ᠥᠪᠥᠷ ᠮᠣᠩᠭᠣᠯ᠎ᠤᠨ ᠠᠬᠠᠮᠠᠳ ᠺᠠᠳ᠋ᠷᠴᠤᠳ᠎ᠤᠨ ᠠᠵᠢᠯᠯᠠᠭᠠᠨ᠎ᠤ᠎ᠲᠥᠪ 《ᠪᠤᠭᠤᠷᠤᠯᠴᠤᠳ ᠵᠢᠡᠨ ᠪᠠᠶᠠᠰᠬᠠᠵᠦ ᠴᠠᠭᠠᠨ ᠰᠠᠷ᠎ᠠ᠎ᠪᠠᠨ ᠤᠭ᠍ᠲᠤᠬᠤ》 ᠠᠵᠢᠯᠯᠠᠭ᠎ᠠ ᠡᠷᠭᠢᠯᠡᠵᠡᠢ
2026-02-25 16:46:56
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠠᠵᠢᠯ᠎ᠡᠴᠨ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠤᠯᠠᠮ ᠨᠢᠭᠡ ᠠᠯᠬᠤᠮ ᠬᠦᠮᠦᠵᠢᠬᠦᠯᠦᠨ ᠦᠶ᠋ᠯᠡᠳᠦᠯᠭᠡᠵᠢᠭᠦᠯᠬᠦ᠌᠎ᠶ᠋ᠢᠨ ᠲᠥᠯᠥᠭᠡ ᠲᠦᠷᠦᠬᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠬᠠᠮᠠᠳ ᠺᠠᠳ᠋ᠷᠴᠤᠳ᠎ᠤᠨ ᠠᠵᠢᠯᠯᠠᠭᠠᠨ᠎ᠤ ᠲᠥᠪ 《ᠪᠤᠭᠤᠷᠤᠯᠴᠤᠳ ᠵᠢᠡᠨ ᠪᠠᠶᠠᠰᠬᠠᠵᠦ᠂ ᠴᠠᠭᠠᠨ ᠰᠠᠷ᠎ᠠ᠎ᠪᠠᠨ ᠪᠠᠶᠠᠷᠯᠠᠨ ᠤᠭ᠍ᠲᠤᠬᠤ》 ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠢᠷ ᠨᠠᠭᠠᠳᠤᠮ᠎ᠤᠨ ᠠᠵᠢᠯᠯᠠᠭ᠎ᠠ ᠡᠷᠭᠢᠯᠡᠪᠡ᠃

ᠲᠤᠰ ᠤᠳᠠᠭ᠎ᠠ᠎ᠶ᠋ᠢᠨ ᠠᠵᠢᠯᠯᠠᠭ᠎ᠠ ᠨᠢ 《 ᠪᠠᠶᠠᠷ ᠪᠠᠶᠠᠰᠤᠯ ᠲᠠᠶ᠂ ᠦᠯᠵᠡᠢ ᠪᠡᠯᠭᠡ᠎ᠲᠡᠶ᠂ ᠪᠣᠯᠪᠠᠰᠤᠨ᠂ ᠥᠭᠡᠳᠡᠯᠡᠨ ᠲᠠᠪᠱᠢᠬᠤ》 ᠪᠡᠷ ᠦᠨᠳᠦᠰᠦᠨ ᠬᠦᠭ ᠠᠶᠠᠰ ᠪᠣᠯᠭᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠡᠯᠪᠡᠭ ᠪᠠᠶᠠᠯᠢᠭ ᠨᠠᠢᠷ ᠨᠠᠭᠠᠳᠤᠮ᠎ᠤᠨ ᠲᠦᠷᠦᠯ ᠵᠦᠢᠯ  ᠪᠣᠯᠤᠨ ᠠᠵᠢᠯᠯᠠᠭᠠᠨ᠎ᠤ ᠭᠣᠭ᠍ᠴᠣᠭ᠎ᠠ᠎ᠳᠤ ᠠᠭᠤᠰᠤᠯᠴᠠᠭᠤᠯᠵᠠᠢ᠃ ᠠᠵᠢᠯᠯᠠᠭ᠎ᠠ᠎ᠳᠤ᠂ ᠣᠨᠢᠰᠤᠭ᠎ᠠ ᠳᠠᠭᠠᠬᠤ᠂ ᠳᠠᠭᠤᠤ ᠳᠠᠭᠠᠬᠤ᠂ ᠳᠡᠪᠦᠷ᠎ᠡ ᠤᠷᠤᠭᠤᠯᠬᠤ᠂ ᠵᠡᠪᠡ ᠱᠢᠳᠡᠬᠦ᠌ ᠵᠡᠷᠭᠡ ᠣᠨᠴᠠᠯᠢᠭ᠍ᠲᠤ ᠲᠥᠷᠥᠯ ᠵᠦᠶ᠋ᠯ᠎ᠢ ᠨᠠᠷᠢᠨ ᠨᠢᠮᠪᠠᠶ ᠲᠣᠬᠢᠷᠠᠭᠤᠯᠵᠤ᠂ ᠣᠶᠤᠨ ᠤᠬᠠᠭᠠᠨ᠎ᠢᠶᠠᠨ ᠱᠢᠯᠭᠠᠬᠤ᠂ ᠤᠷ᠎ᠠ ᠮᠡᠷᠭᠡᠵᠢᠯ᠎ᠢᠶᠡᠨ ᠭᠠᠢᠬᠠᠭᠤᠯᠬᠤ ᠰᠣᠨᠢᠷᠬᠠᠯᠲᠠᠶ ᠤᠷᠤᠯᠳᠤᠭᠠᠨ᠎ᠶᠠᠪᠤᠬᠳᠠᠵᠦ᠂ ᠠᠳᠠᠯᠢ ᠪᠤᠰᠤ ᠨᠠᠰᠤᠨ᠎ᠤ ᠠᠬᠠᠮᠠᠳ ᠨᠥᠬᠥᠳ᠎ᠦᠨ ᠬᠡᠷᠡᠭ᠌ᠴᠡᠭᠡ᠎ᠶ᠋ᠢ ᠬᠠᠮᠲᠤ᠎ᠳᠤᠨᠢ ᠬᠠᠷᠠᠭᠠᠯᠵᠠᠵᠤ᠂ ᠣᠷᠣᠯᠴᠠᠭ᠍ᠴᠢ ᠪᠦᠷᠢ᠎ᠳᠦ ᠪᠠᠶᠠᠷ ᠪᠠᠬᠠᠳᠤᠯ ᠬᠠᠪᠤ ᠴᠡᠩᠭᠡᠯ ᠣᠯᠭᠣᠪᠠ᠃ ᠨᠠᠢᠷ ᠨᠠᠭᠠᠳᠤᠮ ᠨᠢ ᠪᠠᠶᠠᠷ ᠬᠥᠷ ᠲᠡᠶ ᠴᠤᠭ᠍ᠯᠠᠭᠠᠨ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠬᠠᠢᠷ᠎ᠠ ᠰᠡᠳᠭᠢᠯᠭᠡ᠎ᠶ᠋ᠢᠨ ᠬᠣᠯᠪᠣᠭᠠᠰᠤ ᠪᠠ ᠰᠣᠯᠢᠯᠴᠠᠭᠠᠨ᠎ᠤ ᠲᠠᠪᠴᠠᠩ ᠪᠠᠢᠵᠦ᠂ ᠮᠠᠰᠢ ᠤᠯᠠᠨ ᠠᠬᠠᠮᠠᠳ ᠨᠥᠬᠥᠳ ᠠᠵᠢᠯᠯᠠᠭ᠎ᠠ ᠳᠤᠮᠳᠠ ᠬᠠᠭᠤᠴᠢᠨ ᠨᠠᠢᠵᠠ᠎ᠲᠠᠶ ᠪᠠᠨ ᠲᠠᠬᠢᠨ ᠠᠭᠤᠯᠵᠠᠵᠤ᠂ ᠬᠥᠭ᠌ᠵᠢᠯᠲᠡ ᠬᠤᠪᠢᠷᠠᠯᠲᠠ᠎ᠶ᠋ᠢ ᠠᠭᠤᠵᠢᠷᠠᠲᠠᠯ᠎ᠠ ᠶᠠᠷᠢᠯᠴᠠᠵᠤ᠂ ᠥᠲᠡᠯᠦᠭᠡ ᠨᠠᠰᠤᠨ᠎ᠤ ᠵᠢᠷᠭᠠᠯᠲᠤ ᠠᠮᠢᠳᠤᠷᠠᠯ᠎ᠢᠶᠠᠨ ᠬᠤᠪᠢᠶᠠᠯᠴᠠᠪᠠ᠃

ᠲᠣᠰ ᠤᠳᠠᠭᠠᠨ᠎ᠤ ᠴᠠᠭᠠᠨ ᠰᠠᠷ᠎ᠠ᠎ᠪᠠᠨ ᠪᠠᠶᠠᠷᠯᠠᠨ ᠤᠭ᠍ᠲᠤᠬᠤ ᠨᠠᠢᠷ ᠨᠠᠭᠠᠳᠤᠮ᠎ᠤᠨ ᠠᠮᠵᠢᠯᠲᠠ᠎ᠲᠠᠶ ᠶᠠᠪᠤᠭ᠍ᠳᠠᠭ᠍ᠰᠠᠨ᠎ᠨᠢ ᠥᠷᠭᠡᠨ ᠣᠯᠠᠨ ᠠᠵᠢᠯ᠎ᠡᠴᠠ᠎ᠪᠠᠨ ᠳᠠᠷᠬᠠᠯᠠᠭ᠍ᠳᠠᠭ᠍ᠰᠠᠨ ᠠᠵᠢᠯ᠎ᠡᠴᠠ᠎ᠪᠠᠨ ᠠᠮᠠᠷᠠᠭ᠍ᠰᠠᠨ ᠠᠬᠠᠮᠠᠳ ᠨᠥᠬᠥᠳ᠎ᠦᠨ ᠥᠲᠡᠯᠬᠦ ᠡᠴᠡ ᠰᠤᠷᠤᠯᠴᠠᠬᠤ ᠭᠠᠵᠠᠷ᠎ᠲᠠᠶ᠂ ᠥᠲᠡᠯᠬᠦ ᠡᠴᠡ ᠪᠠᠶᠠᠷ ᠪᠠᠶᠠᠰᠤᠯ᠎ᠲᠠᠶ᠂ ᠥᠲᠡᠯᠬᠦ ᠡᠴᠡ ᠬᠢᠬᠦ᠌ ᠠᠵᠢᠯ᠎ᠲᠠᠶ ᠪᠠᠢᠬᠤ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠭᠦᠶ᠋ᠴᠡᠳ ᠢᠯᠡᠷᠡᠭᠦᠯᠪᠡ᠃ ᠠᠬᠠᠮᠠᠳ ᠨᠦᠬᠦᠳ ᠤᠯᠤᠰ ᠲᠥᠷᠥ᠎ᠶ᠋ᠢᠨ ᠳᠠᠪᠠᠭᠤᠯᠢᠭ᠂ ᠲᠤᠷᠱᠢᠯᠭ᠎ᠠ᠎ᠶ᠋ᠢᠨ ᠳᠠᠪᠠᠭᠤᠯᠢᠭ᠂ ᠨᠡᠷ᠎ᠡ ᠬᠦᠨᠳᠦ᠍᠎ᠶ᠋ᠢᠨ ᠳᠠᠪᠠᠭᠤᠯᠢᠭ᠎ᠢᠶᠠᠨ ᠤᠯᠠᠮ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠠᠵᠢᠯ᠎ᠤᠨ ᠪᠠᠢᠷᠢᠯᠠᠭᠤᠯᠤᠯᠲᠠ᠎ᠳᠤ ᠪᠤᠭᠤᠷᠤᠯᠴᠤᠳ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号