ᠬᠦᠢᠴᠡᠳᠭᠡᠬᠦ ᠵᠢ ᠡᠷᠴᠢᠮᠳᠠᠢ ᠠᠬᠢᠭᠤᠯᠵᠦ ᠬᠦᠴᠢᠷ ᠠᠰᠠᠭᠤᠳᠠᠯ᠎ᠢ ᠪᠦᠳᠦᠮᠵᠢᠳᠡᠢ ᠱᠢᠶ᠋ᠳᠪᠦᠷᠢᠯᠡᠨ᠎ᠡ
2026-02-27 09:52:51
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠣᠷᠳᠣᠰ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠠᠵᠢᠯᠲᠠᠨ 1.82 ᠲᠦᠮᠡᠨ ᠲᠥᠭᠥᠷᠢᠭ᠎ᠦᠨ ᠭᠦᠶ᠋ᠴᠡᠳᠭᠡᠬᠦ᠌ ᠵᠣᠭᠣᠰ᠎ᠢ ᠨᠢ ᠲᠠᠷᠬᠠᠭᠠᠬᠤ᠎ᠠᠴᠠ ᠡᠮᠦᠨ᠎ᠡ ᠬᠡᠷᠡᠭ ᠱᠢᠶ᠋ᠳᠪᠦᠷᠢᠯᠡᠬᠦ᠌ ᠱᠢᠰᠲ᠋ᠧᠮ᠎ᠢᠶᠡᠷ ᠬᠠᠷᠭᠤᠭᠤᠯᠤᠨ ᠪᠠᠢᠴᠠᠭᠠᠬᠤ᠎ᠪᠠᠷ ᠳᠠᠮᠵᠢᠨ᠂ ᠨᠢᠭᠡᠨ ᠵᠠᠰᠠᠯ ᠴᠢᠮᠡᠭ᠌ᠯᠡᠯ᠎ᠦᠨ ᠺᠣᠮᠫᠠᠨᠢ ᠨᠢ ᠳ᠋ᠦᠩᠱᠧᠩ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶ᠎ᠠ ᠵᠢᠨ ᠥᠭᠡᠷ᠎ᠡ ᠨᠢᠭᠡ ᠬᠡᠷᠡᠭ᠎ᠦᠨ ᠭᠦᠶ᠋ᠴᠡᠳᠭᠡᠭ᠌ᠳᠡᠭ᠌ᠴᠢ ᠪᠠᠢᠵᠤ ᠨᠢᠭᠡᠨᠲᠡ 4 ᠵᠢᠯ ᠥᠭ᠌ᠴᠡᠭᠡ᠎ᠪᠡᠨ ᠭᠦᠶ᠋ᠴᠡᠳᠭᠡᠭ᠌ᠰᠡᠨ ᠥᠬᠡᠶ ᠪᠠᠢᠬᠤ᠎ᠶ᠋ᠢ ᠣᠯᠵᠤ ᠮᠡᠳᠡᠵᠡᠶ᠃ ᠲᠡᠭᠡᠭᠡᠳ ᠲᠤᠰ ᠱᠢᠭᠦᠬᠦ᠌ ᠬᠣᠷᠢᠶ᠎ᠠ᠎ᠶ᠋ᠢᠨ ᠬᠡᠷᠡᠭ᠌ᠵᠢᠭᠦᠯᠦᠭ᠌ᠰᠡᠨ 《ᠬᠡᠷᠡᠭ᠎ᠦᠨ ᠵᠣᠭᠣᠰ᠎ᠢ ᠲᠠᠷᠬᠠᠭᠠᠬᠤ᠎ᠠᠴᠠ ᠡᠮᠦᠨ᠎ᠡ ᠠᠯᠪᠠᠳᠠᠯᠭ᠎ᠠ᠎ᠪᠠᠷ ᠬᠢᠨᠠᠨ ᠪᠠᠢᠴᠠᠭᠠᠬᠤ》 ᠲᠣᠭ᠍ᠲᠠᠴᠠ᠎ᠶ᠋ᠢ ᠦᠨᠳᠦᠰᠦᠯᠡᠨ᠂ ᠲᠣᠰ ᠭᠦᠶ᠋ᠴᠡᠳᠭᠡᠬᠦ᠌ ᠵᠣᠭᠣᠰ᠎ᠢ ᠬᠠᠤᠯᠢ ᠶᠣᠰᠣᠭᠠᠷ ᠺᠣᠮᠫᠠᠨᠢ᠎ᠶ᠋ᠢᠨ ᠠᠪᠴᠠᠭᠠᠲᠠᠨ᠎ᠳᠤ ᠬᠤᠪᠢᠶᠠᠷᠢᠯᠠᠨ ᠱᠢᠯᠵᠢᠭᠦᠯᠵᠦ᠍᠂ ᠪᠠᠯᠠ ᠮᠥᠩᠭᠥ᠎ᠶ᠋ᠢ ᠨᠠᠷᠢᠯᠢᠭ ᠣᠨᠣᠪᠴᠢᠲᠠᠶ ᠬᠤᠪᠢᠶᠠᠷᠢᠯᠠᠬᠤ ᠪᠠ ᠪᠦᠲᠦᠮᠵᠢᠲᠡᠶ ᠬᠦᠢᠴᠡᠳᠭᠡᠬᠦ ᠵᠢ ᠪᠡᠶᠡᠯᠡᠭᠦᠯᠪᠡ᠃

ᠭᠦᠶ᠋ᠴᠡᠳᠭᠡᠬᠦ᠌ ᠬᠦᠷᠢᠶ᠎ᠠ ᠴᠠᠷᠠᠭᠠᠨ᠎ᠳᠦ ᠤᠷᠲᠤ ᠬᠤᠭᠤᠴᠠᠭ᠎ᠠ᠎ᠪᠠᠷ ᠣᠷᠣᠱᠢᠵᠤ ᠪᠠᠢᠭ᠎ᠠ 《ᠬᠥᠮᠦᠨ᠎ᠢ ᠡᠷᠢᠬᠦ᠌᠎ᠳᠦ ᠬᠦᠴᠢᠷ᠂ ᠡᠳ᠋ ᠮᠥᠩᠭᠥ᠌᠎ᠵᠢ ᠣᠯᠬᠤ᠎ᠳᠤ ᠬᠦᠴᠢᠷ》 ᠠᠰᠠᠭᠤᠳᠠᠯ ᠵᠢᠴᠢ 《ᠨᠢᠭᠡ ᠬᠥᠮᠦᠨ ᠣᠯᠠᠨ ᠱᠢᠭᠦᠬᠦ᠌ ᠬᠣᠷᠢᠶ᠎ᠠ᠎ᠶᠢᠨ ᠬᠡᠷᠡᠭ᠎ᠲᠦ ᠬᠣᠯᠪᠣᠭ᠍ᠳᠠᠬᠤ》 ᠡᠴᠡ ᠪᠤᠯᠤᠬᠰᠠᠨ ᠮᠡᠳᠡᠭᠡ ᠵᠠᠩᠭᠢ᠎ᠶ᠋ᠢᠨ ᠲᠦᠭᠵᠢᠷᠡᠯ᠎ᠳᠤ ᠵᠤᠷᠢᠭᠤᠯᠤᠨ᠂ ᠣᠷᠳᠣᠰ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ 2025 ᠤᠨ᠎ᠦ 5 ᠰᠠᠷ᠎ᠠ᠎ᠳᠤ ᠵᠠᠩᠭᠢᠯᠠᠭ᠎ᠠ᠎ᠶ᠋ᠢᠨ ᠲᠦᠷᠢᠮ᠎ᠦᠨ ᠱᠢᠨ᠎ᠡ ᠵᠢ ᠡᠭᠦᠳᠴᠦ ᠰᠣᠯᠪᠢᠴᠠᠭᠤᠯᠤᠨ ᠭᠦᠶ᠋ᠴᠡᠳᠭᠡᠬᠦ᠌ ᠲᠣᠭ᠍ᠲᠠᠴᠠ᠎ᠶ᠋ᠢ ᠬᠡᠷᠡᠭ᠌ᠵᠢᠭᠦᠯᠵᠦ᠂ ᠬᠡᠷᠡᠭ᠎ᠦᠨ ᠵᠣᠭᠣᠰ᠎ᠢ ᠲᠠᠷᠬᠠᠭᠠᠬᠤ᠎ᠡᠴᠠ ᠡᠮᠦᠨ᠎ᠡ ᠬᠣᠯᠪᠣᠭ᠍ᠳᠠᠯ ᠪᠦᠬᠦᠢ ᠬᠡᠷᠡᠭ᠎ᠢ ᠬᠢᠨᠠᠨ ᠪᠠᠢᠴᠠᠭᠠᠵᠤ ᠬᠠᠮᠵᠢᠨ ᠭᠦᠢᠴᠡᠳᠭᠡᠭᠦᠯᠬᠦ᠌᠎ᠪᠡᠷ ᠳᠡᠪᠱᠢᠭᠦᠯᠬᠦ᠌ ᠲᠤᠬᠠᠢ ᠮᠡᠳᠡᠭ᠌ᠳᠡᠯ᠎ᠢ ᠨᠡᠢᠲᠡᠯᠡᠡ᠂ ᠬᠠᠷᠢᠶ᠎ᠠ ᠣᠷᠣᠨ᠎ᠤ ᠱᠢᠭᠦᠬᠦ᠌ ᠬᠣᠷᠢᠶ᠎ᠠ᠎ᠶ᠋ᠢ ᠬᠡᠷᠡᠭ᠎ᠦᠨ ᠵᠣᠭᠣᠰ᠎ᠢ ᠲᠠᠷᠬᠠᠭᠠᠬᠤ ᠪᠤᠶᠤ ᠪᠤᠴᠠᠭᠠᠯᠭᠠᠬᠤ᠎ᠠᠴᠠ ᠡᠮᠦᠨ᠎ᠡ᠂ ᠡᠷᠬᠡᠪᠰᠢ ᠬᠡᠷᠡᠭ ᠱᠢᠢᠳᠪᠦᠷᠢᠯᠡᠬᠦ᠌ ᠱᠢᠰᠲ᠋ᠧᠮ᠎ᠢᠶᠡᠷ ᠳᠠᠮᠵᠢᠨ ᠬᠦᠯᠢᠶᠡᠨ ᠠᠪᠤᠭ᠍ᠴᠢ᠎ᠶ᠋ᠢᠨ ᠪᠤᠰᠤᠳ ᠭᠦᠢᠴᠡᠳᠭᠡᠵᠦ᠍ ᠳᠠᠭᠤᠰᠤᠭᠠᠳᠤᠢ ᠬᠡᠷᠡᠭ ᠪᠠᠢᠬᠤ ᠡᠰᠡᠬᠦ᠌᠎ᠶ᠋ᠢ ᠬᠢᠨᠠᠨ ᠪᠠᠢᠴᠠᠭᠠᠬᠤ ᠪᠦᠬᠡᠳ ᠬᠣᠯᠪᠣᠭ᠍ᠳᠠᠬᠤ ᠬᠡᠷᠡᠭ᠎ᠢ ᠢᠯᠡᠷᠡᠭᠦᠯᠪᠡᠯ ᠳᠠᠷᠤᠢᠬᠠᠨ ᠵᠣᠭᠣᠰ ᠥᠭ᠌ᠬᠦ᠎ᠶ᠋ᠢ ᠲᠦᠷ ᠵᠣᠭ᠍ᠰᠣᠭᠠᠬᠤ᠎ᠶ᠋ᠢᠨ ᠬᠠᠮᠲᠤ ᠳᠡᠭᠡᠭ᠌ᠰᠢ ᠣᠷᠳᠣᠰ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ᠎ᠳᠤ ᠮᠡᠳᠡᠭᠦᠯᠵᠦ᠂ ᠣᠷᠳᠣᠰ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ᠎ᠠᠴᠠ ᠵᠣᠭᠣᠰ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠱᠢᠶ᠋ᠳᠪᠦᠷᠢᠯᠡᠬᠦ᠎ᠶᠢ ᠱᠠᠭᠠᠷᠳᠠᠵᠦ᠂ ᠭᠦᠶ᠋ᠴᠡᠳᠭᠡᠬᠦ᠌ ᠬᠡᠪ ᠵᠠᠭ᠍ᠪᠤᠷ᠎ᠤᠨ ᠰᠠᠨᠠᠭᠠᠴᠢᠯᠠᠭ᠎ᠠ ᠦᠭᠡᠢ ᠪᠡᠷ ᠬᠠᠮᠵᠢᠨ ᠲᠤᠰᠠᠯᠠᠵᠤ ᠭᠤᠶᠤᠴᠢᠯᠠᠯ᠎ᠢ ᠳᠠᠭᠠᠬᠤ ᠡᠴᠡ ᠰᠠᠨᠠᠭᠠᠴᠢᠯᠠᠭ᠎ᠠ ᠡᠴᠡ᠎ᠪᠠᠨ ᠵᠢᠭ᠍ᠰᠠᠭᠠᠨ ᠪᠠᠢᠴᠠᠭᠠᠬᠤ ᠪᠠ ᠬᠠᠷᠢᠯᠴᠠᠨ ᠲᠤᠰᠠᠯᠠᠬᠤ ᠲᠠᠢᠰᠢ ᠰᠢᠯᠵᠢᠬᠦ᠎ᠶᠢ ᠪᠡᠶᠡᠯᠡᠬᠦᠯᠪᠡ᠃

ᠨᠢᠳᠤᠨᠤᠨ᠎ᠦ 9 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠣᠷᠳᠣᠰ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ ᠲᠣᠰ ᠲᠣᠭ᠍ᠲᠠᠴᠠ᠎ᠪᠠᠷ ᠳᠠᠮᠵᠢᠨ ᠳᠡᠭᠡᠭ᠌ᠰᠢ ᠮᠡᠳᠡᠭᠦᠯᠦᠭ᠌ᠰᠡᠨ ᠬᠡᠷᠡᠭ᠎ᠦᠨ ᠵᠣᠭᠣᠰ᠎ᠤᠨ ᠰᠦᠪᠡᠭ᠌ᠴᠢ᠎ᠶ᠋ᠢ 55 ᠬᠤᠪᠢ ᠬᠢᠨᠠᠨ ᠪᠠᠢᠴᠠᠭᠠᠵᠤ᠂ 36 ᠬᠤᠪᠢ᠎ᠶ᠋ᠢ ᠠᠮᠵᠢᠯᠲᠠ᠎ᠲᠠᠶ ᠬᠠᠮᠵᠢᠯᠴᠠᠨ ᠭᠦᠶ᠋ᠴᠡᠳᠭᠡᠵᠦ᠍᠂ 287.48 ᠲᠦᠮᠡᠨ ᠲᠥᠭᠥᠷᠢᠭ᠎ᠦᠨ ᠭᠦᠶ᠋ᠴᠡᠳᠭᠡᠬᠦ᠌ ᠵᠣᠭᠣᠰ᠎ᠢ ᠣᠨᠣᠪᠴᠢᠲᠠᠶ ᠬᠤᠪᠢᠶᠠᠷᠢᠯᠠᠵᠤ᠂ ᠭᠦᠶ᠋ᠴᠡᠳᠭᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠪᠡ᠃

《ᠭᠦᠢᠴᠡᠳᠭᠡᠬᠦ᠌᠎ᠳᠦ ᠬᠦᠴᠢᠷᠲᠡᠢ》 ᠠᠰᠠᠭᠤᠳᠠᠯ᠎ᠢ ᠱᠢᠢᠳᠪᠦᠷᠢᠯᠡᠬᠦ᠌᠎ᠳᠦ ᠱᠢᠨ᠎ᠡ᠎ᠶ᠋ᠢ ᠡᠭᠦᠳᠬᠦ᠌ ᠪᠣᠯ ᠭᠣᠣᠯᠳᠠᠯᠭ᠎ᠠ ᠪᠣᠯᠤᠨ᠎ᠠ᠃ ᠤᠷᠳᠤᠰ ᠬᠤᠳᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ 《ᠤᠷᠢᠳᠴᠢᠯᠠᠨ ᠰᠣᠯᠪᠢᠴᠠᠭᠤᠯᠤᠨ ᠭᠦᠢᠴᠡᠳᠭᠡᠬᠦ》 ᠴᠢᠩᠭ᠎ᠠ ᠬᠠᠮᠢᠶᠠᠷᠤᠯᠲᠠ᠎ᠶ᠋ᠢᠨ ᠲᠣᠭ᠍ᠲᠠᠴᠠ᠂ 《ᠬᠣᠯᠪᠣᠭ᠍ᠳᠠᠬᠤ ᠬᠡᠷᠡᠭ᠎ᠢ ᠤᠷᠢᠳᠴᠢᠯᠠᠨ ᠬᠠᠷᠭᠤᠭᠤᠯᠤᠨ ᠪᠠᠢᠴᠠᠭᠠᠬᠤ》 ᠲᠣᠭ᠍ᠲᠠᠴᠠ᠂ 《ᠱᠠᠳᠤ ᠬᠤᠪᠢᠶᠠᠨ ᠬᠠᠷᠢᠭᠤᠴᠠᠯᠭ᠎ᠠ ᠨᠡᠬᠡᠮᠵᠢᠯᠡᠬᠦ᠌》 ᠲᠦᠷᠢᠮ᠎ᠢ ᠰᠦᠪᠡᠭ᠌ᠴᠢᠯᠡᠨ ᠪᠠᠢᠭᠤᠯᠵᠤ᠂ ᠭᠦᠢᠴᠡᠳᠭᠡᠬᠦ᠌ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ  ᠠᠬᠢᠭᠤᠯᠪᠠ᠃

2025ᠤᠨ᠎ᠦ ᠡᠬᠢ᠎ᠪᠡᠷ᠂ ᠣᠷᠳᠣᠰ ᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ᠌ ᠬᠣᠷᠢᠶ᠎ᠠ ᠲᠤᠰᠬᠠᠶ ᠰᠡᠳᠦᠪᠲᠦ᠍ ᠬᠤᠷᠠᠯ ᠬᠤᠷᠠᠯᠳᠤᠭᠤᠯᠵᠤ᠂ ᠰᠣᠯᠪᠢᠴᠠᠭᠤᠯᠤᠨ ᠬᠦᠢᠴᠡᠳᠬᠡᠬᠦ ᠴᠢᠭᠯᠡᠯ᠎ᠢ ᠲᠤᠲᠤᠷᠬᠠᠢ ᠲᠤᠭᠲᠠᠭᠠᠭᠰᠠᠨ ᠪᠥᠭᠡᠳ 2025ᠤᠨ᠎ᠦ 4 ᠰᠠᠷ᠎ᠠ᠎ᠳᠤ ᠪᠥᠬᠥ᠌ ᠬᠣᠲᠠ᠎ᠶᠢᠨ ᠰᠢᠭᠦᠬᠦ᠌ ᠬᠣᠷᠢᠶ᠎ᠠ ᠵᠢᠨ ᠰᠣᠯᠪᠢᠴᠠᠭᠤᠯᠤᠨ ᠬᠦᠢᠴᠡᠳᠬᠡᠬᠦ ᠠᠵᠢᠯ᠎ᠢ ᠠᠬᠢᠭᠤᠯᠬᠤ ᠬᠡᠷᠡᠭᠵᠢᠭᠦᠯᠬᠦ᠌ ᠲᠥᠰᠦᠯ ᠵᠡᠷᠭᠡ ᠠᠯᠢ ᠣᠯᠠᠨ ᠲᠦᠷᠢᠮ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠍᠂ ᠬᠡᠷᠡᠭ᠎ᠢ ᠰᠢᠭᠰᠢᠨ ᠰᠣᠩᠭᠣᠬᠤ᠂ ᠶᠠᠪᠤᠴᠠ ᠶ᠋ᠢ ᠬᠠᠮᠢᠶᠠᠷᠤᠨ ᠡᠵᠡᠮᠳᠡᠬᠦ᠌᠎ᠡᠴᠡ ᠬᠢᠨᠠᠯᠲᠠ ᠲᠠᠯᠪᠢᠵᠤ ᠰᠢᠯᠭᠠᠨ ᠬᠢᠨᠠᠬᠤ ᠬᠦᠷᠲᠡᠯᠡᠬᠢ ᠪᠥᠬᠥ᠌ ᠬᠡᠯᠬᠢᠶᠡᠨ᠎ᠦ ᠵᠢᠷᠤᠮᠵᠢᠯ ᠤ᠋ᠨ ᠰᠢᠰᠲ᠋ᠧᠮ᠎ᠢ ᠪᠠᠶ᠋ᠢᠭᠤᠯᠪᠠ᠃ ᠠᠷᠠᠳ᠎ᠤᠨ ᠳᠤᠮᠳᠠ ᠵᠡᠷᠭᠡ᠎ᠶᠢᠨ ᠰᠢᠭᠦᠬᠦ᠌ ᠬᠣᠷᠢᠶ᠎ᠠ᠎ᠠᠴᠠ ᠲᠤᠰᠬᠠᠢ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠳᠣᠣᠷ᠎ᠠ᠎ᠪᠠᠨ 4 ᠡᠷᠬᠡ ᠲᠤᠰᠢᠶᠠᠯᠳᠤ ᠳᠤᠭᠤᠶ᠋ᠢᠯᠠᠩ ᠭᠠᠷᠭᠠᠵᠤ ᠨᠢᠭᠡᠳᠦᠯᠲᠡᠢ ᠵᠢᠯᠣᠭᠣᠳᠤᠨ ᠵᠣᠬᠢᠴᠠᠭᠤᠯᠵᠠᠢ᠃ 《ᠬᠥᠳᠡᠯᠦᠩᠭᠦᠶ᠎ᠪᠡᠷ ᠰᠢᠭᠰᠢᠨ ᠪᠠᠶ᠋ᠢᠴᠠᠭᠠᠬᠤ + ᠱᠠᠲᠤ᠌ ᠬᠤᠪᠢᠶᠠᠨ ᠠᠬᠢᠭᠤᠯᠬᠤ》 ᠲᠣᠭᠲᠠᠴᠠ᠎ᠪᠠᠷ ᠳᠠᠮᠵᠢᠨ᠂ ᠣᠷᠳᠣᠰ ᠬᠣᠲᠠ ᠬᠣᠶᠠᠷ ᠱᠠᠲᠤᠨ᠎ᠤ ᠰᠢᠭᠦᠬᠦ᠌ ᠬᠣᠷᠢᠶ᠎ᠠ᠎ᠶᠢᠨ 12433 ᠬᠤᠪᠢ ᠬᠡᠷᠡᠭ᠎ᠢ ᠰᠢᠭᠰᠢᠨ ᠰᠣᠩᠭᠣᠵᠤ᠂ 《ᠤᠷᠢᠳᠴᠢᠯᠠᠨ ᠰᠣᠯᠪᠢᠴᠠᠭᠤᠯᠤᠨ ᠬᠦᠢᠴᠡᠳᠬᠡᠬᠦ》 ᠬᠡᠪᠴᠢᠶᠡᠨ᠎ᠳᠦ ᠣᠷᠣᠭᠤᠯᠵᠤ᠂ ᠬᠤᠭᠤᠴᠠᠭ᠎ᠠ ᠲᠣᠭᠲᠠᠭᠠᠨ ᠥᠪᠡᠰᠦᠪᠡᠨ ᠪᠠᠶ᠋ᠢᠴᠠᠭᠠᠵᠤ ᠥᠪᠡᠰᠦᠪᠡᠨ ᠳ᠋ᠦᠩᠨᠡᠬᠦ᠌᠎ᠶᠢᠨ ᠬᠠᠮᠲᠤ᠌᠂ ᠲᠣᠰ ᠬᠥᠮᠥᠷᠭᠡ᠎ᠶᠢ ᠪᠥᠬᠥ᠌ ᠲᠠᠯ᠎ᠠ᠎ᠪᠠᠷ ᠣᠶ᠋ᠢᠯᠠᠭᠠᠵᠤ᠂ ᠨᠥᠬᠥᠴᠡᠯ᠎ᠳᠦ ᠨᠡᠶ᠋ᠢᠴᠡᠬᠦ᠌ ᠬᠡᠷᠡᠭ᠎ᠢ ᠲᠤᠬᠠᠶ᠎ᠶᠢᠨ ᠬᠥᠮᠦᠨ᠎ᠦ ᠵᠥᠪᠰᠢᠶᠡᠷᠡᠯ ᠳᠤᠤᠷ᠎ᠠ ᠵᠠᠷᠯᠢᠭᠲᠠᠨ ᠰᠣᠯᠪᠢᠴᠠᠭᠤᠯᠵᠠᠢ᠃ ᠨᠢᠳᠤᠨᠤᠨ᠎ᠦ 9 ᠰᠠᠷ᠎ᠠ᠎ᠶᠢᠨ ᠰᠡᠭᠦᠯᠴᠢ ᠪᠣᠯᠲᠠᠯ᠎ᠠ᠂ ᠣᠷᠳᠣᠰ ᠬᠣᠲᠠ᠎ᠶᠢᠨ ᠰᠢᠭᠦᠬᠦ᠌ ᠬᠣᠷᠢᠶ᠎ᠠ ᠵᠢᠨ ᠰᠢᠰᠲ᠋ᠧᠮ᠎ᠳᠦ ᠨᠡᠶ᠋ᠢᠲᠡ 14759 ᠬᠤᠪᠢ ᠰᠣᠯᠪᠢᠴᠠᠭᠤᠯᠤᠨ ᠬᠦᠢᠴᠡᠳᠬᠡᠬᠦ ᠠᠵᠢᠯᠯᠠᠭ᠎ᠠ ᠥᠷᠨᠢᠭᠦᠯᠵᠦ᠍᠂ 1489 ᠬᠤᠪᠢ ᠤᠷᠳᠤ ᠬᠤᠭᠤᠴᠠᠭ᠎ᠠ ᠰᠢᠢᠳᠪᠤᠷᠢᠯᠡᠭᠳᠡᠭᠡᠳᠦᠢ 《ᠲᠠᠷᠤᠭᠲᠠᠮᠠᠯ ᠬᠡᠷᠡᠭ》 ᠢ᠋ ᠠᠮᠵᠢᠯᠲᠠᠲᠠᠶ ᠬᠦᠢᠴᠡᠳᠬᠡᠨ ᠳᠠᠭᠤᠰᠬᠠᠵᠠᠶ᠃

ᠤᠷᠳᠤᠰ ᠬᠤᠳᠠ᠎ᠶᠢᠨ ᠰᠢᠭᠦᠬᠦ᠌ ᠬᠣᠷᠢᠶ᠎ᠠ ᠵᠢᠨ ᠰᠢᠰᠲ᠋ᠧᠮ ᠪᠠᠰᠠ 《ᠡᠶᠠᠲᠠᠬᠦᠯᠤᠨ ᠪᠠᠢᠭᠤᠯᠵᠤ ᠰᠢᠭᠦᠠ ᠭᠦᠢᠴᠡᠳᠬᠡᠬᠦ᠌》 ᠨᠢᠭᠡ ᠴᠤᠬᠴᠠᠵᠢᠭᠤᠯᠤᠬᠰᠠᠨ ᠪᠠᠶ᠋ᠢᠭᠤᠯᠤᠯᠲᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠡᠷᠡᠭ ᠪᠣᠯᠭᠠᠨ ᠳᠠᠩᠰᠠᠯᠠᠬᠤ ᠱᠠᠲᠤᠨ᠎ᠳᠤ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠵᠦ᠍᠂ ᠰᠢᠭᠦᠨ ᠲᠠᠰᠤᠯᠬᠤ ᠱᠠᠲᠤᠨ᠎ᠳᠤ ᠭᠦᠢᠴᠡᠳᠬᠡᠵᠦ᠍ ᠪᠣᠯᠬᠤᠢᠴᠠ ᠴᠢᠨᠠᠷ᠎ᠢ ᠪᠣᠳᠣᠯᠬᠢᠯᠠᠵᠤ᠂ ᠭᠦᠢᠴᠡᠳᠬᠡᠬᠦ᠌ ᠱᠠᠲᠤᠨ᠎ᠳᠤ ᠲᠦᠷᠭᠡᠨ ᠴᠤᠤᠷᠢᠶᠠᠲᠤᠨ ᠲᠠᠭᠠᠬᠤ᠎ᠶᠢ ᠪᠡᠶᠡᠯᠡᠭᠦᠯᠪᠡ; 《ᠬᠠᠤᠯᠢ᠎ᠶᠢᠨ ᠬᠠᠷᠴᠠᠭᠠᠶ》 ᠲᠣᠮᠣ ᠳ᠋ᠠᠶ᠋ᠢᠲ᠋ᠠ᠎ᠶᠢᠨ ᠲᠠᠪᠴᠠᠩ᠎ᠢ ᠢᠳᠡᠪᠬᠢᠲᠡᠶ ᠠᠰᠢᠭᠯᠠᠨ᠂ ᠲᠤᠬᠠᠶ᠎ᠶᠢᠨ ᠬᠥᠮᠦᠨ᠎ᠦ ᠮᠡᠳᠡᠭᠡ ᠵᠠᠩᠭᠢ᠎ᠶᠢ ᠣᠨᠣᠪᠴᠢᠲᠠᠶ ᠪᠠᠶ᠋ᠢᠴᠠᠭᠠᠨ ᠯᠠᠪᠯᠠᠵᠤ᠂ 2025 ᠤᠨ ᠡᠴᠡ ᠨᠠᠭᠠᠰᠢ ᠨᠢᠭᠡᠨᠲᠡ 4438 ᠤᠳᠠᠭ᠎ᠠ ᠪᠠᠶ᠋ᠢᠴᠠᠭᠠᠨ ᠯᠠᠪᠯᠠᠪᠠ; ᠰᠠᠶ᠋ᠢᠨ ᠰᠠᠨᠠᠭ᠎ᠠ᠎ᠪᠠᠷ ᠬᠦᠢᠴᠡᠳᠬᠡᠬᠦ ᠤᠢᠯᠠᠭᠠᠭᠲᠠᠬᠤᠨ᠎ᠢ ᠴᠢᠡᠭᠭᠠᠳᠬᠠᠵᠤ᠂ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠠᠮᠢᠳᠤᠯᠢᠭ ᠬᠡᠷᠡᠭᠯᠡᠨ᠂ 2025ᠤᠨ᠎ᠡᠴᠡ ᠨᠠᠭᠠᠰᠢ 43 ᠠᠵᠤ ᠠᠬᠤᠶ᠋ᠢᠯᠠᠯ᠎ᠳᠤ 《ᠠᠮᠢᠳᠤᠯᠢᠭ᠎ᠢᠶᠠᠷ ᠪᠢᠲᠡᠭᠦᠮᠵᠢᠯᠡᠬᠦ᠌》 ᠠᠷᠭ᠎ᠠ ᠬᠡᠮᠵᠢᠶ᠎ᠡ ᠠᠪᠴᠤ᠌᠂ 42 ᠠᠵᠤ ᠠᠬᠤᠶ᠋ᠢᠯᠠᠯ᠎ᠤᠨ ᠢᠲᠡᠭᠡᠮᠵᠢ᠎ᠪᠡᠨ ᠰᠡᠷᠭᠦᠭᠡᠬᠦ᠌᠎ᠳᠦ ᠬᠦᠴᠦᠨ ᠨᠡᠮᠡᠷᠢᠯᠡᠪᠡ; 《ᠭᠦᠢᠴᠡᠳᠬᠡᠭᠦ ᠰᠢ᠌ᠳᠪᠦᠷᠢᠯᠡᠬᠦ᠌᠎ᠶᠢ ᠠᠭᠤᠰᠤᠯᠴᠠᠭᠤᠯᠬᠤ》 ᠵᠢ ᠭᠦᠨᠵᠡᠭᠡᠶ᠋ᠢᠷᠡᠭᠦᠯᠵᠦ᠍᠂ 《ᠦᠬᠦᠰᠢᠷᠡᠮᠡᠯ ᠠᠵᠤ ᠠᠬᠤᠶ᠋ᠢᠯᠠᠯ》 ᠳ᠋ᠤ ᠬᠣᠯᠪᠣᠭᠳᠠᠭᠰᠠᠨ ᠳᠠᠷᠤᠭᠳᠠᠮᠠᠯ ᠬᠡᠷᠡᠭ᠎ᠢ ᠲᠦᠷᠭᠡᠨ ᠴᠡᠪᠡᠷᠯᠡᠵᠦ᠍᠂ ᠬᠦᠴᠦᠨ᠎ᠢᠶᠡᠨ ᠲᠥᠪᠯᠡᠷᠡᠭᠦᠯᠦᠨ ᠠᠵᠤ ᠠᠬᠤᠶ᠋ᠢᠯᠠᠯ᠎ᠳᠤ ᠬᠣᠯᠪᠣᠭᠳᠠᠭᠰᠠᠨ ᠭᠣᠣᠯᠳᠠᠯᠭ᠎ᠠ᠎ᠲᠠᠶ ᠬᠡᠷᠡᠭ᠎ᠢ  ᠰᠢ᠌ᠳᠪᠦᠷᠢᠯᠡᠵᠦ᠍᠂ ᠡᠷᠡᠭᠦᠯ ᠪᠤᠰᠤ ᠡᠳ᠋ ᠬᠦᠷᠦᠩᠭᠡ᠎ᠶᠢ ᠲᠦᠷᠭᠡᠨ ᠰᠢ᠌ᠳᠪᠦᠷᠢᠯᠡᠵᠠᠢ᠃

《ᠴᠠᠭᠠᠰᠤᠨ ᠳᠡᠭᠡᠷᠡᠬᠢ ᠡᠷᠬᠡ ᠠᠰᠢᠭ》 ᠢ᠋ 《ᠵᠢᠩᠬᠢᠨᠢ ᠠᠯᠳᠠ ᠮᠦᠩᠬᠦ》 ᠪᠣᠯᠭᠠᠪᠠ᠃ ᠣᠷᠳᠣᠰ ᠬᠣᠲᠠ᠎ᠶᠢᠨ ᠰᠢᠭᠦᠬᠦ᠌ ᠬᠣᠷᠢᠶ᠎ᠠ ᠵᠢᠨ ᠰᠢᠰᠲ᠋ᠧᠮ᠎ᠦᠨ ᠦᠢᠯᠡᠲᠤᠯᠬᠡ᠎ᠶᠢᠨ ᠳᠤᠮᠳᠠ ᠬᠦᠢᠴᠡᠳᠬᠡᠬᠦ ᠠᠵᠢᠯ᠎ᠤᠨ ᠦᠷ᠎ᠡ ᠪᠦᠲᠦᠮᠵᠢ᠎ᠶᠢ ᠪᠦᠲᠦᠮᠵᠢᠲᠡᠶ ᠬᠥᠭᠵᠢᠭᠡᠵᠦ᠍᠂ ᠬᠦᠢᠴᠡᠳᠬᠡᠬᠦ  ᠬᠦᠴᠦᠨ᠎ᠢᠶᠡᠷ ᠨᠡᠶ᠋ᠢᠭᠡᠮ᠎ᠦᠨ ᠲᠥᠪ ᠭᠤᠤᠯᠴᠢ ᠰᠢᠳᠤᠷᠭᠤ ᠶᠣᠰᠣᠨ᠎ᠤ 《ᠡᠴᠦᠰ᠎ᠦᠨ ᠨᠢᠭᠡ ᠺᠢᠯᠣᠮᠧᠲ᠋ᠷ》 ᠢ᠋ ᠬᠠᠮᠠᠭᠠᠯᠠᠪᠠ᠃ 2025ᠤᠨ᠎ᠡᠴᠡ ᠨᠠᠭᠠᠰᠢ᠂ ᠣᠷᠳᠣᠰ ᠬᠣᠲᠠ᠎ᠶᠢᠨ ᠰᠢᠭᠦᠬᠦ᠌ ᠬᠣᠷᠢᠶ᠎ᠠ ᠵᠢᠨ ᠰᠢᠰᠲ᠋ᠧᠮ ᠡᠯ᠎ᠡ ᠲᠥᠷᠥᠯ᠎ᠦᠨ ᠬᠦᠢᠴᠡᠳᠬᠡᠬᠦ ᠬᠡᠷᠡᠭ᠎ᠢ ᠨᠡᠶ᠋ᠢᠲᠡ 3.77 ᠲᠦᠮᠡᠨ ᠬᠤᠪᠢ ᠭᠥᠯᠢᠶᠡᠨ ᠠᠪᠴᠤ᠌ ᠰᠢᠢᠳᠪᠤᠷᠢᠯᠠᠨ᠂ ᠨᠢᠭᠡᠨᠲᠡ 3.24 ᠲᠦᠮᠡᠨ ᠬᠤᠪᠢ᠎ᠶᠢ ᠨᠢ ᠬᠦᠢᠴᠡᠳᠬᠡᠨ ᠳᠠᠭᠤᠰᠬᠠᠵᠤ᠂ ᠬᠦᠢᠴᠡᠳᠬᠡᠭᠰᠠᠨ ᠵᠣᠭᠣᠰ᠎ᠤᠨ ᠲᠣᠭ᠎ᠠ ᠨᠢ 221.78 ᠳ᠋ᠦᠩᠰᠢᠭᠤᠷ ᠲᠥᠭᠥᠷᠢᠭ᠎ᠲᠦ᠍ ᠬᠦᠷᠴᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号