠬᠡ ᠬᠢᠯᠢ ᠵᠢᠨ ᠪᠣᠭᠣᠮᠲᠠᠵᠢᠨ ᠤᠶᠤᠨᠴᠢ ᠰᠢᠯᠭᠠᠨ ᠪᠠᠢᠴᠠᠭᠠᠬᠤ ᠪᠤᠭᠤᠮᠲᠠᠳᠦ᠂ ᠮᠣᠩᠭᠣᠯ ᠤᠯᠤᠰ ᠤ᠋ᠨ ᠵᠢᠯᠣᠭᠣᠴᠢ ᠭᠠᠩᠵᠤᠷᠢᠭ ᠨᠡᠭᠦᠷᠡᠰᠦ ᠠᠴᠢᠭ᠍ᠰᠠᠨ ᠬᠦᠨᠳᠦ ᠬᠡᠯᠪᠡᠷᠢ ᠵᠢᠨ ᠠᠴᠢᠶᠠᠨ ᠤ᠋ ᠮᠠᠱᠢᠨ ᠲᠡᠷᠭᠡ ᠵᠢᠯᠣᠭᠣᠳᠴᠤ᠌᠂ ᠪᠠᠢᠴᠠᠭᠠᠨ ᠱᠢᠯᠭᠠᠬᠤ ᠲᠣᠭᠣᠷᠢᠭ ᠲᠤ᠌ ᠠᠯᠭᠤᠷᠬᠠᠨ ᠣᠷᠣᠵᠤ᠂ ᠪᠦᠬᠦ᠌ ᠶᠠᠪᠤᠴᠠ ᠳ᠋ᠤ ᠲᠡᠷᠭᠡᠨ ᠡᠴᠡ ᠪᠠᠭᠤᠬᠤ ᠦᠭᠡᠢ ᠪᠡᠷ ᠦᠨᠡᠮᠯᠡᠯ ᠰᠢᠷᠪᠢᠬᠦ᠂ ᠬᠢᠨᠠᠨ ᠱᠢᠯᠭᠠᠬᠤ᠂ ᠶᠠᠪᠤᠭᠤᠯᠬᠤ ᠶ᠋ᠢ ᠵᠦᠪᠰᠢᠶᠡᠷᠡᠬᠦ ᠁ ᠵᠡᠷᠭᠡ ᠶᠠᠪᠤᠴᠠ ᠶ᠋ᠢ ᠨᠢᠭᠡ ᠯᠡ ᠳᠤᠤᠷ᠎ᠠ ᠭᠦᠢᠴᠡᠳᠭᠡᠵᠦ᠍᠂ ᠪᠣᠭᠣᠮᠲᠠ ᠪᠡᠷ ᠥᠩᠭᠡᠷᠡᠬᠦ᠌ ᠪᠦᠬᠦ᠌ ᠶᠠᠪᠤᠴᠠ ᠶ᠋ᠢ ᠮᠠᠰᠢ ᠲᠦᠷᠭᠡᠨ ᠪᠡᠶᠡᠯᠡᠭᠦᠯᠪᠡ᠃ 《ᠥᠩᠭᠡᠷᠡᠭ᠌ᠰᠡᠨᠳᠦ ᠪᠣᠭᠣᠮᠲᠠ ᠪᠡᠷ ᠥᠩᠭᠡᠷᠡᠬᠦ᠌ᠳᠦ ᠬᠡᠳᠦᠨ ᠴᠠᠭ ᠵᠢᠡᠷ ᠮᠥᠷᠯᠡᠵᠦ᠍ ᠬᠦᠯᠢᠶᠡᠳᠡᠭ᠂ ᠡᠪᠦᠯᠪᠤᠯᠪᠠᠯ ᠨᠡᠩ ᠬᠡᠴᠡᠭᠦᠦ ᠲᠡᠷᠭᠡᠨᠳᠡᠭᠡᠨ ᠬᠥᠯ ᠵᠢᠡᠨ ᠳᠡᠪᠢᠰᠴᠤ ᠰᠠᠭᠤᠬᠤ ᠡᠴᠡ ᠦᠭᠡᠷ᠎ᠠ ᠠᠷᠭ᠎ᠠ ᠦᠭᠡᠢ᠂ ᠮᠠᠲ᠋ᠧᠷᠢᠶᠠᠯᠢ ᠪᠠᠰᠠ ᠳᠠᠬᠢᠨ ᠳᠠᠪᠲᠠᠨ ᠬᠠᠷᠭᠤᠭᠤᠯᠬᠤ ᠬᠡᠷᠡᠭ᠌ᠲᠡᠶ᠂ ᠣᠲᠣ ᠬᠠᠷᠢᠨ ᠪᠦᠬᠦ ᠶᠠᠪᠤᠴᠠ ᠵᠢ ᠬᠡᠳᠦᠬᠡᠨ ᠮᠢᠨᠦ᠋ᠲ ᠲᠦ᠍ ᠪᠡᠶᠡᠯᠡᠬᠦᠯᠴᠢᠬᠡᠨ᠎ᠡ᠂ ᠲᠥᠬᠥᠮ ᠮᠦᠷᠲᠡᠭᠡᠨ ᠰᠠᠨᠠᠭ᠎ᠠ ᠠᠮᠤᠷ ᠪᠤᠯᠤᠭᠰᠠᠨ ᠰᠢᠤ》 ᠭᠡᠵᠦ᠍ ᠭᠠᠩᠵᠤᠷᠢᠭ ᠬᠡᠯᠡᠪᠡ᠃

ᠳᠤᠮᠳᠠᠳᠤ ᠮᠣᠩᠭᠣᠯ ᠤ᠋ᠨ ᠬᠢᠯᠢ ᠳᠡᠭᠡᠷ᠎ᠡ ᠵᠢᠯ ᠲᠤᠷᠰᠢ ᠨᠠᠭᠠᠰᠢ ᠴᠠᠭᠠᠰᠢ ᠵᠣᠷᠴᠢᠳᠠᠭ ᠭᠠᠩᠵᠤᠷᠢᠭ ᠱᠢᠭ᠋ ᠬᠠᠰᠢᠷ ᠵᠢᠯᠣᠭᠣᠴᠢ ᠴᠡᠬᠡ ᠬᠢᠯᠢ ᠵᠢᠨ ᠪᠣᠭᠣᠮᠲᠠ ᠵᠢᠨ ᠬᠥᠭ᠌ᠵᠢᠯᠲᠡ ᠬᠤᠪᠢᠷᠠᠯᠲᠠ ᠶ᠋ᠢ ᠭᠡᠷᠡᠴᠢᠯᠡᠪᠡ᠃ ᠣᠢᠷ᠎ᠠ ᠵᠢᠨ ᠵᠢᠯᠳᠦ᠂ ᠴᠡᠬᠡ ᠬᠢᠯᠢ ᠵᠢᠨ ᠪᠣᠭᠣᠮᠲᠠ AGV ᠵᠢᠯᠣᠭᠣᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ ᠶ᠋ᠢ ᠬᠡᠪᠴᠢᠶᠡᠵᠢᠭᠦᠯᠦᠨ ᠬᠡᠷᠡᠭᠯᠡᠵᠤ᠂ ᠤᠶᠤᠨᠴᠢ ᠪᠣᠭᠣᠮᠲᠠ᠂ ᠰᠠᠭᠠᠳ ᠦᠭᠡᠢ ᠪᠤᠭᠤᠮᠲᠠ ᠪᠡᠷ ᠦᠩᠭᠡᠷᠡᠬᠦ᠂ 《ᠨᠢᠭᠡ ᠥᠷᠲᠡᠭᠡᠴᠢᠯᠡᠭᠰᠡᠨ ᠮᠠᠶᠢᠬ》 ᠤ᠋ᠨ ᠬᠠᠮᠲᠤᠷᠠᠭ᠍ᠰᠠᠨ ᠪᠠᠢᠴᠠᠭᠠᠨ ᠱᠢᠯᠭᠠᠯᠲᠠ ᠵᠡᠷᠭᠡ ᠠᠷᠭ᠎ᠠ ᠬᠡᠮᠵᠢᠶ᠎ᠡ ᠶ᠋ᠢ ᠵᠠᠯᠭᠠᠭ᠎ᠠ ᠪᠡᠷ ᠨᠠᠢᠳᠠᠪᠤᠷᠢᠵᠢᠭᠤᠯᠬᠤ ᠶ᠋ᠢ ᠳᠠᠭᠠᠯᠳᠤᠨ᠂ ᠬᠢᠯᠢ ᠵᠢᠨ ᠪᠠᠢᠴᠠᠭᠠᠯᠲᠠ᠂ ᠪᠣᠭᠣᠮᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠲᠣᠭ᠎ᠠ ᠪᠠᠷᠢᠮᠲᠠ ᠶ᠋ᠢ ᠬᠠᠮᠲᠤ ᠪᠡᠷ ᠡᠳ᠋ᠯᠡᠬᠦ᠌᠂ ᠬᠠᠮᠵᠢᠯᠴᠠᠨ ᠠᠵᠢᠯᠯᠠᠬᠤ᠂ ᠲᠡᠷᠭᠡ ᠬᠥᠰᠭᠡ ᠵᠢᠨ ᠪᠣᠭᠣᠮᠲᠠ ᠪᠡᠷ ᠥᠩᠭᠡᠷᠡᠬᠦ᠌ ᠶᠠᠪᠤᠴᠠ ᠶ᠋ᠢ ᠶᠡᠬᠡᠪᠡᠷ ᠳᠥᠭᠥᠮᠴᠢᠯᠡᠵᠦ᠍᠂ 《ᠢᠷᠡᠮᠡᠭᠴᠡ ᠪᠠᠢᠴᠠᠭᠠᠬᠤ᠂ ᠪᠠᠢᠴᠠᠭᠠᠮᠠᠭᠴᠠ ᠶᠠᠪᠤᠭᠤᠯᠬᠤ》 ᠶ᠋ᠢ ᠦᠨᠡᠨ ᠬᠦ᠌ ᠪᠡᠶᠡᠯᠡᠭᠦᠯᠪᠡ᠃
ᠥᠪᠥᠷ ᠮᠣᠩᠭᠣᠯ ᠤ᠋ᠨ ᠪᠥᠸᠧ ᠶᠤᠸᠠᠨ ᠡᠨᠧᠷᠭᠢ ᠵᠢᠨ ᠬᠢᠵᠠᠭᠠᠷᠲᠤ ᠺᠣᠮᠫᠠᠨᠢ ᠵᠢᠨ ᠲᠡᠷᠭᠡᠨ ᠤ᠋ ᠠᠩᠭᠢ ᠵᠢᠨ ᠳᠠᠷᠤᠭ᠎ᠠ ᠰᠣᠶᠣᠯᠲᠤ ᠡᠨᠡ ᠬᠦ᠌ ᠬᠢᠯᠢ ᠠᠯᠤᠰᠯᠠᠭ᠍ᠰᠠᠨ ᠵᠠᠮ ᠱᠤᠭᠤᠮ ᠳᠡᠭᠡᠷ᠎ᠡ ᠲᠠᠪᠤ ᠵᠢᠷᠭᠤᠭᠠᠨ ᠵᠢᠯ ᠠᠵᠢᠯᠯᠠᠪᠠ᠂ ᠲᠡᠷᠡ᠄ 《ᠡᠨᠡ ᠬᠡᠳᠦᠨ ᠵᠢᠯᠦᠨ ᠬᠢᠯᠢ ᠵᠢᠨ ᠪᠣᠭᠣᠮᠲᠠ ᠵᠢᠨ ᠬᠤᠪᠢᠷᠠᠯᠲᠠ ᠮᠠᠰᠢ ᠶᠡᠬᠡ᠃ ᠥᠩᠭᠡᠷᠡᠭ᠌ᠰᠡᠨᠳᠦ 〈ᠵᠢᠷᠭᠤᠭ᠎ᠠ ᠪᠡᠷ ᠤᠷᠤᠭᠤᠯᠵᠤ ᠳᠥᠷᠪᠡᠪᠡᠷ ᠭᠠᠷᠭᠠᠬᠤ〉 ᠬᠥᠮᠦᠨᠦ ᠬᠦᠴᠦ᠍ᠪᠡᠷ ᠱᠢᠯᠭᠠᠨ ᠥᠩᠭᠡᠷᠡᠭᠦᠯᠬᠦ᠌ ᠵᠠᠮ ᠳᠡᠭᠡᠷ᠎ᠡ ᠲᠡᠷᠭᠡ ᠣᠯᠠᠨ ᠪᠣᠯᠪᠠᠯ ᠮᠠᠰᠢ ᠤᠳᠠᠭᠠᠨ ᠮᠦᠷᠯᠡᠳᠡᠭ ᠪᠠᠢᠵᠠᠢ᠂ ᠣᠲᠣ 〈ᠠᠷᠪᠠ ᠪᠡᠷ ᠤᠷᠤᠭᠤᠯᠵᠤ ᠵᠢᠷᠭᠤᠭ᠎ᠠ ᠪᠡᠷ ᠭᠠᠷᠭᠠᠬᠤ〉 ᠺᠠᠷᠲᠢᠶᠠᠷ ᠱᠢᠯᠭᠠᠨ ᠥᠩᠭᠡᠷᠡᠭᠦᠯᠬᠦ᠌ ᠵᠠᠮ ᠪᠣᠯᠭᠠᠨ ᠲᠠᠰ ᠳᠡᠪᠱᠢᠭᠦᠯᠵᠦ᠍᠂ ᠲᠡᠷᠭᠡ ᠬᠥᠰᠭᠡ ᠰᠧᠺᠦ᠋ᠨ᠋ᠳ᠋ ᠲᠤᠭᠠᠯᠠᠨ ᠪᠣᠭᠣᠮᠲᠠ ᠥᠩᠭᠡᠷᠡᠬᠦ᠌ ᠶ᠋ᠢ ᠪᠡᠶᠡᠯᠡᠭᠦᠯᠵᠦ᠍᠂ ᠤᠶᠤᠨᠴᠢᠯᠠᠭ᠍ᠰᠠᠨ ᠬᠢᠷᠢ ᠲᠦᠪᠱᠢᠨ ᠳᠡᠭᠡᠭ᠌ᠰᠢᠯᠡᠨ᠂ ᠭᠠᠳᠠᠭᠠᠳᠤ ᠡᠴᠡ ᠣᠷᠣᠭᠤᠯᠬᠤ ᠨᠡᠭᠦᠷᠡᠰᠦᠨᠦ ᠪᠣᠭᠣᠮᠲᠠ ᠥᠩᠭᠡᠷᠡᠬᠦ᠌ᠨᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠣᠯᠵᠣ᠂ ᠪᠢᠳᠡ ᠲᠡᠭᠡᠭᠡᠪᠦᠷᠢ ᠬᠢᠬᠦ ᠳ᠋ᠤ ᠴᠤ᠌ ᠨᠠᠩ ᠲᠦᠷᠭᠡᠨ ᠪᠣᠯᠵᠠᠶ》 ᠭᠡᠵᠤ ᠰᠤᠷᠪᠤᠯᠵᠢᠯᠠᠭ᠍ᠴᠢ ᠳ᠋ᠤ ᠬᠡᠯᠡᠨ᠎ᠡ᠃
ᠰᠤᠷᠪᠤᠯᠵᠢᠯᠠᠭ᠍ᠴᠢ ᠲᠤᠬᠠᠶ ᠵᠢᠨ ᠲᠠᠯᠠᠪᠠᠶ ᠳ᠋ᠤ᠂ ᠬᠢᠯᠢ ᠵᠢᠨ ᠪᠣᠭᠣᠮᠲᠠ ᠵᠢᠨ ᠡᠯ᠎ᠡ ᠪᠠᠢᠴᠠᠭᠠᠨ ᠱᠢᠯᠭᠠᠬᠤ ᠠᠵᠢᠯ ᠤ᠋ᠨ ᠪᠠᠢᠷᠢ ᠳᠡᠭᠡᠷ᠎ᠡ᠂ ᠠᠵᠢᠯᠲᠠᠳᠤᠨ ᠮᠡᠳᠡᠭᠡ ᠵᠠᠩᠭᠢ ᠬᠠᠷᠭᠤᠭᠤᠯᠬᠤ᠂ ᠠᠵᠢᠯᠯᠠᠭᠠᠨ ᠤ᠋ ᠲᠥᠬᠥᠭᠡᠷᠦᠮᠵᠢᠬᠠᠷᠭᠤᠭᠤᠯᠵᠤ᠂ ᠲᠡᠷᠭᠡ ᠬᠥᠰᠭᠡ ᠶ᠋ᠢ ᠬᠦᠲᠦᠯᠦᠨ ᠵᠢᠯᠤᠭᠤᠳᠬᠤ ᠬᠥᠳᠡᠯᠦᠯ ᠪᠠᠷᠢᠯ ᠨᠢ ᠲᠦᠢᠯᠤᠨ ᠪᠣᠯᠪᠠᠰᠤᠷᠠᠩᠭᠤᠶ ᠪᠥᠭᠡᠳ ᠵᠢᠷᠤᠮᠵᠢᠭᠤᠨ ᠪᠠᠢᠬᠤ ᠶ᠋ᠢ ᠤᠯᠵᠤ ᠬᠠᠷᠠᠪᠠ᠃ ᠬᠢᠯᠢ ᠵᠢᠨ ᠪᠣᠭᠣᠮᠲᠠ ᠪᠡᠷ ᠥᠩᠭᠡᠷᠡᠬᠦ᠌ ᠵᠢᠨ ᠪᠡᠶᠡᠴᠢᠯᠡᠨ ᠣᠢᠯᠠᠭᠠᠯᠲᠠ ᠵᠢᠨ ᠰᠠᠢᠵᠢᠷᠠᠯᠲᠠᠨᠢ ᠬᠢᠯᠢ ᠵᠢᠨ ᠪᠣᠭᠣᠮᠲᠠ ᠵᠢᠨ ᠡᠯ᠎ᠡ ᠰᠠᠯᠠᠭ᠎ᠠ ᠮᠥᠴᠢᠷᠦᠨ ᠦᠷᠭᠦᠯᠵᠢᠯᠡᠨ ᠱᠢᠨ᠎ᠡ ᠶ᠋ᠢ ᠡᠭᠦᠳᠬᠦ᠌ ᠪᠠ ᠳᠣᠲᠣᠨᠣ ᠦᠶ᠋ᠯᠡᠴᠢᠯᠡᠭᠡ ᠡᠴᠡ ᠰᠠᠯᠵᠤ ᠴᠢᠳᠠᠬᠤ ᠦᠭᠡᠢ᠃

ᠣᠢᠷ᠎ᠠ ᠵᠢᠨ ᠵᠢᠯ ᠡᠴᠡ ᠨᠠᠭᠠᠰᠢ᠂ ᠴᠡᠬᠡ ᠬᠢᠯᠢ ᠵᠢᠨ ᠪᠣᠭᠣᠮᠲᠠ ᠪᠣᠭᠣᠮᠲᠠ ᠥᠩᠭᠡᠷᠡᠬᠦ᠌ ᠶ᠋ᠢ ᠳᠥᠭᠥᠮᠴᠢᠯᠡᠬᠦ᠌ ᠥᠭᠡᠷᠡᠴᠢᠯᠡᠯᠲᠡ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠠᠷᠪᠠ ᠪᠡᠷ ᠣᠷᠣᠭᠤᠯᠵᠤ ᠵᠢᠷᠭᠤᠭᠠᠪᠡᠷ ᠭᠠᠷᠭᠠᠬᠤ》 ᠪᠠᠷᠠᠭᠠᠨ ᠤ᠋ ᠲᠡᠭᠡᠭᠡᠪᠦᠷᠢ ᠵᠢᠨ ᠵᠠᠮ ᠤ᠋ᠨ ᠥᠭᠡᠷᠡᠴᠢᠯᠡᠯᠲᠡ ᠶ᠋ᠢ ᠪᠡᠶᠡᠯᠡᠭᠦᠯᠵᠦ᠍᠂ AGV ᠵᠢᠯᠣᠭᠣᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ᠂ ᠤᠶᠤᠨᠴᠢ ᠰᠢᠯᠭᠠᠨ ᠪᠠᠢᠴᠠᠭᠠᠬᠤ ᠶ᠋ᠢ ᠬᠠᠮᠤᠷᠤᠭ᠍ᠰᠠᠨ ᠪᠥᠬᠥ᠌ ᠶᠠᠪᠤᠴᠠ ᠵᠢᠨ ᠣᠶᠤᠨᠴᠢ ᠱᠢᠰᠲ᠋ᠧᠮᠢ ᠪᠠᠢᠭᠤᠯᠪᠠ᠃ ᠡᠭᠦᠨᠦ ᠬᠠᠮᠲᠤ᠂ ᠪᠠᠷᠠᠭᠠᠨ ᠤ᠋ ᠲᠡᠭᠡᠭᠡᠪᠦᠷᠢ ᠵᠢᠨ ᠵᠢᠯᠣᠭᠣᠴᠢ ᠵᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ ᠳ᠋ᠤ ᠠᠩᠬᠠᠷᠤᠯᠢᠶᠠᠨ ᠲᠥᠪᠯᠡᠷᠡᠭᠦᠯᠵᠦ᠍᠂ ᠶᠠᠪᠤᠴᠠ ᠪᠡᠨᠲᠠᠰᠤᠷᠠᠯᠲᠠ ᠥᠬᠡᠶ ᠱᠢᠯᠢᠳᠡᠭ᠌ᠵᠢᠭᠦᠯᠦᠨ᠂ 《ᠨᠢᠭᠡ ᠯᠡ ᠤᠳᠠᠭ᠎ᠠ ᠪᠠᠢᠴᠠᠭᠠᠨ ᠱᠢᠯᠭᠠᠬᠤ᠂ ᠨᠢᠭᠡ ᠴᠣᠭ᠍ᠴᠠᠵᠢᠭᠤᠯᠤᠨ ᠠᠵᠢᠯᠯᠠᠬᠤ》 ᠶ᠋ᠢ ᠬᠡᠷᠡᠭ᠌ᠵᠢᠭᠦᠯᠵᠦ᠍᠂ ᠲᠡᠷᠭᠡ ᠬᠥᠰᠭᠡ ᠵᠢᠨ ᠬᠦᠯᠢᠶᠡᠬᠦ᠌ ᠴᠠᠭᠢ ᠪᠥᠬᠥ᠌ ᠬᠦᠴᠦᠨ ᠵᠢᠡᠷ ᠵᠢᠡᠨ ᠪᠠᠭᠠᠰᠭᠠᠪᠠ᠃
ᠴᠠᠭᠠᠨ ᠰᠠᠷ᠎ᠠ ᠵᠢᠨ ᠬᠤᠭᠤᠴᠠᠭᠠᠨ ᠳ᠋ᠤ᠂ ᠭᠡᠷ ᠲᠡᠭᠡᠨ ᠬᠠᠷᠢᠵᠤ ᠰᠢᠨᠡᠯᠡᠵᠤ ᠴᠢᠳᠠᠬᠤ ᠦᠭᠡᠢ ᠵᠢᠯᠤᠭᠤᠴᠢ ᠨᠠᠷ ᠲᠤ᠌ ᠦᠨᠡᠨ ᠬᠦ᠌ ᠳᠦᠭᠦᠮ ᠦᠵᠡᠭᠦᠯᠬᠦ ᠵᠢᠨ ᠲᠦᠯᠦᠭᠡ᠂ ᠴᠡᠬᠡ ᠬᠢᠯᠢ ᠵᠢᠨ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ ᠵᠠᠮ ᠬᠠᠷᠢᠯᠴᠠᠭ᠎ᠠ᠂ ᠬᠢᠯᠢ ᠵᠢᠨ ᠪᠠᠢᠴᠠᠭᠠᠯᠲᠠ ᠵᠡᠷᠭᠡ ᠰᠠᠯᠠᠭ᠎ᠠ ᠮᠥᠴᠢᠷᠲᠡᠶ ᠬᠠᠮᠲᠤᠷᠠᠨ᠂ ᠤᠯᠠᠨ ᠤᠯᠤᠰ ᠤ᠋ᠨ ᠵᠠᠮ ᠲᠡᠭᠡᠭᠡᠪᠦᠷᠢ ᠵᠢᠨ 《ᠵᠢᠯᠣᠭᠣᠴᠢ ᠵᠢᠨ ᠪᠠᠭᠤᠴᠠ》 ᠶ᠋ᠢ ᠬᠢᠯᠢ ᠠᠯᠤᠰᠯᠠᠭ᠍ᠰᠠᠨ ᠵᠢᠯᠣᠭᠣᠴᠢ ᠨᠠᠷ ᠤ᠋ᠨ 《ᠰᠡᠳᠭᠢᠯ ᠤ᠋ᠨ ᠳᠤᠯᠠᠭᠠᠨ ᠪᠠᠭᠤᠴᠠ》 ᠪᠣᠯᠭᠠᠵᠠᠢ᠃ ᠡᠨᠳᠡ ᠴᠡᠪᠡᠷ ᠲᠤᠬᠢᠯᠢᠭ ᠣᠷᠣ᠂ ᠦᠨ᠎ᠡ ᠲᠥᠯᠥᠪᠦᠷᠢ ᠦᠭᠡᠢ WiFi᠂ ᠪᠠᠴᠢᠮ ᠪᠠᠢᠳᠠᠯᠢ ᠠᠷᠭᠠᠴᠠᠭᠠᠬᠤ ᠴᠠᠬᠢᠯᠭᠠᠨ ᠴᠡᠨᠡᠭ᠌ᠯᠡᠬᠦ᠌ ᠴᠡᠭ᠂ ᠳᠤᠯᠠᠭᠠᠯᠠᠬᠤ ᠲᠥᠬᠥᠭᠡᠷᠦᠮᠵᠢ ᠶ᠋ᠢ ᠢᠵᠢ ᠪᠦᠷᠢᠯᠳᠦᠭᠦᠯᠪᠡ᠃ ᠰᠠᠢᠨ ᠳᠤᠷᠠᠴᠤᠳ ᠴᠠᠭ ᠢᠮᠠᠭ᠍ᠲᠠ ᠠᠵᠢᠯ ᠤ᠋ᠨ ᠪᠠᠢᠷᠢ ᠪᠡᠨ ᠰᠠᠬᠢᠵᠤ᠂ ᠣᠷᠴᠢᠭᠤᠯᠭ᠎ᠠ ᠵᠢᠨ ᠲᠥᠬᠥᠭᠡᠷᠦᠮᠵᠢ ᠪᠦᠷᠢᠨ ᠭᠦᠶ᠋ᠴᠡᠳ ᠪᠠᠢᠵᠤ᠂ ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠵᠢᠯᠣᠭᠣᠴᠢ ᠨᠠᠷ ᠤ᠋ᠨ ᠦᠭᠡ ᠬᠡᠯᠡ ᠨᠡᠪᠲᠡᠷᠡᠯᠴᠡᠬᠦ ᠳ᠋ᠤ ᠬᠦᠴᠢᠷ ᠠᠰᠠᠭᠤᠳᠠᠯᠢ ᠦᠨᠡᠨ ᠬᠦ᠌ ᠱᠢᠶ᠋ᠳᠪᠦᠷᠢᠯᠡᠬᠦ᠌ᠳᠦ ᠰᠠᠢᠲᠤᠷ ᠦᠶ᠋ᠯᠡᠴᠢᠯᠡᠵᠦ᠍ ᠪᠣᠶ᠃

《ᠵᠢᠯᠣᠭᠣᠴᠢ ᠵᠢᠨ ᠪᠠᠭᠤᠴᠠ》 ᠲᠡᠷᠭᠡ ᠤᠨᠤᠭ᠎ᠠ ᠵᠢᠨ ᠪᠠᠢᠴᠠᠭᠠᠯᠲᠠ ᠬᠦᠯᠢᠶᠡᠬᠦ᠌ ᠲᠣᠭᠣᠷᠢᠭ ᠲᠤ᠌ ᠪᠠᠢᠷᠢᠯᠠᠵᠤ᠂ ᠶᠡᠷᠦᠩᠬᠡᠶ ᠲᠠᠯᠠᠪᠠᠶ ᠨᠢ 2700 ᠲᠡᠭ᠌ᠰᠢ ᠳᠥᠷᠪᠡᠯᠵᠢᠨ ᠮᠧᠲ᠋ᠷ᠂ 100 ᠭᠠᠷᠤᠶ ᠬᠥᠮᠦᠨ ᠬᠣᠭᠣᠯᠠ ᠢᠳᠡᠬᠦ᠂ 70 ᠬᠥᠮᠦᠨ ᠤ᠋ ᠬᠤᠨᠤᠭ ᠤ᠋ᠨ ᠠᠰᠠᠭᠤᠳᠠᠯ ᠢ᠋ ᠰᠢᠢᠳᠪᠦᠷᠢᠯᠡᠵᠤ ᠪᠤᠯᠳᠠᠭ᠃ ᠠᠵᠢᠯᠲᠠᠳ ᠳᠤᠮᠳᠠᠳᠤ ᠮᠣᠩᠭᠣᠯ ᠤ᠋ᠨ ᠠᠴᠢᠶᠠᠨ ᠤ᠋ ᠮᠠᠱᠢᠨ ᠤ᠋ ᠵᠢᠯᠣᠭᠣᠴᠢ ᠵᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ ᠡᠴᠡ ᠭᠠᠷᠳᠠᠵᠤ᠂ 《ᠬᠠᠯᠠᠭᠤᠨ ᠤᠰᠤ ᠤᠤᠭᠤᠬᠤ᠂ ᠬᠠᠯᠠᠭᠤᠨ ᠬᠣᠭᠣᠯᠠ ᠢᠳᠡᠬᠦ᠌᠂ ᠬᠠᠯᠠᠭᠤᠨ ᠤᠰᠤᠨ ᠳ᠋ᠤ ᠤᠷᠤᠬᠤ᠂ ᠰᠠᠨᠠᠭ᠎ᠠ ᠠᠮᠤᠷ ᠤᠨᠲᠠᠵᠤ ᠠᠮᠠᠷᠠᠬᠤ》 ᠰᠡᠳᠭᠢᠯᠢ ᠳᠤᠯᠠᠭᠠᠴᠠᠭᠤᠯᠬᠤ ᠦᠶ᠋ᠯᠡᠴᠢᠯᠡᠭᠡ ᠬᠠᠩᠭᠠᠵᠤ᠂ ᠬᠤᠳᠠᠯᠳᠤᠭ᠎ᠠ ᠡᠷᠬᠢᠯᠡᠬᠦ ᠰᠠᠢᠨ ᠰᠠᠢᠬᠠᠨ ᠣᠷᠴᠢᠨ ᠨᠥᠬᠥᠴᠡᠯᠢ ᠪᠣᠶ ᠪᠣᠯᠭᠠᠨ᠂ ᠳᠤᠮᠳᠠᠳᠤ ᠮᠣᠩᠭᠣᠯ ᠤ᠋ᠨ ᠨᠥᠬᠥᠷᠰᠡᠭ ᠰᠣᠯᠢᠯᠴᠠᠭ᠎ᠠ ᠬᠠᠮᠲᠤᠷᠠᠯᠴᠠᠭ᠎ᠠ ᠵᠢᠨ ᠰᠠᠭᠤᠷᠢ ᠶ᠋ᠢ ᠤᠯᠠᠮ ᠨᠢᠭᠡ ᠠᠯᠬᠤᠮ ᠪᠠᠲᠤᠳᠭᠠᠪᠠ᠃
《ᠬᠣᠯᠠ ᠵᠠᠮ ᠬᠥᠭᠡᠭᠡᠬᠦ᠌ᠳᠦ ᠠᠮᠠᠷᠠᠬᠤ ᠳᠤᠯᠠᠭᠠᠨ ᠭᠠᠵᠠᠷ ᠣᠯᠳᠠᠬᠤ ᠥᠬᠡᠶ ᠡᠴᠡ ᠬᠠᠮᠤᠭ ᠤ᠋ᠨ ᠵᠣᠪᠠᠳᠠᠭ᠂ ᠥᠩᠭᠡᠷᠡᠭ᠌ᠰᠡᠨᠳᠦ ᠡᠪᠦᠯ ᠳ᠋ᠡᠭᠡᠨ ᠬᠢᠯᠢ ᠵᠢᠨ ᠪᠣᠭᠣᠮᠲᠠ ᠪᠡᠷ ᠥᠩᠭᠡᠷᠡᠭᠰᠡᠨ ᠤ᠋ ᠳᠠᠷᠠᠭ᠎ᠠ ᠲᠡᠷᠭᠡᠨ ᠳᠣᠲᠣᠷ᠎ᠠ ᠪᠡᠨ ᠠᠮᠠᠷᠠᠬᠤ ᠡᠴᠡ ᠦᠭᠡᠷ᠎ᠠ ᠠᠷᠭ᠎ᠠ ᠦᠭᠡᠢ᠂ ᠬᠠᠯᠠᠭᠤᠨ ᠶᠠᠭᠤᠮ᠎ᠠ ᠤᠤᠭᠤᠬᠤ ᠳ᠋ᠤ ᠴᠤ᠌ ᠬᠦᠴᠢᠷ ᠪᠠᠢᠳᠠᠭ᠃ ᠤᠳᠤ ᠢᠳᠡᠬᠦ ᠡᠴᠡ ᠬᠠᠯᠠᠭᠤᠨ ᠬᠤᠭᠤᠯᠠ ᠪᠤᠳᠠᠭ᠎ᠠ᠂ ᠤᠤᠭᠤᠬᠤ ᠡᠴᠡ ᠬᠠᠯᠠᠭᠤᠨ ᠴᠠᠢ ᠤᠰᠤ᠂ ᠠᠮᠠᠷᠠᠬᠤ ᠡᠴᠡ ᠳᠤᠯᠠᠭᠠᠨ ᠲᠤᠬᠢᠯᠢᠭ ᠤᠷᠤ ᠳᠡᠪᠢᠰᠭᠡᠷ ᠲᠠᠢ ᠪᠤᠯᠵᠤ᠂ ᠬᠢᠯᠢ ᠵᠢᠨ ᠪᠣᠭᠣᠮᠲᠠ ᠵᠢᠨ ᠦᠶ᠋ᠯᠡᠴᠢᠯᠡᠭᠡ ᠤᠯᠠᠮ ᠡᠴᠡ ᠰᠠᠢᠵᠢᠷᠠᠵᠠᠢ》 ᠭᠡᠵᠦ᠍ ᠮᠠᠨ ᠤ᠋ ᠤᠯᠤᠰ ᠤ᠋ᠨ ᠵᠢᠯᠣᠭᠣᠴᠢ ᠵᠠᠩ ᠰᠢ ᠵᠢᠶᠦ᠋ᠨ ᠪᠠᠶᠠᠷᠲᠠᠶ ᠬᠡᠯᠡᠨ᠎ᠡ᠃
ᠡᠨᠡ ᠵᠢᠯ ᠤ᠋ᠨ ᠴᠠᠭᠠᠨ ᠰᠠᠷ᠎ᠠ ᠳ᠋ᠤ᠂ ᠤᠯᠤᠰ ᠤ᠋ᠨ ᠡᠭᠦᠳᠡ ᠵᠢᠨ ᠬᠠᠮᠠᠭᠠᠯᠠᠭ᠍ᠴᠢ ᠪᠣᠯᠤᠨ ᠬᠢᠯᠢ ᠵᠢᠨ ᠪᠣᠭᠣᠮᠲᠠ ᠵᠢᠨ ᠠᠵᠢᠯᠲᠠᠳ ᠪᠣᠭᠣᠮᠲᠠ ᠪᠡᠷ ᠥᠨᠳᠥᠷ ᠪᠦᠲᠦᠮᠵᠢᠲᠡᠢ ᠥᠩᠭᠡᠷᠡᠬᠦ᠌ᠪᠡᠷ ᠪᠠᠷᠠᠭᠠᠨ ᠤ᠋ ᠭᠦᠢᠯᠭᠡᠭᠡ ᠵᠢᠨ ᠰᠠᠭᠠᠳ ᠦᠭᠡᠢ ᠨᠡᠪᠲᠡᠷᠡᠬᠦ᠌ ᠶ᠋ᠢ ᠪᠠᠲᠤᠯᠠᠵᠤ᠂ ᠰᠡᠳᠭᠢᠯᠢ ᠳᠤᠯᠠᠭᠠᠴᠠᠭᠤᠯᠬᠤ ᠦᠢᠯᠡᠴᠢᠯᠡᠭᠡᠨᠦ ᠠᠷᠭ᠎ᠠ ᠬᠡᠮᠵᠢᠶ᠎ᠡ ᠪᠡᠷ ᠪᠠᠷᠠᠭᠠᠨ ᠤ᠋ ᠲᠡᠭᠡᠭᠡᠪᠦᠷᠢ ᠵᠢᠨ ᠮᠠᠱᠢᠨ ᠲᠡᠷᠭᠡᠨ ᠤ᠋ ᠡᠩᠨᠡᠭᠡ ᠶ᠋ᠢ ᠰᠠᠬᠢᠨ ᠬᠠᠮᠠᠭᠠᠯᠠᠵᠤ᠂ ᠴᠡᠭᠡ ᠬᠢᠯᠢ ᠵᠢᠨ ᠪᠣᠭᠣᠮᠲᠠ ᠬᠡᠮᠡᠬᠦ ᠡᠨᠡ ᠬᠦ᠌ ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠲᠡᠭᠡᠭᠡᠪᠦᠷᠢ ᠵᠢᠨ ᠭᠣᠣᠯ ᠰᠤᠳᠠᠰᠤ ᠶ᠋ᠢ ᠰᠠᠭᠠᠳ ᠦᠭᠡᠢ ᠪᠥᠭᠡᠳ ᠳᠤᠯᠠᠭᠠᠬᠠᠨ ᠪᠤᠯᠭᠠᠪᠠ᠃ ᠡᠨᠡ ᠵᠢᠯᠦᠨ 1 ᠰᠠᠷ᠎ᠠ ᠳ᠋ᠤ᠂ ᠴᠡᠭᠡ ᠬᠢᠯᠢ ᠵᠢᠨ ᠪᠣᠭᠣᠮᠲᠠ ᠪᠡᠷ ᠦᠩᠭᠡᠷᠡᠭᠰᠡᠨ ᠪᠠᠷᠠᠭᠠᠨ ᠤ᠋ ᠬᠡᠮᠵᠢᠶ᠎ᠡ 300 ᠲᠦᠮᠡᠨ ᠲᠣᠨᠢ ᠳᠠᠪᠠᠵᠤ᠂ ᠠᠳᠠᠯᠢ ᠬᠤᠭᠤᠴᠠᠭᠠᠨ ᠤ᠋ᠬᠢ ᠡᠴᠡ 180.53% ᠪᠠᠷ ᠨᠡᠮᠡᠭ᠌ᠳᠡᠪᠡ᠃