ᠥᠪᠥᠷ ᠮᠣᠩᠭᠣᠯ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ 23 ᠤᠷᠤᠨ ᠨᠢᠭᠡᠴᠢ᠎ᠳᠦ ᠫᠠᠢᠰᠠ ᠢᠯᠡᠷᠬᠡᠢᠯᠡᠯ ᠤᠯᠭᠤᠪᠠ
2026-02-25 16:59:22
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠥᠷ ᠮᠣᠩᠭᠣᠯ  ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠎ᠦᠨ ᠡᠮᠤᠨ᠎ᠠ ᠡᠴᠡ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌  ᠣᠷᠣᠨ ᠵᠢᠱ᠌ᠢᠶ᠎ᠡ  ᠦᠵᠡᠭᠦᠯᠬᠦ᠌  ᠨᠢᠭᠡᠴᠢ᠎ᠶ᠋ᠢᠨ 23 ᠭᠠᠵᠠᠷ ᠣᠷᠣᠨ ᠪᠠ ᠨᠢᠭᠡᠴᠢ᠎ᠳᠦ ᠫᠠᠢᠰᠠ ᠢᠯᠡᠷᠬᠡᠢᠯᠡᠯ ᠤᠯᠭᠤᠵᠦ᠂ ᠣᠷᠳᠣᠰ ᠬᠣᠲᠠ᠂ ᠪᠠᠶᠠᠨᠨᠠᠭᠤᠷ ᠬᠣᠲᠠ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ ᠪᠠ ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ ᠵᠡᠷᠭᠡ  ᠵᠢᠱ᠌ᠢᠶ᠎ᠡ  ᠦᠵᠡᠭᠦᠯᠬᠦ᠌  ᠣᠷᠣᠨ ᠵᠢᠱ᠌ᠢᠶ᠎ᠡ  ᠦᠵᠡᠭᠦᠯᠬᠦ᠌  ᠨᠢᠭᠡᠴᠢ ᠡᠴᠡ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠳᠠᠨᠢᠯᠴᠠᠭᠤᠯᠭ᠎ᠠ ᠵᠢ᠎ᠦᠨᠳᠦᠰᠦᠯᠡᠪᠡᠯ᠂  ᠱᠢᠯᠢ᠎ᠶ᠋ᠢᠨ ᠭᠤᠤᠯ ᠠᠢᠮᠠᠭ᠂ ᠣᠷᠳᠣᠰ ᠬᠣᠲᠠ᠂ ᠪᠠᠶᠠᠨᠨᠠᠭᠤᠷ ᠬᠣᠲᠠ ᠵᠡᠷᠭᠡ 13 ᠭᠠᠵᠠᠷ ᠣᠷᠣᠨ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠣᠯᠤᠭ᠍ᠰᠠᠨ ᠎ᠤ ᠬᠤᠪᠢ ᠎ᠳᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ ᠎ᠢ ᠪᠥᠬᠥ᠌ ᠣᠷᠣᠨ ᠪᠦᠰᠡ᠎ᠪᠡᠷ ᠠᠬᠢᠭᠤᠯᠬᠤ᠎ᠪᠠᠷ ᠭᠠᠷᠳᠠᠴᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠠᠯᠢ ᠣᠯᠠᠨ ᠲᠥᠷᠥᠯ ᠲᠡᠮᠳᠡᠭ᠌ᠴᠢᠯᠡᠭ᠌ᠰᠡᠨ ᠠᠷᠭ᠎ᠠ ᠬᠡᠮᠵᠢᠶ᠎ᠡ᠎ᠶ᠋ᠢ ᠪᠦᠷᠢᠯᠳᠦᠭᠦᠯᠵᠦ᠍᠂ ᠠᠯᠢ ᠣᠯᠠᠨ ᠢᠯᠡᠳᠲᠡ ᠦᠷ᠎ᠡ ᠪᠦᠲᠦᠮᠵᠢ ᠤᠯᠪᠠ᠃ ᠬᠥᠬᠡᠬᠣᠲᠠ᠎ᠶ᠋ᠢᠨ ᠮᠦᠽᠧᠶ ᠵᠡᠷᠭᠡ 10 ᠨᠢᠭᠡᠴᠢ᠎ᠨᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ ᠪᠣᠯᠤᠭ᠍ᠰᠠᠨ᠎ᠤ ᠬᠤᠪᠢ᠎ᠳᠤ᠂ ᠠᠵᠢᠯ ᠲᠥᠷᠥᠯ᠎ᠦᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠱᠢᠨ᠎ᠡ ᠎ᠶ᠋ᠢ ᠡᠭᠦᠳᠬᠦ᠌ ᠠᠷᠭ᠎ᠠ ᠬᠡᠮᠵᠢᠶ᠎ᠡ᠂ ᠦᠶ᠋ᠯᠡᠳᠦᠯᠭᠡ᠎ᠶ᠋ᠢᠨ ᠠᠷᠭ᠎ᠠ ᠵᠠᠮ᠎ᠢ ᠢᠳᠡᠪᠬᠢᠲᠡᠶ ᠬᠠᠢᠨ ᠰᠦᠪᠡᠭ᠌ᠴᠢᠯᠡᠵᠦ᠂ ᠨᠠᠮ ᠎ᠤᠨ ᠦᠨᠳᠦᠰᠦᠲᠡᠨ ᠎ᠦ ᠣᠨᠣᠯ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠎ᠶ᠋ᠢ ᠦᠨᠳᠦᠰᠦᠨ ᠱᠠᠲᠤᠨ ᠎ᠳᠤ ᠨᠠᠢᠳᠠᠪᠤᠷᠢᠵᠢᠭᠤᠯᠤᠨ ᠨᠠᠷᠢᠯᠢᠬ᠍ᠵᠢᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌  ᠨᠠᠮ᠎ᠤᠨ ᠠᠴᠢ᠎ᠳᠤ ᠲᠠᠯᠠᠷᠬᠠᠬᠤ᠂ ᠨᠠᠮ ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ  ᠲᠠᠯ᠎ᠠ᠎ᠪᠠᠷ ᠢᠳᠡᠪᠬᠢᠲᠡᠶ ᠬᠤᠪᠢ ᠨᠡᠮᠡᠷᠢ ᠦᠵᠡᠭᠦᠯᠪᠡ᠃

ᠣᠢᠯᠠᠭᠠᠭ᠍ᠰᠠᠨ᠎ᠢᠶᠠᠷ᠂ ᠥᠪᠥᠷ ᠮᠣᠩᠭᠣᠯ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠰᠠᠢᠲᠤᠷ ᠶᠠᠷᠢᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠡᠯ᠎ᠡ  ᠠᠵᠢᠯ   ᠲᠥᠷᠥᠯ ᠡᠯ᠎ᠡ ᠬᠦᠷᠢᠶ᠎ᠡ ᠴᠠᠷᠠᠭ᠎ᠠ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠎ᠢ ᠬᠥᠲᠥᠯᠥᠨ ᠳᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号