ᠴᠠᠭᠠᠨ ᠰᠠᠷ᠎ᠠ ᠶ᠋ᠢᠨ ᠱᠢᠨ᠎ᠡ᠎ᠶ᠋ᠢᠨ ᠭᠤᠷᠪᠠᠨ᠎ᠳᠤ᠂ ᠠᠯᠠᠱᠠ ᠠᠢᠮᠠᠭ᠎ᠤᠨ ᠡᠵᠡᠨ᠎ᠡ᠎ᠶ᠋ᠢᠨ ᠲᠣᠣᠷᠠᠢ᠎ᠶ᠋ᠢᠨ ᠤᠢ ᠶ᠋ᠢᠨ ᠤᠯᠤᠰ᠎ᠤᠨ ᠲᠡᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠲᠣᠪᠴᠢᠶᠠᠨ᠎ᠤ ᠭᠡᠱᠢᠭᠦᠳ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠨᠢᠭᠡ ᠡᠳᠦᠷ᠎ᠦᠨ ᠲᠣᠭᠣᠷᠢᠨ ᠬᠠᠮᠠᠭᠠᠯᠠᠬᠤ ᠠᠵᠢᠯ᠎ᠢᠶᠠᠨ ᠡᠬᠢᠯᠡᠭᠦᠯᠪᠡ᠃
《ᠡᠨᠳᠡᠬᠢ ᠪᠤᠯ ᠲᠦᠢᠮᠡᠷ᠎ᠤᠨ ᠠᠶᠤᠯ ᠢᠶᠡᠷ ᠬᠠᠮᠤᠭ᠎ᠤᠨ ᠥᠨᠳᠥᠷ᠂ ᠲᠣᠭᠣᠷᠢᠨ ᠬᠠᠮᠠᠭᠠᠯᠠᠬᠤ᠎ᠳᠤ ᠬᠠᠮᠤᠭ᠎ᠤᠨ ᠬᠦᠴᠢᠷᠲᠡᠶ ᠣᠷᠣᠨ ᠪᠣᠯᠤᠨ᠎ᠠ》᠃ ᠲᠤᠰ ᠲᠣᠪᠴᠢᠶᠠᠨ᠎ᠤ ᠴᠢ ᠳ᠋ᠤᠤ ᠴᠢᠶᠣᠤ ᠬᠠᠮᠢᠶᠠᠷᠤᠯᠲᠠ᠎ᠶ᠋ᠢᠨ ᠥᠷᠲᠡᠭᠡ᠎ᠶ᠋ᠢᠨ ᠳᠠᠷᠤᠭ᠎ᠠ ᠪᠠᠶ ᠶᠠᠩ᠄《ᠬᠠᠮᠢᠶᠠᠷᠤᠨ ᠬᠠᠮᠠᠭᠠᠯᠠᠭ᠍ᠴᠢ ᠪᠣᠯ ᠲᠦᠢᠮᠡᠷ᠎ᠢ ᠰᠡᠷᠭᠡᠢᠯᠡᠬᠦ᠌ ᠠᠮᠤᠷ ᠲᠦᠪᠱᠢᠨ᠎ᠦ ᠠᠵᠢᠯᠲᠠᠨ ᠪᠣᠯᠬᠤ᠎ᠪᠠᠷ ᠪᠠᠷᠠᠬᠤ ᠥᠬᠡᠶ ᠪᠠᠰᠠ ᠲᠤᠤᠷᠠᠶ᠎ᠶ᠋ᠢᠨ〈ᠣᠶ ᠱᠢᠭᠤᠶ᠎ᠶ᠋ᠢᠨ ᠡᠮᠴᠢ〉ᠮᠥᠨ᠂ ᠶᠠᠪᠠᠭᠠᠨ᠎ᠢᠶᠠᠷ ᠲᠣᠭᠣᠷᠢᠨ ᠪᠠᠢᠴᠠᠭᠠᠬᠤ ᠳᠤᠮᠳᠠ ᠮᠣᠳᠣᠨ᠎ᠤ ᠪᠠᠢᠳᠠᠯ᠎ᠢ ᠨᠢᠭᠡ ᠨᠢᠭᠡ᠎ᠪᠡᠷ ᠪᠠᠢᠴᠠᠭᠠᠨ ᠦᠵᠡᠵᠦ᠍᠂ ᠡᠪᠡᠳᠴᠢᠨ ᠬᠣᠷᠣᠬᠠᠶ᠎ᠶ᠋ᠢᠨ ᠭᠠᠮᠱᠢᠭ᠎ᠤᠨ ᠪᠠᠢᠳᠠᠯ᠎ᠢ ᠨᠠᠷᠢᠨ ᠲᠡᠮᠳᠡᠭ᠌ᠯᠡᠬᠦ᠌ ᠴᠢᠬᠤᠯᠠᠳᠠᠢ᠃ ᠬᠥᠮᠦᠨ ᠬᠠᠷ᠎ᠠ ᠴᠥᠭᠡᠨ ᠤᠴᠢᠳᠠᠭ ᠭᠤᠤᠯ ᠣᠷᠣᠨ᠎ᠳᠤ᠂ ᠵᠢᠯᠣᠭᠣᠴᠢ ᠥᠬᠡᠶ ᠨᠢᠰᠭᠡᠯ᠎ᠢᠶᠡᠷ ᠥᠨᠳᠥᠷ ᠣᠭ᠍ᠲᠠᠷᠭᠤᠶ᠎ᠡᠴᠡ ᠲᠦᠢᠮᠡᠷ᠎ᠤᠨ ᠠᠶᠤᠯ ᠪᠠ ᠱᠢᠭᠤᠢᠲᠤ ᠣᠷᠣᠨ᠎ᠤ ᠪᠠᠢᠳᠠᠯ᠎ᠢ ᠵᠢᠭ᠍ᠰᠠᠭᠠᠨ ᠪᠠᠢᠴᠠᠭᠠᠳᠠᠭ᠃ ᠬᠦᠮᠦᠨ᠎ᠤ ᠬᠦᠴᠦᠨ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠬᠠᠷᠢᠯᠴᠠᠨ ᠤᠶᠠᠯᠳᠤᠭᠤᠯᠵᠤ᠂ ᠲᠣᠣᠷᠠᠢ᠎ᠶ᠋ᠢᠨ ᠤᠢ ᠵᠢ ᠬᠠᠮᠠᠭᠠᠯᠠᠬᠤ ᠲᠣᠣᠷ᠎ᠢ ᠨᠢᠭ᠍ᠲᠠ ᠰᠦᠯᠵᠢᠭᠰᠡᠨ ᠪᠠᠢᠨ᠎ᠠ》 ᠭᠡᠵᠡᠢ᠃
ᠪᠠᠶ ᠶᠠᠩ ᠪᠣᠯ ᠡᠵᠡᠨ᠎ᠡ ᠨᠤᠲᠤᠭ᠎ᠤᠨ ᠬᠦᠮᠦᠨ᠃ ᠠᠩᠬ᠎ᠠ ᠡᠬᠢᠨ᠎ᠳᠡᠭᠡᠨ ᠤᠢ ᠱᠢᠭᠤᠢ᠎ᠶ᠋ᠢ ᠰᠠᠬᠢᠬᠤ ᠨᠢ ᠤᠢᠳᠭᠠᠷ ᠲᠠᠢ᠂ ᠤᠳᠬ᠎ᠠ ᠠᠭᠤᠯᠭ᠎ᠠ ᠦᠬᠡᠢ ᠰᠠᠨᠠᠭ᠍ᠳᠠᠵᠤ ᠪᠠᠢᠭᠰᠠᠨ᠎ᠡᠴᠡ ᠵᠡᠭᠡᠷ᠎ᠡ᠎ᠶ᠋ᠢᠨ ᠮᠥᠷ ᠢ ᠲᠤᠳᠤᠷᠬᠠᠢ ᠲᠠᠨᠢᠬᠤ᠂ ᠲᠣᠣᠷᠠᠢ ᠨᠢᠭᠡ ᠪᠦᠷᠢ᠎ᠶ᠋ᠢᠨ ᠪᠠᠢᠳᠠᠯ᠎ᠢ ᠨᠠᠷᠢᠨ ᠣᠢᠯᠠᠭᠠᠬᠰᠠᠨ ᠬᠦᠷᠲᠡᠯ᠎ᠡ᠂ ᠲᠡᠷᠡ ᠤᠷᠳᠤ ᠬᠤᠭᠤᠴᠠᠭ᠎ᠠ ᠪᠡᠷ ᠤᠢ ᠰᠢᠭᠤᠢ ᠵᠢ ᠲᠤᠭᠤᠷᠢᠨ ᠪᠠᠢᠴᠠᠭᠠᠬᠤ ᠠᠵᠢᠯ᠎ᠤᠨ ᠪᠠᠢᠷᠢ ᠲᠡᠬᠡᠷ᠎ᠡ ᠪᠠᠨ ᠡᠷᠬᠢᠮ ᠨᠠᠨᠳᠢᠨ ᠲᠤᠷᠱᠢᠯᠭ᠎ᠠ ᠵᠢ ᠬᠤᠷᠠᠮᠳᠤᠭᠤᠯᠵᠠᠢ᠃
ᠪᠠᠶ ᠶᠠᠩ᠄ 《ᠲᠤᠤᠷᠠᠶ᠎ᠶ᠋ᠢᠨ ᠣᠶ᠎ᠶ᠋ᠢ ᠰᠠᠬᠢᠨ ᠬᠠᠮᠠᠭᠠᠯᠠᠬᠤ ᠪᠣᠯ ᠦᠶ᠎ᠡ ᠦᠶ᠎ᠡ ᠵᠢᠨ ᠬᠦᠮᠦᠰ᠎ᠤᠨ ᠪᠤᠤᠬᠢᠶ᠎ᠠ ᠲᠠᠮᠵᠢᠭᠤᠯᠵᠤ ᠰᠠᠬᠢᠨ ᠬᠦᠢᠴᠡᠳᠬᠡᠵᠤ ᠢᠷᠡᠭ᠌ᠰᠡᠨ ᠬᠠᠷᠢᠭᠤᠴᠠᠯᠭ᠎ᠠ ᠮᠦᠨ᠂ ᠬᠠᠷᠢᠨ ᠭᠠᠭ᠍ᠴᠠ ᠬᠦᠮᠦᠨ᠎ᠤ ᠴᠢᠷᠮᠠᠢᠯᠭ᠎ᠠ ᠪᠡᠷ ᠪᠡᠶᠡᠯᠡᠬᠦᠯᠵᠤ ᠴᠢᠳᠠᠬᠤ ᠪᠢᠰᠢ᠃ ᠲᠤᠤᠷᠠᠢ ᠵᠢᠨ ᠤᠢ ᠵᠢ ᠲᠤᠭᠤᠷᠢᠨ ᠬᠠᠮᠠᠭᠠᠯᠠᠵᠤ᠂ ᠵᠢᠵᠢᠭᠦᠷᠯᠡᠨ ᠰᠠᠬᠢᠬᠤ ᠨᠢ ᠬᠡᠳᠦᠢᠪᠡᠷ ᠮᠠᠰᠢ ᠶᠠᠳᠠᠷᠠᠯᠲᠠᠢ ᠪᠣᠯᠪᠠᠴᠤ᠌ ᠤᠢ ᠱᠢᠭᠤᠢ ᠠᠮᠤᠷ ᠲᠦᠪᠱᠢᠨ᠂ ᠠᠮᠢ ᠠᠬᠤᠢ ᠰᠠᠢᠵᠢᠷᠠᠬᠤ᠎ᠳᠤ ᠯᠠ ᠬᠦᠷᠪᠡᠯ ᠮᠠᠨ᠎ᠤ ᠠᠵᠢᠯ ᠲᠤᠢᠯ᠎ᠤᠨ ᠤᠳᠬ᠎ᠠ ᠠᠭᠤᠯᠭ᠎ᠠ ᠲᠠᠢ ᠰᠠᠨᠠᠭᠳᠠᠨ᠎ᠠ》 ᠭᠡᠪᠠ᠃
ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠳᠥᠷᠪᠡᠨ᠎ᠳᠦ᠂ ᠡᠪᠦᠯᠵᠢᠵᠦ ᠪᠠᠢᠭ᠎ᠠ ᠰᠦᠷᠦᠭ ᠰᠦᠷᠦᠭ ᠠᠩᠭᠢᠷ᠎ᠤᠳ ᠤᠯᠠᠭᠠᠨᠰᠤᠬᠠᠢ ᠨᠠᠭᠤᠷ᠎ᠤᠨ ᠬᠥᠯᠳᠡᠭᠰᠡᠨ ᠥᠬᠡᠶ ᠤᠰᠤᠨ᠎ᠳᠤ ᠴᠤᠭ᠍ᠯᠠᠷᠠᠨ ᠭᠠᠩᠭᠠᠨᠠᠨᠠ᠃ ᠱᠢᠪᠠᠭᠤᠳ᠎ᠤᠨ ᠵᠢᠷᠭᠢᠬᠦ᠌ ᠲᠠᠭᠤᠨ ᠲᠩᠷᠢ᠎ᠶ᠋ᠢᠨ ᠬᠠᠶᠠᠭᠠᠨ᠎ᠳᠤ ᠴᠤᠤᠷᠢᠶᠠᠲᠤᠵᠤ᠂《ᠪᠣᠭᠣᠮᠲᠠ᠎ᠶ᠋ᠢᠨ ᠭᠠᠳᠠᠨᠠᠬᠢ ᠭᠡᠷᠡᠯᠲᠦ ᠰᠤᠪᠤᠳ》 ᠡᠴᠡ ᠴᠠᠭᠠᠨ ᠰᠠᠷ᠎ᠠ ᠵᠢᠨ ᠡᠶ᠎ᠡ ᠵᠣᠬᠢᠴᠠᠩᠭᠤᠢ ᠨᠠᠢᠷᠠᠯ ᠬᠥᠭ᠌ᠵᠢᠮ ᠬᠠᠩᠬᠢᠨᠠᠨ᠎ᠠ᠃
2 ᠰᠠᠷ᠎ᠠ᠎ᠶ᠋ᠢᠨ 20 ᠤ᠋ ᠡᠳᠦᠷ᠂ ᠥᠪᠥᠷ ᠮᠣᠩᠭᠣᠯ᠎ᠤᠨ ᠤᠯᠠᠭᠠᠨᠰᠤᠬᠠᠢ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠨᠠᠭᠤᠷ᠎ᠤᠨ ᠣᠷᠣᠨ᠎ᠤ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠳᠠᠷᠤᠭ᠎ᠠ ᠯᠢᠦ ᠸᠸᠨ ᠪᠢᠨ᠄《ᠠᠮᠢ ᠠᠬᠤᠢ ᠣᠷᠴᠢᠨ ᠲᠣᠭᠣᠷᠢᠨ ᠶᠠᠪᠤᠬᠤ ᠲᠤᠳᠤᠮ ᠰᠠᠢᠵᠢᠷᠠᠬᠤ᠎ᠶ᠋ᠢ ᠲᠠᠭᠠᠯᠳᠤᠨ᠂ ᠡᠨᠳᠡ ᠢᠷᠡᠵᠦ᠍ ᠣᠷᠣᠱᠢᠨ ᠠᠮᠢᠳᠤᠷᠠᠬᠤ᠂ ᠡᠪᠦᠯᠵᠢᠬᠦ᠌ ᠨᠡᠭᠦᠳᠡᠯ᠎ᠦᠨ ᠱᠢᠪᠠᠭᠤ ᠶᠠᠪᠤᠬᠤ ᠲᠤᠳᠤᠮ ᠣᠯᠠᠱᠢᠷᠠᠪᠠ᠃ 2025 ᠣᠨ᠎ᠤ 12 ᠰᠠᠷ᠎ᠠ᠎ᠳᠤ ᠤᠯᠠᠭᠠᠨᠰᠤᠬᠠᠢ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠱᠢᠪᠠᠭᠤᠨ᠎ᠤ ᠲᠥᠷᠥᠯ᠎ᠦᠨ ᠨᠡᠷᠡᠰ᠎ᠦᠨ ᠵᠢᠭ᠍ᠰᠠᠭᠠᠯᠲᠠ᠎ᠶ᠋ᠢ ᠱᠢᠨᠡᠳᠭᠡᠵᠦ᠍᠂ ᠬᠠᠮᠠᠭᠠᠯᠠᠯᠲᠠ᠎ᠶ᠋ᠢᠨ ᠣᠷᠣᠨ᠎ᠳᠤ 263 ᠵᠦᠶ᠋ᠯ᠎ᠦᠨ ᠱᠢᠪᠠᠭᠤ᠎ᠶ᠋ᠢ ᠲᠡᠮᠳᠡᠭ᠌ᠯᠡᠭ᠌ᠰᠡᠨ ᠪᠠᠢᠨ᠎ᠠ》 ᠭᠡᠵᠤ ᠲᠠᠨᠢᠯᠴᠠᠭᠤᠯᠪᠡ᠃
ᠤᠯᠠᠭᠠᠨᠰᠤᠬᠠᠢ ᠨᠠᠭᠤᠷ᠎ᠤᠨ ᠭᠤᠤ᠎ᠠ ᠰᠠᠢᠬᠠᠨ ᠨᠢ ᠤᠰᠤᠨ᠎ᠳᠤᠨᠢ ᠪᠤᠢ ᠭᠡᠳᠡᠭ ᠴᠸ᠋᠂ ᠵᠡᠭᠡᠰᠦ ᠵᠢᠨ ᠰᠠᠢᠬᠠᠨ ᠢ ᠨᠢ ᠴᠤ᠌ ᠤᠮᠳᠤᠭᠠᠢᠯᠠᠵᠤ ᠪᠤᠯᠬᠤ ᠦᠬᠡᠢ᠃ ᠲᠠᠨᠢᠯᠴᠠᠭᠤᠯᠤᠭ᠍ᠰᠠᠨ᠎ᠢᠶᠠᠷ ᠤᠯᠠᠭᠠᠨᠰᠤᠬᠠᠢ ᠨᠠᠭᠤᠷ᠎ᠤᠨ 300 ᠱᠢᠬᠠᠮ ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠨᠠᠭᠤᠷ᠎ᠤᠨ ᠤᠰᠤᠨ᠎ᠤ ᠲᠠᠯᠠᠪᠠᠶ᠎ᠡᠴᠡ ᠵᠢᠯ ᠪᠦᠷᠢ ᠪᠠᠷᠤᠭ 10 ᠲᠦᠮᠡᠨ ᠲᠣᠨ ᠵᠡᠭᠡᠰᠦ ᠭᠠᠷᠳᠠᠭ᠃ ᠭᠡᠲᠡᠯ᠎ᠡ ᠵᠡᠭᠡᠰᠦ᠎ᠶ᠋ᠢ ᠴᠠᠭ ᠲᠤᠬᠠᠶ᠎ᠳᠤᠨᠢ ᠱᠢᠶ᠋ᠳᠪᠦᠷᠢᠯᠡᠬᠦ ᠥᠬᠡᠶ ᠶᠤᠮ ᠪᠣᠯ ᠤᠰᠤᠨ᠎ᠳᠤ ᠢᠯᠵᠢᠷᠡᠵᠦ᠍᠂ ᠤᠰᠤᠨ᠎ᠤ ᠴᠢᠨᠠᠷ ᠢ ᠨᠥᠯᠥᠭᠡᠯᠡᠳᠡᠭ᠃ 2018 ᠣᠨ᠎ᠳᠤ ᠤᠯᠠᠭᠠᠨᠰᠤᠬᠠᠢ ᠵᠢᠨ ᠰᠠᠪᠠ ᠭᠠᠵᠠᠷ᠎ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠦᠨ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠲᠤᠷᠱᠢᠯᠲᠠ᠎ᠶ᠋ᠢᠨ ᠴᠡᠭ᠎ᠦᠨ ᠢᠨᠵᠧᠨᠧᠷᠢᠩ ᠪᠦᠬᠦ᠌ ᠲᠠᠯ᠎ᠠ᠎ᠪᠠᠷ ᠡᠬᠢᠯᠡᠪᠡ᠃ ᠪᠠᠶᠠᠨᠨᠠᠭᠤᠷ ᠬᠣᠲᠠ ᠤᠯᠠᠭᠠᠨᠰᠤᠬᠠᠢ ᠵᠢᠨ ᠪᠥᠬᠥ᠌ ᠰᠠᠪᠠ ᠭᠠᠵᠠᠷ᠎ᠤᠨ ᠠᠮᠢ ᠠᠬᠤᠶ᠎ᠶ᠋ᠢ ᠵᠠᠰᠠᠨ ᠰᠡᠷᠭᠦᠭᠡᠬᠦ᠌᠂ ᠶᠡᠷᠦᠩᠬᠡᠢᠯᠡᠨ ᠵᠠᠰᠠᠬᠤ ᠪᠠ ᠬᠠᠮᠠᠭᠠᠯᠠᠵᠤ ᠨᠡᠭᠡᠭᠡᠨ ᠬᠥᠭ᠌ᠵᠢᠭᠦᠯᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠠᠮᠢ ᠠᠬᠤᠶ᠎ᠶ᠋ᠢᠨ ᠤᠰᠤ ᠵᠢ ᠨᠥᠬᠥᠪᠥᠷᠢᠯᠡᠬᠦ᠌᠂ ᠨᠠᠭᠤᠷ ᠲᠤ᠌ ᠴᠢᠳᠬᠤᠬᠤ᠎ᠡᠴᠡ ᠡᠮᠦᠨ᠎ᠡ ᠨᠤᠭᠤ ᠭᠠᠵᠠᠷ᠎ᠢ ᠴᠡᠪᠡᠷᠱᠢᠭᠦᠯᠬᠦ᠌᠂ ᠨᠠᠭᠤᠷ᠎ᠤᠨ ᠣᠷᠣᠨ᠎ᠤ ᠢᠷᠣᠭᠠᠷ᠎ᠤᠨ ᠱᠢᠪᠠᠷ᠎ᠢ ᠱᠢᠶ᠋ᠳᠪᠦᠷᠢᠯᠡᠬᠦ᠌ ᠲᠤᠷᠱᠢᠯᠲᠠ ᠵᠡᠷᠭᠡ ᠰᠢᠷᠢᠰ ᠢᠨᠵᠧᠨᠧᠷᠢᠩ᠎ᠢ ᠬᠡᠷᠡᠭ᠌ᠵᠢᠭᠦᠯᠵᠦ᠍᠂ ᠨᠠᠭᠤᠷ᠎ᠤᠨ ᠤᠰᠤ᠎ᠶ᠋ᠢ ᠴᠡᠪᠡᠷ ᠲᠤᠩᠭᠠᠯᠠᠭ ᠪᠤᠯᠭᠠᠭᠰᠠᠨ ᠪᠠᠢᠨ᠎ᠠ᠃
2 ᠰᠠᠷ᠎ᠠ᠎ᠶ᠋ᠢᠨ ᠡᠬᠢ᠎ᠪᠡᠷ᠂ ᠥᠪᠥᠷ ᠮᠣᠩᠭᠣᠯ᠎ᠤᠨ ᠵᠶ᠋ᠢ ᠵᠢᠶᠠ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠱᠤᠭᠤᠮ ᠳᠡᠭᠡᠷ᠎ᠡ᠂ ᠤᠯᠠᠭᠠᠨᠰᠤᠬᠠᠢ ᠡᠴᠡ ᠤᠷᠤᠭᠤᠯᠤᠭᠰᠠᠨ ᠵᠡᠬᠡᠰᠦ ᠠᠯᠢ ᠤᠯᠠᠨ ᠠᠵᠢᠯ᠎ᠤᠨ ᠳᠠᠷᠠᠭᠠᠯᠠᠯ᠎ᠢ ᠥᠩᠭᠡᠷᠡᠭᠡᠭᠡᠳ᠂ ᠠᠯᠳᠧᠭᠢᠳ᠋ ᠦᠭᠡᠢ ᠠᠮᠢ ᠠᠬᠤᠢ ᠵᠢᠨ ᠬᠠᠮᠠᠭᠠᠯᠠᠯᠲᠠ ᠵᠢᠨ ᠬᠠᠪᠲᠠᠰᠤ ᠪᠤᠯᠵᠤ᠂ ᠱᠢᠨᠵᠢᠶᠠᠩ᠂ ᠯᠢᠶᠣᠤᠨᠢᠩ ᠵᠡᠷᠭᠡ ᠭᠠᠵᠠᠷ᠎ᠲᠤ ᠲᠠᠰᠤᠷᠠᠯᠳᠠ ᠦᠭᠡᠢ ᠵᠥᠭᠡᠭᠡᠪᠦᠷᠢᠯᠡᠭ᠌ᠳᠡᠪᠡ᠃
《ᠪᠢᠳᠡ 1 ᠰᠠᠷ᠎ᠠ᠎ᠶ᠋ᠢᠨ 15 ᠤ᠋ ᠡᠳᠦᠷ᠎ᠡᠴᠡ ᠲᠤᠨᠤᠭ ᠲᠦᠬᠦᠭᠡᠷᠦᠮᠵᠢ ᠪᠠᠨ ᠪᠦᠬᠦᠨ᠎ᠢ ᠲᠠᠯᠠᠪᠠᠢ᠎ᠳᠤ ᠣᠷᠣᠭᠤᠯᠵᠤ ᠂ 2 ᠰᠠᠷ᠎ᠠ᠎ᠶ᠋ᠢᠨ ᠡᠬᠢ᠎ᠪᠡᠷ ᠬᠠᠳᠤᠵᠤ ᠬᠤᠷᠢᠶᠠᠬᠤ᠂ ᠪᠣᠭᠣᠳᠠᠯᠯᠠᠬᠤ ᠪᠠ ᠵᠥᠭᠡᠭᠡᠪᠦᠷᠢᠯᠡᠬᠦ᠌ ᠪᠦᠬᠦ᠌ ᠶᠠᠪᠤᠴᠠ᠎ᠶ᠋ᠢ ᠪᠡᠶᠡᠯᠡᠭᠦᠯᠳᠡᠭ》ᠭᠡᠵᠦ ᠬᠠᠮᠢᠶ᠎ᠠ ᠪᠦᠬᠦᠢ ᠠᠵᠢᠯᠲᠠᠨᠬᠡᠯᠡᠪᠡ᠃
ᠥᠪᠥᠷ ᠮᠣᠩᠭᠣᠯ᠎ᠤᠨ ᠵᠶ᠋ᠢ ᠵᠢᠶᠠ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠᠩ ᠴᠢᠦ ᠯᠸᠢ᠄《2025 ᠣᠨ᠎ᠳᠤ ᠺᠣᠮᠫᠠᠨᠢ 11.3 ᠲᠦᠮᠡᠨ ᠪᠣᠰᠣᠭ᠎ᠠ ᠳᠥᠷᠪᠡᠯᠵᠢᠨ ᠮᠧᠲᠷ᠎ᠤᠨ ᠠᠮᠢ ᠠᠬᠤᠢ ᠵᠢᠨ ᠬᠠᠮᠠᠭᠠᠯᠠᠯᠲᠠ ᠵᠢᠨ ᠬᠠᠪᠲᠠᠰᠤ ᠵᠢ ᠦᠢᠯᠡᠳᠪᠦᠷᠢᠯᠡᠵᠦ᠍᠂ 12.6 ᠲᠦᠮᠡᠨ ᠲᠣᠨ ᠵᠡᠬᠡᠰᠦ ᠵᠠᠷᠤᠴᠠᠭᠤᠯᠪᠠ》 ᠭᠡᠪᠡ᠃
ᠵᠠᠰᠠᠯᠲᠠ᠎ᠶ᠋ᠢᠨ ᠦᠷ᠎ᠡ ᠪᠦᠲᠦᠮᠵᠢ᠎ᠨᠢ ᠤᠰᠤᠨ᠎ᠤ ᠴᠢᠨᠠᠷ ᠳᠡᠭᠡᠷ᠎ᠡ ᠲᠣᠳᠣᠷᠬᠠᠶ ᠲᠤᠰᠭᠠᠭ᠍ᠳᠠᠵᠤ ᠪᠠᠢᠳᠠᠭ᠃ ᠣᠳᠣᠬᠠᠨ᠎ᠳᠤ ᠪᠦᠬᠦᠢᠯᠡ ᠨᠠᠭᠤᠷ᠎ᠤᠨ ᠣᠷᠣᠨ᠎ᠤ ᠤᠰᠤᠨ᠎ᠤ ᠴᠢᠨᠠᠷ᠎ᠨᠢ V ᠲᠥᠷᠥᠯ᠎ᠦᠨ ᠪᠠᠷᠢᠮᠵᠢᠶ᠎ᠠ᠎ᠳᠤ ᠬᠦᠷᠴᠦ᠍᠂ ᠵᠠᠷᠢᠮ ᠭᠠᠵᠠᠷ᠎ᠨᠢ ᠴᠢᠨᠠᠭ᠍ᠰᠢᠯᠠᠭᠠᠳ Ⅳ ᠲᠥᠷᠥᠯ᠎ᠳᠦ ᠬᠦᠷᠴᠡᠶ᠃ 2023 ᠣᠨ᠎ᠤ 12 ᠰᠠᠷ᠎ᠠ᠎ᠳᠤ᠂ ᠤᠯᠠᠭᠠᠨᠰᠤᠬᠠᠢ ᠨᠠᠭᠤᠷ ᠤᠯᠤᠰ᠎ᠤᠨ ᠴᠢᠬᠤᠯᠠ ᠨᠤᠭᠤ ᠭᠠᠵᠠᠷ᠎ᠤᠨ ᠨᠡᠷᠡᠰ᠎ᠲᠦ ᠰᠣᠩᠭᠣᠭ᠍ᠳᠠᠨ ᠣᠷᠣᠪᠠ᠃
ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠳᠤ᠂ ᠱᠢᠯᠢ᠎ᠶ᠋ᠢᠨ ᠭᠤᠤᠯ ᠠᠢᠮᠠᠭ᠎ᠤᠨ ᠱᠢᠯᠤᠭᠤᠨ ᠬᠥᠬᠡ ᠬᠣᠱᠢᠭᠤᠨ᠎ᠤ ᠬᠤᠯᠠᠨ ᠱᠢᠷᠭ᠎ᠠ ᠲᠠᠭ᠎ᠠ᠎ᠶ᠋ᠢᠨ ᠬᠡᠪᠴᠢᠶᠡᠵᠢᠭ᠌ᠰᠡᠨ ᠣᠶ ᠱᠢᠭᠤᠶ᠎ᠶ᠋ᠢᠨ ᠲᠠᠯᠠᠪᠠᠶ᠎ᠶ᠋ᠢᠨ ᠺᠠᠳ᠋ᠷ ᠠᠵᠢᠯᠲᠠᠨ ᠮᠥᠨ ᠬᠦ᠌ ᠠᠵᠢᠯ᠎ᠤᠨ ᠪᠠᠢᠷᠢ ᠪᠠᠨ ᠰᠠᠬᠢᠵᠤ ᠪᠠᠢᠯ᠎ᠠ᠃ ᠥᠷᠴᠠᠢᠬᠤ ᠦᠶ᠎ᠠ ᠪᠡᠷ᠂ ᠲᠦᠢᠮᠡᠷ᠎ᠢ ᠰᠡᠷᠭᠡᠢᠯᠡᠬᠦ᠌ ᠡᠯ᠎ᠡ ᠴᠡᠭ᠎ᠦᠨ ᠵᠢᠵᠢᠭᠦᠷᠯᠡᠭ᠌ᠴᠢ ᠨᠢᠭᠡᠨᠲᠡ ᠠᠵᠢᠯ᠎ᠤᠨ ᠪᠠᠢᠷᠢ᠎ᠳᠠᠭᠠᠨ ᠭᠠᠷᠴᠤ᠌᠂ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ ᠪᠡᠷ ᠡᠨᠡ ᠬᠦ᠌ ᠥᠷᠭᠡᠨ ᠠᠭᠤᠳᠠᠮ ᠨᠣᠭᠣᠭᠠᠨ ᠬᠠᠯᠬᠠᠪᠴᠢ᠎ᠶ᠋ᠢ ᠰᠠᠬᠢᠨ ᠬᠠᠮᠠᠭᠠᠯᠠᠨ᠎ᠠ᠃
ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠠᠷᠠᠳ᠎ᠤᠨ ᠵᠠᠩ ᠦᠢᠯᠡ᠎ᠶ᠋ᠢᠨ ᠭᠠᠯ ᠲᠦᠯᠡᠬᠦ᠂ ᠲᠠᠬᠢᠯᠭ᠎ᠠ᠎ᠶ᠋ᠢᠨ ᠭᠠᠯ ᠬᠡᠷᠡᠭ᠌ᠯᠡᠬᠦ᠌ ᠬᠡᠮᠵᠢᠶ᠎ᠡ ᠨᠡᠮᠡᠭ᠌ᠳᠡᠬᠦ᠌ ᠵᠡᠷᠭᠡ ᠠᠶᠤᠯ ᠲᠦᠭ᠌ᠰᠢᠭᠦᠷᠢ ᠵᠢᠨ ᠬᠡᠮ ᠰᠣᠭᠣᠭ᠎ᠲᠤ ᠴᠢᠭ᠌ᠯᠡᠭᠦᠯᠦᠨ᠂ ᠱᠢᠯᠤᠭᠤᠨ ᠬᠥᠬᠡ ᠬᠣᠱᠢᠭᠤᠨ᠎ᠤ ᠬᠤᠯᠠᠨ ᠱᠢᠷᠭ᠎ᠠ ᠲᠠᠭ᠎ᠠ᠎ᠶ᠋ᠢᠨ ᠬᠡᠪᠴᠢᠶᠡᠵᠢᠭ᠌ᠰᠡᠨ ᠣᠶ ᠱᠢᠭᠤᠶ᠎ᠶ᠋ᠢᠨ ᠲᠠᠯᠠᠪᠠᠶ ᠵᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ ᠤᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭ᠌ᠵᠢᠭᠦᠯᠦᠨ᠂ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠬᠠᠮᠢᠶᠠᠷᠤᠯᠲᠠ ᠡᠵᠡᠮᠳᠡᠯ᠎ᠢ ᠪᠥᠬᠥ᠌ ᠲᠠᠯ᠎ᠠ᠎ᠪᠠᠷ ᠴᠢᠩᠭᠠᠳᠭᠠᠪᠠ᠃ ᠴᠢᠩᠭ᠎ᠠ ᠳᠦᠷᠢᠮ ᠲᠣᠭ᠍ᠲᠠᠭᠠᠯ ᠲᠣᠭ᠍ᠲᠠᠭᠠᠵᠤ᠂ ᠭᠠᠯ᠎ᠤᠨ ᠡᠬᠢ ᠰᠤᠷᠪᠤᠯᠵᠢ᠎ᠶ᠋ᠢ ᠴᠢᠩᠭ᠎ᠠ ᠬᠢᠵᠠᠭᠠᠷᠯᠠᠵᠤ᠂ ᠠᠮᠤᠷ ᠲᠦᠪᠱᠢᠨ᠎ᠦ ᠭᠡᠮ ᠰᠤᠭᠤᠭ᠎ᠢ ᠪᠦᠬᠦ᠌ ᠲᠠᠯ᠎ᠠ᠎ᠪᠠᠷ ᠠᠷᠢᠯᠭᠠᠪᠠ᠃ ᠣᠷᠣᠬᠤ ᠡᠭᠦᠳᠡᠨ᠎ᠳᠦ ᠲᠣᠭ᠍ᠲᠠᠮᠠᠯ ᠪᠠᠢᠴᠠᠭᠠᠬᠤ ᠥᠷᠳᠡᠭᠡ ᠪᠠᠢᠭᠤᠯᠵᠤ᠂ ᠬᠥᠮᠦᠰ ᠤᠨ ᠭᠠᠯ᠎ᠤᠨ ᠡᠬᠢ ᠠᠪᠴᠤ᠌ ᠣᠷᠣᠬᠤ᠎ᠶ᠋ᠢ ᠴᠢᠩᠭ᠎ᠠ ᠴᠠᠭᠠᠵᠠᠯᠠᠵᠤ᠂ ᠤᠢ ᠱᠢᠭᠤᠢ ᠨᠤᠲᠤᠭ ᠪᠡᠯᠴᠢᠭᠡᠷ᠎ᠤᠨ ᠲᠦᠢᠮᠡᠷ ᠤᠨ ᠠᠶᠤᠯ ᠭᠠᠷᠬᠤ᠎ᠶ᠋ᠢ ᠰᠡᠷᠭᠡᠢᠯᠡᠪᠡ᠃
《ᠤᠢ ᠱᠢᠭᠤᠢ᠎ᠶ᠋ᠢᠨ ᠲᠠᠯᠠᠪᠠᠢ᠎ᠶ᠋ᠢᠨ ᠡᠬᠢ ᠪᠠᠶᠠᠯᠢᠭ ᠡᠯᠪᠡᠭ᠂ ᠬᠠᠭᠤᠷᠠᠢ ᠡᠪᠡᠰᠤ ᠢᠭᠴᠤ ᠰᠠᠬᠤᠯᠢᠭ ᠤᠷᠭᠤᠵᠦ ᠪᠠᠢᠳᠠᠭ ᠡᠴᠡ᠂ ᠮᠠᠨ᠎ᠤ ᠤᠢ ᠬᠠᠮᠠᠭᠠᠯᠠᠭ᠍ᠴᠢ 24 ᠴᠠᠭ᠎ᠢᠶᠠᠷ ᠠᠵᠢᠯ᠎ᠤᠨ ᠪᠠᠢᠷᠢ᠎ᠳᠠᠭᠠᠨ ᠵᠢᠵᠢᠭᠦᠷᠯᠡᠵᠦ᠍᠂ ᠲᠣᠣᠷᠴᠢᠯᠠᠭᠰᠠᠨ ᠲᠣᠭᠣᠷᠢᠨ ᠪᠠᠢᠴᠠᠭᠠᠯᠲᠠ ᠪᠣᠯᠤᠨ ᠲᠣᠭ᠍ᠲᠠᠭ᠍ᠰᠠᠨ ᠴᠡᠭ᠎ᠲᠦ ᠵᠢᠵᠢᠭᠦᠷᠯᠡᠨ ᠰᠠᠬᠢᠬᠤ᠎ᠶ᠋ᠢ ᠤᠶᠠᠯᠳᠤᠭᠤᠯᠤᠭ᠍ᠰᠠᠨ ᠬᠠᠮᠢᠶᠠᠷᠤᠨ ᠡᠵᠡᠮᠳᠡᠬᠦ᠌ ᠵᠠᠭ᠍ᠪᠤᠷ᠎ᠢ ᠬᠡᠷᠡᠭ᠌ᠵᠢᠭᠦᠯᠬᠦ᠌᠎ᠪᠡᠷ ᠳᠠᠮᠵᠢᠨ᠂ ᠲᠦᠢᠮᠡᠷ᠎ᠢ ᠰᠡᠷᠭᠡᠢᠯᠡᠬᠦ᠌ ᠬᠠᠷᠢᠭᠤᠴᠠᠯᠭ᠎ᠠ᠎ᠶ᠋ᠢ ᠱᠠᠳᠤ ᠱᠠᠳᠤ᠎ᠪᠠᠷ ᠨᠠᠢᠳᠠᠪᠤᠷᠢᠵᠢᠭᠤᠯᠵᠤ ᠪᠤᠢ᠃ ᠵᠢᠵᠢᠭᠦᠷᠯᠡᠨ ᠰᠠᠬᠢᠵᠤ ᠪᠠᠢᠭ᠎ᠠ ᠺᠠᠳ᠋ᠷ ᠠᠵᠢᠯᠳᠠᠨ ᠠᠵᠢᠯᠴᠢᠨ ᠬᠠᠬᠢᠷ ᠬᠦᠢᠳᠡᠨ᠎ᠢ ᠬᠠᠢᠬᠤᠷᠤᠯ ᠦᠬᠡᠢ ᠪᠡᠷ ᠡᠯ᠎ᠡ ᠤᠢ ᠱᠢᠭᠤᠢ᠎ᠶ᠋ᠢᠨ ᠲᠠᠯᠠᠪᠠᠢ᠎ᠶ᠋ᠢᠨ ᠭᠣᠣᠯᠳᠠᠯᠭ᠎ᠠ᠎ᠲᠠᠶ ᠣᠷᠣᠨ ᠪᠦᠰᠡ᠎ᠶ᠋ᠢ ᠬᠤᠪᠢᠶᠠᠨ ᠰᠠᠬᠢᠵᠤ᠂ ᠭᠠᠯ᠎ᠤᠨ ᠡᠬᠢ ᠰᠤᠷᠪᠤᠯᠵᠢ᠎ᠶ᠋ᠢ ᠬᠠᠮᠢᠶᠠᠷᠤᠨ ᠡᠵᠡᠮᠳᠡᠬᠦ᠌᠎ᠳᠦ ᠥᠨᠴᠥᠭ ᠪᠤᠯᠤᠩ ᠦᠯᠡᠳᠡᠬᠡᠯ ᠦᠭᠡᠢ᠂ ᠪᠦᠬᠦᠨ᠎ᠢ ᠬᠠᠮᠤᠷᠬᠤ᠎ᠶ᠋ᠢ ᠦᠨᠡᠨ ᠬᠦ᠌ ᠪᠠᠲᠤᠯᠠᠵᠦ ᠪᠤᠢ》 ᠭᠡᠵᠦ᠍ ᠱᠢᠯᠤᠭᠤᠨ ᠬᠥᠬᠡ ᠬᠣᠱᠢᠭᠤᠨ᠎ᠤ ᠬᠤᠯᠠᠨ ᠱᠢᠷᠭ᠎ᠠ ᠲᠠᠭ᠎ᠠ᠎ᠶ᠋ᠢᠨ ᠬᠡᠪᠴᠢᠶᠡᠵᠢᠭᠦᠯᠦᠭ᠌ᠰᠡᠨ ᠣᠶ ᠱᠢᠭᠤᠶ᠎ᠶ᠋ᠢᠨ ᠲᠠᠯᠠᠪᠠᠶ᠎ᠶ᠋ᠢᠨ ᠳᠠᠷᠤᠭ᠎ᠠ ᠮᠠ ᠬᠤᠤ ᠷᠠᠨ ᠬᠡᠯᠡᠪᠡ᠃
ᠲᠠᠨᠢᠯᠴᠠᠭᠤᠯᠤᠭ᠍ᠰᠠᠨ᠎ᠢᠶᠠᠷ᠂ ᠣᠶ ᠬᠠᠮᠠᠭᠠᠯᠠᠭ᠍ᠴᠢ ᠰᠠᠯᠬᠢ ᠱᠢᠭᠤᠷᠭᠠᠨ᠎ᠢ ᠰᠥᠷᠥᠨ ᠪᠠᠢ᠌ᠩᠭᠤᠵᠢᠬ᠍ᠰᠠᠨ ᠲᠣᠭᠣᠷᠢᠨ ᠬᠠᠮᠠᠭᠠᠯᠠᠬᠤ ᠠᠵᠢᠯ᠎ᠢ ᠥᠷᠨᠢᠭᠦᠯᠵᠦ᠍᠂ ᠲᠦᠢᠮᠡᠷ᠎ᠤᠨ ᠠᠶᠤᠯ᠎ᠤᠨ ᠬᠡᠮ ᠰᠤᠭᠤᠭ᠎ᠢ ᠭᠤᠤᠯᠳᠠᠯᠭ᠎ᠠ᠎ᠲᠠᠶ ᠵᠢᠭ᠍ᠰᠠᠭᠠᠨ ᠪᠠᠢᠴᠠᠭᠠᠵᠤ᠂ ᠲᠣᠭ᠍ᠲᠠᠭᠠᠯ᠎ᠡᠴᠡ ᠵᠥᠷᠢᠴᠡᠨ ᠮᠠᠯᠵᠢᠬᠤ᠎ᠶ᠋ᠢ ᠬᠣᠷᠢᠭ᠍ᠯᠠᠨ ᠵᠣᠭ᠍ᠰᠣᠭᠠᠵᠤ᠂ ᠬᠡᠭᠡᠷ᠎ᠡ᠎ᠶ᠋ᠢᠨ ᠠᠮᠢᠲᠠᠨ ᠤᠷᠭᠤᠮᠠᠯ᠎ᠤᠨ ᠬᠥᠳᠡᠯᠦᠯ ᠪᠠᠢᠳᠠᠯ᠎ᠢ ᠬᠢᠨᠠᠨ ᠬᠡᠮᠵᠢᠳᠡᠭ᠃ ᠡᠭᠦᠨ᠎ᠦ ᠬᠠᠮᠲᠤ ᠪᠠᠰᠠ 《ᠬᠦᠮᠦᠨ᠎ᠤ ᠬᠦᠴᠦᠨ᠎ᠤ ᠰᠡᠷᠭᠡᠢᠯᠡᠯᠲᠡ + ᠮᠡᠷᠭᠡᠵᠢᠯ᠎ᠦᠨ ᠰᠡᠷᠭᠡᠢᠯᠡᠯᠲᠡ》 ᠶ᠋ᠢ ᠠᠭᠤᠰᠤᠯᠴᠠᠭᠤᠯᠬᠤ ᠵᠠᠭ᠍ᠪᠤᠷ᠎ᠢ ᠭᠦᠨᠵᠡᠭᠡᠢᠷᠡᠭᠦᠯᠵᠦ᠍᠂ ᠦᠨᠳᠦᠷ ᠲᠣᠳᠣᠴᠠᠳᠤ ᠸᠢᠳᠢᠣ᠋ ᠬᠢᠨᠠᠨ ᠡᠵᠡᠮᠳᠡᠯ᠂ ᠵᠢᠯᠣᠭᠣᠴᠢ ᠥᠬᠡᠶ ᠨᠢᠰᠭᠡᠯ᠎ᠢᠶᠡᠷ ᠲᠣᠭᠣᠷᠢᠨ ᠬᠠᠮᠠᠭᠠᠯᠠᠬᠤ ᠵᠡᠷᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠷᠭ᠎ᠠ ᠪᠠᠷᠢᠯ᠎ᠢ ᠬᠡᠷᠡᠭᠯᠡᠭᠰᠡᠨ ᠡᠴᠨ ᠲᠣᠭᠣᠷᠢᠨ ᠬᠠᠮᠠᠭᠠᠯᠠᠬᠤ ᠠᠵᠢᠯ᠎ᠤᠨ ᠣᠨᠣᠪᠴᠢ᠎ᠶ᠋ᠢᠨ ᠬᠡᠮᠵᠢᠶ᠎ᠡ ᠪᠠ ᠪᠣᠳᠠᠲᠤ ᠦᠷ᠎ᠡ ᠪᠦᠳᠦᠮᠵᠢᠳᠦ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠡᠢ᠃