ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ᠎ᠢ ᠬᠦᠷᠢᠶᠡᠯᠡᠬᠦ᠌ ᠠᠵᠢᠯ᠎ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠂ ᠠᠯᠠᠱᠠ ᠠᠢᠮᠠᠭ᠎ᠤᠨ ᠬᠣᠶᠠᠷ᠎ᠢ ᠬᠦᠷᠢᠶᠡᠯᠡᠬᠦ᠌ ᠠᠵᠢᠯ᠎ᠤᠨ ᠠᠯᠪᠠᠨ ᠬᠡᠷ ᠵᠡᠷᠭᠡ ᠪᠠᠢᠭᠤᠯᠭ᠎ᠠ ᠨᠢᠭᠡᠴᠢ ᠡᠴᠨ ᠬᠠᠮᠲᠤᠷᠠᠨ ᠡᠷᠭᠢᠯᠡᠭ᠌ᠰᠡᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠬᠦᠰᠡᠯ ᠵᠡᠭᠦᠳᠦ᠍᠎ᠪᠡᠨ ᠲᠡᠷᠭᠡᠯᠱᠢᠭᠦᠯᠵᠦ᠍᠂ ᠬᠠᠮᠲᠤ᠎ᠪᠠᠷ ᠴᠠᠭᠠᠨ ᠰᠠᠷ᠎ᠠ᠎ᠶ᠋ᠢᠨ ᠪᠠᠶᠠᠷ ᠬᠦᠷᠭᠡᠶ᠎ᠡ》 ᠭᠤᠤᠯ ᠰᠡᠳᠦᠪᠲᠦ ᠤᠷᠠᠨ ᠰᠠᠢᠬᠠᠨ᠎ᠤ ᠲᠣᠭ᠍ᠯᠠᠯᠲᠠ ᠡᠵᠡᠨ᠎ᠡ ᠬᠣᠱᠢᠭᠤᠨ᠎ᠳᠤ ᠶᠠᠪᠤᠭ᠍ᠳᠠᠪᠠ᠃
ᠲᠣᠭ᠍ᠯᠠᠯᠲᠠ ᠨᠢ 《ᠤᠶᠤᠨ ᠰᠠᠨᠠᠭᠠᠨ᠎ᠤ ᠰᠦᠭ ᠰᠦᠨᠡᠰᠦ᠎ᠶ᠋ᠢ ᠱᠤᠭᠤᠬᠤ᠂ ᠪᠤᠳᠤᠯ ᠰᠡᠳᠬᠢᠯ ᠵᠢᠡᠨ ᠬᠠᠷᠢᠯᠴᠠᠨ ᠤᠢᠯᠠᠭᠠᠯᠴᠠᠬᠤ᠂ ᠪᠠᠶᠠᠷ ᠳᠤᠷᠠᠰᠭᠠᠯ᠎ᠤᠨ ᠡᠳᠦᠷ᠎ᠢ ᠬᠠᠮᠲᠤ᠎ᠪᠠᠷ ᠪᠡᠯᠭᠡᠯᠡᠬᠦ᠌》 ᠪᠡᠷ ᠵᠣᠷᠢᠯᠲᠠ ᠪᠣᠯᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠤᠯᠤᠰ᠎ᠲᠠᠭᠠᠨ ᠵᠢᠳᠬᠦᠬᠦ᠌ ᠬᠦᠰᠡᠯ ᠵᠤᠷᠢᠯᠳᠠ ᠪᠣᠯᠤᠨ ᠴᠠᠭᠠᠨ ᠰᠠᠷ᠎ᠠ᠎ᠶ᠋ᠢᠨ ᠬᠠᠢᠷ᠎ᠠ ᠰᠡᠳᠭᠢᠯᠭᠡ᠎ᠶ᠋ᠢ ᠠᠭᠤᠰᠤᠯᠴᠠᠭᠤᠯᠵᠤ᠂ ᠤᠷᠠᠨ ᠪᠥᠵᠢᠭ᠂ ᠳᠠᠭᠤᠤ ᠬᠥᠭ᠌ᠵᠢᠮ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠤᠯᠠᠨ ᠲᠦᠷᠦᠯ ᠵᠤᠢᠯ ᠢ᠋ ᠬᠠᠮᠤᠷᠤᠬᠰᠠᠨ 10 ᠰᠣᠳᠣᠨ ᠲᠣᠭ᠍ᠯᠠᠯᠲᠠ᠎ᠶ᠋ᠢ ᠦᠵᠡᠭᠴᠢᠳ ᠤᠯᠠᠨ ᠳ᠋ᠠᠭᠠᠨ ᠲᠡᠯᠭᠡᠨ ᠦᠵᠡᠬᠦᠯᠦᠭᠰᠡᠨ ᠪᠠᠢᠨ᠎ᠠ᠃
ᠲᠣᠰ ᠤᠳᠠᠭ᠎ᠠ᠎ᠶ᠋ᠢᠨ ᠲᠣᠭ᠍ᠯᠠᠯᠲᠠ ᠪᠣᠯ ᠱᠢᠨ᠎ᠡ ᠴᠠᠭ ᠦᠶ᠎ᠡ᠎ᠶ᠋ᠢᠨ ᠬᠣᠶᠠᠷ᠎ᠢ ᠬᠦᠷᠢᠶᠡᠯᠡᠬᠦ᠌ ᠰᠣᠶᠣᠯ᠎ᠢ ᠬᠠᠮᠲᠤ᠎ᠪᠠᠷ ᠪᠠᠢᠭᠤᠯᠬᠤ ᠠᠮᠢᠳᠤᠯᠢᠭ ᠦᠶ᠋ᠯᠡᠳᠦᠯᠭᠡ ᠪᠤᠯᠤᠨ᠎ᠠ᠂ ᠠᠵᠢᠯᠯᠠᠭ᠎ᠠ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠲᠤ ᠴᠠᠭᠠᠨ ᠰᠠᠷ᠎ᠠ᠎ᠶ᠋ᠢᠨ ᠰᠣᠶᠣᠯ᠎ᠤᠨ ᠵᠥᠩᠨᠡᠯ ᠳᠡᠪᠱᠢᠭᠦᠯᠵᠦ᠍᠂ ᠲᠡᠳᠡᠨ᠎ᠦ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠨᠠᠩ ᠴᠤ᠌ ᠤᠳᠭ᠎ᠠ ᠤᠷᠠᠯᠢᠭ᠎ᠢᠶᠠᠷ ᠬᠣᠯᠪᠣᠭᠠᠰᠤ ᠪᠣᠯᠭᠠᠨ ᠴᠡᠷᠢᠭ᠎ᠢ ᠬᠦᠴᠦᠷᠬᠡᠭ᠌ᠵᠢᠭᠦᠯᠵᠦ᠍ ᠤᠯᠤᠰ᠎ᠢᠶᠠᠨ ᠮᠠᠨᠳᠤᠭᠤᠯᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠤᠯᠤᠰ᠎ᠲᠠᠭᠠᠨ ᠵᠢᠳᠬᠦᠬᠦ᠌ ᠵᠣᠷᠢᠭ ᠰᠠᠨᠠᠭ᠎ᠠ ᠪᠣᠯᠤᠨ ᠤᠯᠤᠰ ᠵᠢᠡᠨ ᠬᠠᠢᠷᠠᠯᠠᠬᠤ ᠰᠡᠳᠭᠢᠯᠭᠡᠳ᠋ᠤ ᠠᠮᠢᠳᠤᠯᠢᠭ ᠲᠠᠢᠯᠤᠮᠵᠢ ᠬᠢᠪᠠ᠃