ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠭᠦᠶ ᠦᠶ᠋ᠯᠡᠳᠪᠦᠷᠢᠯᠡᠯ᠎ᠦᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠠᠮᠤᠷ ᠲᠦᠪᠱᠢᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠠᠶᠤᠯ ᠲᠦᠭ᠌ᠰᠢᠭᠦᠷᠢ ᠵᠢᠨ ᠬᠡᠮ ᠰᠤᠭᠤᠭ᠎ᠢ ᠭᠦᠨᠵᠡᠭᠡᠶ ᠵᠢᠭ᠍ᠰᠠᠭᠠᠨ ᠪᠠᠢᠴᠠᠭᠠᠵᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠵᠤ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭᠲᠡᠢ
2026-02-06 10:37:24
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠸᠢᠳᠢᠣ᠋ ᠬᠤᠷᠠᠯ ᠳᠡᠭᠡᠷ᠎ᠡ ᠴᠢᠬᠤᠯᠠᠴᠢᠯᠠᠭ᠍ᠰᠠᠨ ᠨᠢ

ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠭᠦᠶ ᠦᠶ᠋ᠯᠡᠳᠪᠦᠷᠢᠯᠡᠯ᠎ᠦᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠠᠮᠤᠷ ᠲᠦᠪᠱᠢᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠠᠶᠤᠯ ᠲᠦᠭ᠌ᠰᠢᠭᠦᠷᠢ ᠵᠢᠨ ᠬᠡᠮ ᠰᠤᠭᠤᠭ᠎ᠢ ᠭᠦᠨᠵᠡᠭᠡᠶ ᠵᠢᠭ᠍ᠰᠠᠭᠠᠨ ᠪᠠᠢᠴᠠᠭᠠᠵᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠵᠤ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭᠲᠡᠢ


2 ᠰᠠᠷ᠎ᠠ᠎ᠶ᠋ᠢᠨ 5 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠥᠬᠥ᠌ ᠣᠷᠣᠨ᠎ᠤ ᠠᠶᠤᠯᠭᠦᠶ ᠦᠶ᠋ᠯᠡᠳᠪᠦᠷᠢᠯᠡᠯ᠎ᠦᠨ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ ᠴᠠᠭᠠᠨ ᠰᠠᠷ᠎ᠠ᠎ᠶ᠋ᠢᠨ ᠡᠮᠦᠨ᠎ᠡ ᠬᠣᠢᠨᠠᠬᠢ ᠠᠶᠤᠯᠭᠦᠶ ᠦᠶ᠋ᠯᠡᠳᠪᠦᠷᠢᠯᠡᠯ᠎ᠦᠨ ᠠᠵᠢᠯ᠎ᠢ ᠳᠠᠬᠢᠨ ᠲᠣᠬᠢᠷᠠᠭᠤᠯᠵᠤ᠂ ᠳᠠᠬᠢᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ 《ᠴᠠᠭ ᠢᠮᠠᠭ᠍ᠲᠠ ᠰᠡᠳᠬᠢᠯ ᠲᠠᠯᠪᠢᠬᠤ》 ᠬᠠᠷᠢᠭᠤᠴᠠᠯᠭᠠᠲᠤ ᠰᠡᠳᠭᠢᠯᠭᠡ᠎ᠪᠡᠷ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠪᠣᠳᠠᠲᠠᠢ ᠨᠠᠷᠢᠯᠢᠭ ᠠᠳᠭᠤᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ ᠪᠣᠯᠤᠨ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠦᠨᠡᠨ ᠬᠦ᠌ ᠪᠠᠲᠤᠯᠠᠵᠤ᠂ ᠠᠷᠠᠳ ᠤᠯᠠᠨ᠎ᠤ ᠠᠮᠤᠷ ᠠᠮᠤᠭᠤᠯᠠᠩ᠎ᠢᠶᠠᠷ ᠴᠠᠭᠠᠨ ᠰᠠᠷ᠎ᠠ᠎ᠪᠠᠨ ᠦᠯᠵᠡᠢ ᠪᠡᠯᠬᠡ ᠲᠠᠢ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠭ᠌ᠰᠡᠨ ᠪᠥᠭᠡᠳ 2 ᠰᠠᠷ᠎ᠠ ᠵᠢᠨ 3 ᠤ᠋ ᠡᠳᠦᠷ᠎ᠤᠨ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠶᠤᠯᠭᠦᠶ ᠦᠶ᠋ᠯᠡᠳᠪᠦᠷᠢᠯᠡᠯ᠎ᠦᠨ ᠵᠥᠪᠯᠡᠯ᠎ᠦᠨ ᠠᠯᠪᠠᠨ ᠬᠡᠷ᠎ᠦᠨ ᠲᠠᠷᠤᠮᠠᠯᠯᠠᠨ ᠲᠠᠷᠬᠠᠭᠠᠭᠰᠠᠨ ᠪᠠᠴᠢᠮ ᠮᠡᠳᠡᠭ᠌ᠳᠡᠯ᠎ᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠠᠢ᠃

ᠸᠠᠩ ᠸᠧᠢ ᠵᠦᠩ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ᠎ᠦ ᠪᠤᠶᠠᠨ ᠵᠢᠷᠭᠠᠯ᠎ᠲᠠᠶ ᠬᠣᠯᠪᠣᠭ᠍ᠳᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠲᠠᠶ ᠬᠣᠯᠪᠣᠭ᠍ᠳᠠᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ᠎ᠡᠴᠡ᠎ᠪᠠᠨ ᠤᠯᠤᠰ ᠲᠦᠷᠦ᠍᠎ᠶ᠋ᠢ ᠡᠷᠬᠢᠮᠯᠡᠬᠦ᠌ ᠦᠨᠳᠦᠷᠴᠡ ᠡᠴᠡ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠲᠠᠨᠢᠬᠤ ᠪᠠ ᠰᠠᠢᠲᠤᠷ ᠠᠳᠭᠤᠵᠤ᠂ ᠪᠣᠳᠠᠲᠤ ᠠᠵᠢᠯᠯᠠᠭ᠎ᠠ ᠪᠠ ᠯᠠᠪᠳᠠᠭᠤᠨ ᠪᠠᠲᠤᠲᠠᠢ ᠦᠷ᠎ᠡ ᠪᠦᠲᠦᠮᠵᠢ᠎ᠪᠡᠷ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠣᠳᠣᠬᠠᠨ᠎ᠳᠤ ᠶᠠᠭ ᠴᠠᠭᠠᠨ ᠰᠠᠷ᠎ᠠ᠎ᠶ᠋ᠢᠨ ᠡᠮᠦᠨ᠎ᠡ ᠬᠣᠢᠨᠠᠬᠢ ᠠᠶᠤᠯᠭᠦᠢ ᠦᠢᠯᠡᠳᠪᠦᠷᠢᠯᠡᠯ᠎ᠦᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠭᠠᠳ ᠪᠠᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠳᠡᠭᠡᠳᠦ ᠬᠡᠮᠵᠢᠢ᠎ᠡ᠎ᠪᠡᠷ ᠰᠡᠷᠡᠮᠵᠢᠯᠡᠵᠦ᠍᠂ ᠲᠠᠢᠪᠤᠱᠢᠷᠠᠬᠤ ᠪᠤᠳᠤᠯ ᠪᠣᠯᠤᠨ ᠠᠵᠠ ᠬᠠᠷᠠᠬᠤ ᠪᠤᠳᠤᠯ᠎ᠢ ᠡᠷᠡᠰ ᠲᠡᠪᠴᠢᠵᠦ᠍᠂ ᠣᠳᠣᠬᠠᠨ᠎ᠤ ᠠᠶᠤᠯᠭᠦᠢ ᠦᠢᠯᠡᠳᠪᠦᠷᠢᠯᠡᠯ᠎ᠳᠦ ᠲᠤᠯᠭᠠᠷᠠᠵᠤ ᠪᠠᠢᠭ᠎ᠠ ᠬᠦᠨᠳᠦ ᠨᠣᠴᠢᠲᠠᠢ ᠪᠠᠢᠳᠠᠯ᠎ᠢ ᠨᠡᠩ ᠰᠡᠷᠭᠡᠭ᠎ᠢᠶᠡᠷ ᠲᠠᠨᠢᠵᠤ᠂ ᠠᠰᠠᠭᠤᠳᠠᠯ᠎ᠢ ᠪᠤᠳᠤᠯᠢᠶᠠᠨᠲᠠᠢ ᠵᠦᠭ ᠲᠤᠨᠢ ᠪᠣᠳᠣᠯᠬᠢᠯᠠᠵᠤ᠂ ᠠᠶᠤᠯ ᠲᠦᠭ᠌ᠰᠢᠭᠦᠷᠢ᠎ᠶ᠋ᠢ ᠬᠦᠨᠳᠦ ᠪᠤᠯᠭᠠᠨ ᠦᠵᠡᠵᠦ᠍᠂ ᠨᠡᠩ ᠬᠦᠴᠦᠲᠡᠢ᠂ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠢ᠎ᠡ ᠠᠪᠴᠤ᠌ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠴᠢᠩᠭᠠᠳᠭᠠᠵᠤ᠂ ᠰᠡᠷᠡᠮᠵᠢ᠎ᠶ᠋ᠢᠨ ᠬᠤᠩᠬᠤ᠎ᠶ᠋ᠢ ᠪᠠᠢᠩᠭᠤ ᠳᠤᠤᠭᠠᠷᠭᠠᠵᠤ᠂ ᠪᠠᠢᠩᠭᠤ ᠰᠤᠯᠠᠷᠠᠭᠤᠯᠤᠯ ᠦᠭᠡᠢ ᠠᠳᠭᠤᠬᠤ᠎ᠶ᠋ᠢ ᠢᠮᠠᠭ᠍ᠲᠠ ᠪᠡᠶᠡᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠠᠶᠤᠯᠭᠦᠢ ᠦᠢᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠴᠡᠭᠴᠡᠯᠡᠨ ᠵᠠᠰᠠᠯᠲᠠ᠎ᠶᠢ ᠨᠡᠩ ᠰᠢᠨᠵᠢᠯᠡᠬᠦ ᠤᠬᠠᠭᠠᠨᠴᠢ ᠪᠦᠲᠦᠮᠵᠢᠲᠡᠢ ᠥᠷᠨᠢᠭᠦᠯᠵᠦ᠂ ᠠᠶᠤᠯ ᠲᠦᠭᠰᠢᠭᠦᠷᠢ᠎ᠶᠢᠨ ᠭᠡᠮ ᠰᠣᠭᠣᠭ᠎ᠢ ᠴᠤᠬᠤᠢᠵᠤ ᠪᠠᠢᠭ᠎ᠠ ᠦᠶ᠎ᠡ ᠳ᠋ᠤᠨᠢ ᠡᠷᠲᠡ ᠡᠴᠡ ᠡᠷᠡᠰ ᠰᠢᠢᠳᠪᠦᠷᠢᠯᠡᠬᠦ ᠬᠡᠷᠡᠭᠲᠡᠢ᠃ ᠪᠦᠬᠦ ᠲᠠᠯ᠎ᠠ᠎ᠪᠠᠷ ᠵᠢᠭ᠍ᠰᠠᠭᠠᠨ ᠪᠠᠢᠴᠠᠭᠠᠬᠤ᠂ ᠣᠭᠲᠤ ᠠᠭᠤᠴᠢᠯᠠᠬᠤ ᠦᠭᠡᠢ ᠪᠡᠷ ᠴᠡᠭᠴᠡᠯᠡᠨ ᠰᠠᠢᠵᠢᠷᠠᠭᠤᠯᠬᠤ᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠪᠠᠭᠤᠷᠠᠢ ᠭᠣᠭᠴᠣᠭ᠎ᠠ᠎ᠶᠢ ᠲᠣᠪᠤᠢᠯᠭᠠᠨ ᠦᠨᠴᠦᠭ ᠪᠤᠯᠤᠩ ᠦᠯᠡᠳᠡᠭᠡᠯ ᠦᠬᠡᠢ ᠪᠡᠷ ᠨᠠᠷᠢᠯᠢᠭ ᠪᠠᠢᠴᠠᠭᠠᠵᠦ᠂ ᠢᠯᠡᠷᠡᠭᠦᠯᠦᠭᠰᠡᠨ ᠠᠰᠠᠭᠤᠳᠠᠯ᠎ᠢ ᠡᠷᠬᠡᠪᠰᠢ ᠡᠴᠦᠰ ᠲᠦ᠍ᠨᠢ ᠲᠤᠯᠲᠠᠯ᠎ᠠ ᠨᠢᠬᠳᠠ ᠮᠦᠷᠳᠡᠨ᠂ ᠡᠴᠦᠰ ᠲᠦ᠍ᠨᠢ ᠲᠤᠯᠲᠠᠯ᠎ᠠ ᠰᠠᠢᠵᠢᠷᠠᠭᠤᠯᠤᠨ ᠥᠭᠡᠷᠡᠴᠢᠯᠡᠬᠦ ᠬᠡᠷᠡᠭᠲᠡᠢ᠂ ᠲᠣᠷᠭᠠᠭᠤᠯᠢ᠎ᠪᠠᠷ ᠴᠡᠭᠴᠡᠯᠡᠨ ᠰᠠᠢᠵᠢᠷᠠᠭᠤᠯᠬᠤ᠎ᠶᠢ ᠣᠷᠣᠯᠠᠭᠤᠯᠵᠤ ᠶᠠᠭᠠᠬᠢᠭ᠍ᠰᠠᠨ ᠴᠤ᠌ ᠪᠣᠯᠬᠤ ᠦᠭᠡᠢ᠂ ᠶᠠᠮᠠᠷᠪᠠ ᠲᠤᠨᠤᠭ ᠲᠥᠬᠦᠭᠡᠷᠦᠮᠵᠢ ᠲᠣᠨᠣᠭᠯᠠᠯ᠎ᠤᠨ 《ᠠᠰᠠᠭᠤᠳᠠᠯ ᠲᠡᠢ ᠪᠠᠢᠳᠠᠯ᠎ᠠ ᠠᠵᠢᠯᠯᠠᠬᠤ》 ᠶ᠋ᠢ ᠶᠠᠭᠠᠬᠢᠭ᠍ᠰᠠᠨ ᠴᠤ᠌ ᠵᠥᠪᠰᠢᠶᠡᠷᠡᠵᠤ ᠪᠤᠯᠬᠤ ᠦᠭᠡᠢ᠃ ᠠᠭᠤᠷᠬᠠᠢ᠂ ᠡᠨᠧᠷᠭᠢ ᠬᠢᠮᠢ᠎ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ᠎ᠶᠢᠨ ᠠᠵᠢᠯ᠂ ᠲᠡᠮᠦᠷᠯᠢᠭ᠎ᠦᠨ ᠠᠵᠤ ᠦᠢᠯᠡᠳᠪᠦᠷᠢ ᠠᠷᠠᠯᠵᠢᠶ᠎ᠠ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶᠡᠨ᠎ᠦ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠨᠭᠭᠠᠷᠠᠭᠤᠯᠵᠤ᠂ ᠭᠠᠷ ᠤᠷᠠᠯᠠᠯ᠎ᠤᠨ ᠲᠤᠨᠤᠭ ᠲᠥᠬᠦᠭᠡᠷᠦᠮᠵᠢ᠎ᠶᠢᠨ ᠠᠮᠤᠷ ᠲᠦᠪᠰᠢᠨ᠎ᠦ ᠥᠭᠡᠷᠡᠴᠢᠯᠡᠯᠲᠡ ᠪᠣᠯᠣᠨ ᠠᠵᠢᠯᠯᠠᠭᠠᠨ᠎ᠤ ᠬᠢᠨᠠᠨ ᠬᠡᠮᠵᠢᠯᠲᠡ᠎ᠶᠢ ᠴᠢᠩᠭᠠᠳᠬᠠᠵᠤ᠂ ᠬᠦᠨᠳᠦ ᠶᠡᠬᠡ ᠠᠶᠤᠯ ᠲᠦᠭᠰᠢᠬᠦᠷᠢ ᠵᠢᠨ ᠡᠬᠢ ᠰᠤᠷᠪᠤᠯᠵᠢ᠎ᠶᠢ ᠨᠢᠬᠳᠠ ᠴᠢᠩᠭ᠎ᠠ ᠠᠨᠭᠬᠠᠷᠴᠦ᠂ ᠭᠡᠨᠡᠨ ᠪᠠᠯᠠᠢ ᠪᠡᠷ ᠠᠵᠢᠯᠯᠠᠬᠤ᠂ ᠪᠠᠯᠠᠮᠠᠳ ᠪᠦᠳᠦᠭᠦᠯᠢᠭ᠎ᠢᠶᠠᠷ ᠪᠠᠷᠢᠯᠭ᠎ᠠ ᠵᠢᠨ ᠠᠵᠢᠯ ᠬᠢᠬᠦ ᠵᠡᠷᠭᠡ ᠬᠠᠤᠯᠢ ᠳᠦᠷᠢᠮ᠎ᠡᠴᠡ ᠵᠥᠷᠢᠴᠡᠭᠰᠡᠨ ᠠᠵᠢᠯᠯᠠᠭ᠎ᠠ᠎ᠶᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠢ᠃ ᠣᠯᠠᠨ ᠲᠦᠮᠡᠨ᠎ᠦ ᠳᠡᠷᠭᠡᠳᠡᠬᠢ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ᠎ᠶᠢ ᠴᠢᠩᠭᠠᠳᠬᠠᠵᠤ᠂ ᠰᠤᠷᠭᠠᠭᠤᠯᠢ᠂ ᠡᠮᠨᠡᠯᠭᠡ᠎ᠶᠢᠨ ᠬᠣᠷᠢᠶ᠎ᠠ᠂ ᠨᠠᠰᠤᠲᠠᠨ᠎ᠢ ᠠᠰᠠᠷᠠᠬᠤ ᠬᠦᠷᠢᠶᠡᠯᠡᠩ᠂ ᠬᠡᠦᠬᠡᠳ᠎ᠦᠨ ᠴᠡᠴᠡᠷᠯᠢᠭ᠂ ᠬᠣᠭᠣᠯᠠᠨ ᠭᠡᠷ ᠵᠡᠷᠭᠡ ᠬᠥᠮᠥᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠪᠠ 《ᠶᠢᠰᠦᠨ ᠵᠢᠵᠢᠭ ᠲᠠᠯᠠᠪᠤᠷ ᠭᠠᠵᠠᠷ》 ᠤ᠋ᠨ ᠭᠠᠯ ᠴᠠᠬᠢᠯᠭᠠᠨ ᠬᠡᠢ ᠬᠡᠷᠡᠭᠯᠡᠬᠦ᠎ᠳᠦ ᠤᠷᠤᠰᠢᠵᠤ ᠪᠠᠢᠭ᠎ᠠ ᠵᠢᠷᠤᠮᠵᠢᠩᠭᠤᠢ ᠪᠤᠰᠤ ᠠᠰᠠᠭᠤᠳᠠᠯ᠎ᠢ ᠴᠢᠩᠭ᠎ᠠ ᠪᠠᠢᠴᠠᠭᠠᠨ ᠴᠢᠩᠭ᠎ᠠ ᠬᠠᠮᠢᠶᠠᠷᠴᠤ᠂ ᠬᠤᠸᠠᠷ ᠫᠤᠤᠵᠢᠩ᠎ᠤᠨ ᠠᠮᠤᠷ ᠲᠦᠪᠰᠢᠨ᠎ᠦ ᠬᠠᠮᠢᠶᠠᠷᠤᠯᠲᠠ ᠡᠵᠡᠮᠳᠡᠯ᠎ᠦᠨ ᠠᠷᠭ᠎ᠠ ᠬᠡᠮᠵᠢᠶ᠎ᠡ᠎ᠶᠢ ᠴᠢᠩᠭ᠎ᠠ ᠨᠠᠢᠳᠠᠪᠤᠷᠢᠵᠢᠭᠤᠯᠵᠤ᠂ ᠲᠣᠮᠣ᠌ ᠬᠡᠯᠪᠡᠷᠢ᠎ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ᠎ᠶᠢᠨ ᠡᠮᠬᠢ ᠵᠢᠷᠤᠮ᠎ᠤᠨ ᠬᠠᠮᠠᠭᠠᠯᠠᠯᠲᠠ᠎ᠶᠢ ᠦᠨᠡᠨ ᠬᠦ᠌ ᠴᠢᠩᠭᠠᠳᠬᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠴᠡᠭᠴᠡᠯᠠᠨ ᠵᠠᠰᠠᠯᠲᠠ᠎ᠪᠡᠷ ᠬᠥᠲᠥᠯᠥᠮᠵᠢ ᠪᠣᠯᠭᠠᠵᠤ᠂ ᠨᠢᠭᠡ᠎ᠡᠴᠡ ᠨᠦᠭᠦᠭᠡ ᠵᠢ ᠵᠦᠢᠴᠢᠯᠡᠨ ᠮᠡᠳᠡᠵᠤ ᠠᠶᠤᠯᠭᠦᠢ ᠦᠢᠯᠡᠳᠪᠦᠷᠢᠯᠡᠯ᠎ᠦᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠡᠴᠡ᠎ᠶᠢ ᠪᠦᠷᠢᠨᠰᠢᠭᠦᠯᠵᠦ᠂ ᠦᠢᠯᠡᠳᠪᠦᠷᠢᠯᠡᠯ᠎ᠤᠨ ᠡᠨᠳᠡᠯ᠎ᠦᠨ ᠭᠡᠮ ᠰᠤᠭᠤᠭ ᠡᠭᠦᠰᠬᠦ ᠬᠦᠷᠦᠰᠦ ᠰᠢᠷᠤᠢ ᠵᠢ ᠡᠬᠢ ᠡᠭᠦᠰᠦᠯ᠎ᠡᠴᠡ ᠨᠢ ᠠᠷᠢᠯᠭᠠᠬᠤ ᠬᠡᠷᠡᠭᠲᠡᠢ᠃ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠡᠴᠡ ᠠᠪᠤᠷᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠬᠦᠢᠲᠡᠷᠡᠬᠦ᠂ ᠴᠠᠰᠤ ᠣᠷᠣᠬᠤ᠂ ᠮᠥᠰᠥ ᠬᠥᠯᠳᠡᠬᠦ ᠵᠡᠷᠭᠡ ᠭᠠᠮᠰᠢᠭ ᠡᠬᠦᠰᠬᠦ ᠴᠢᠨᠡᠷᠳᠡᠢ ᠴᠠᠭ ᠠᠭᠤᠷ᠎ᠤᠨ ᠬᠤᠪᠢᠷᠠᠯᠲᠠ᠎ᠶᠢ ᠨᠢᠭ᠍ᠲᠠ ᠠᠩᠬᠠᠷᠴᠤ᠂ ᠤᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ ᠭᠠᠯ ᠤᠨᠲᠠᠷᠠᠭᠠᠬᠤ᠎ᠶᠢ ᠳᠡᠭᠡᠳᠦ ᠬᠡᠮᠵᠢᠶ᠎ᠡ᠎ᠪᠡᠷ ᠠᠩᠬᠠᠷᠴᠤ᠂ ᠤᠷᠢᠳᠴᠢᠯᠠᠨ ᠰᠡᠷᠡᠮᠵᠢᠯᠡᠬᠦᠯᠵᠦ ᠬᠢᠨᠠᠨ ᠬᠡᠮᠵᠢᠬᠦ᠎ᠶᠢ ᠴᠢᠩᠭᠠᠳᠬᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ᠎ᠢ ᠭᠦᠢᠴᠡᠳ ᠬᠢᠵᠦ᠂ ᠭᠠᠮᠰᠢᠭ᠋᠎ᠤᠨ ᠪᠠᠢᠳᠠᠯ ᠭᠠᠯ᠎ᠤᠨ ᠠᠶᠤᠯ᠎ᠢ ᠲᠡᠷᠡ ᠳᠠᠷᠤᠢ ᠳ᠋ᠤᠨᠢ ᠠᠷᠭᠠᠴᠠᠭᠠᠨ ᠰᠢᠢᠳᠪᠦᠷᠢᠯᠡᠬᠦ᠎ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃

ᠸᠠᠩ ᠸᠧᠢ ᠵᠦᠩ᠂ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠴᠢᠩᠭᠠᠯᠠᠵᠤ᠂ ᠠᠶᠤᠯᠭᠦᠢ ᠦᠢᠯᠡᠳᠪᠦᠷᠢᠯᠡᠯ᠎ᠦᠨ ᠡᠭᠦᠷᠭᠡ᠎ᠶᠢ ᠨᠡᠩ ᠪᠤᠳᠠᠳᠠᠢ ᠪᠦᠬᠡᠳ ᠪᠦᠲᠦᠮᠵᠢᠲᠡᠢ ᠨᠠᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠠᠮᠤᠷ ᠲᠦᠪᠰᠢᠨ᠎ᠦ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠡᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ᠎ᠳᠠᠭᠠᠨ ᠤᠰᠤᠯᠳᠠᠪᠠᠯ ᠬᠠᠷᠢᠭᠤᠴᠠᠯᠭ᠎ᠠ ᠨᠡᠬᠡᠮᠵᠢᠯᠡᠬᠦ》 ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠪᠦᠬᠦ ᠲᠠᠯ᠎ᠠ᠎ᠪᠠᠷ ᠰᠠᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷ ᠰᠠᠨᠠᠭᠠᠴᠢᠯᠠᠭ᠎ᠠ᠎ᠡᠴᠡ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠥᠪᠡᠷ᠎ᠦᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ᠎ᠪᠠᠨ ᠡᠭᠦᠷᠭᠡᠯᠡᠵᠤ᠂ ᠨᠠᠢᠳᠠᠪᠤᠷᠢᠵᠢᠭᠤᠯᠬᠤ ᠬᠡᠷᠡᠭᠲᠡᠢ᠃ ᠡᠯ᠎ᠡ ᠠᠵᠢᠯ ᠲᠥᠷᠥᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠪᠠᠨ ᠴᠢᠨᠭᠭᠠᠳᠬᠠᠵᠤ᠂ 《ᠭᠤᠷᠪᠠ᠎ᠶᠢ ᠬᠠᠮᠢᠶᠠᠷᠬᠤ ᠭᠤᠷᠪᠠᠨ ᠡᠷᠬᠡᠪᠰᠢ》 ᠵᠢᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠵᠡᠷᠭᠡ ᠪᠡᠷ ᠠᠳᠬᠤᠨ ᠬᠠᠮᠲᠤ ᠪᠠᠷ ᠬᠠᠮᠢᠶᠠᠷᠬᠤ ᠬᠠᠮᠳᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢᠯᠠᠯ᠎ᠤᠨ ᠬᠢᠨ ᠰᠢᠭᠤᠳ ᠬᠠᠷᠢᠭᠤᠴᠠᠯᠭ᠎ᠠ᠎ᠪᠠᠨ ᠰᠠᠢᠲᠤᠷ ᠡᠭᠦᠷᠭᠡᠯᠡᠵᠦ᠂ ᠠᠮᠤᠷ ᠲᠦᠪᠰᠢᠨ᠎ᠦ ᠬᠠᠮᠢᠶᠠᠷᠤᠯᠲᠠ᠎ᠪᠠᠨ ᠴᠢᠩᠭᠠᠳᠬᠠᠵᠤ᠂ ᠠᠮᠤᠷ ᠲᠦᠪᠰᠢᠨ᠎ᠦ ᠣᠷᠣᠭᠤᠯᠤᠯᠲᠠ᠎ᠪᠠᠨ ᠨᠡᠮᠡᠭᠳᠡᠭᠦᠯᠤᠨ᠂ ᠮᠡᠷᠭᠡᠵᠢᠯ᠎ᠦᠨ ᠲᠤᠨᠤᠭᠯᠠᠯ ᠵᠢᠡᠨ ᠴᠢᠩᠭᠠᠷᠠᠭᠤᠯᠵᠤ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠳᠦᠷᠢᠮ᠂ ᠪᠠᠴᠢᠮ ᠪᠠᠢᠳᠠᠯ᠎ᠢ ᠠᠷᠭᠠᠴᠠᠭᠠᠬᠤ ᠲᠥᠰᠥᠯ ᠵᠡᠷᠭᠡ᠎ᠶᠢ ᠦᠨᠡᠨ ᠬᠦ᠌ ᠠᠵᠢᠯ᠎ᠤᠨ ᠪᠠᠢᠷᠢ ᠪᠦᠬᠦᠨ  ᠪᠠ ᠬᠥᠮᠥᠨ ᠪᠤᠯᠭᠠᠨ᠎ᠳᠦ ᠬᠦᠷᠲᠡᠯ᠎ᠡ ᠨᠠᠢᠳᠠᠪᠤᠷᠢᠵᠢᠭᠤᠯᠬᠤ ᠬᠡᠷᠡᠭᠲᠡᠢ᠃ ᠵᠢᠭ᠍ᠰᠠᠭᠠᠨ ᠪᠠᠢᠴᠠᠭᠠᠵᠤ ᠰᠢᠯᠭᠠᠨ ᠪᠠᠢᠴᠠᠭᠠᠬᠤ᠎ᠳᠠᠭᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ 《ᠨᠢᠳᠦ ᠭᠢᠷᠠᠬᠠᠢ》 ᠪᠠᠢᠬᠤ ᠬᠡᠷᠡᠭᠲᠡᠢ ᠮᠥᠷᠲᠡᠭᠡᠨ ᠪᠠᠰᠠ 《ᠨᠢᠭᠤᠷ ᠲᠠᠯ᠎ᠠ ᠬᠠᠷᠠᠬᠤ ᠦᠭᠡᠢ》 ᠪᠠᠢᠵᠤ᠂ ᠠᠶᠤᠯᠭᠦᠢ ᠦᠢᠯᠡᠳᠪᠦᠷᠢᠯᠡᠯ᠎ᠦᠨ ᠬᠦᠷᠢᠶᠡᠨ᠎ᠳᠡᠬᠢ ᠳᠡᠭᠡᠷᠡᠬᠢ ᠪᠠᠨ ᠮᠡᠬᠡᠯᠡᠵᠦ ᠳᠤᠤᠷᠠᠬᠢ ᠪᠠᠨ ᠬᠠᠭᠤᠷᠬᠤ᠂ ᠬᠤᠳᠠᠯ ᠬᠡᠯᠡᠵᠦ ᠬᠠᠭᠤᠷᠮᠠᠭᠯᠠᠨ  ᠵᠣᠬᠢᠶᠠᠬᠤ ᠵᠡᠷᠭᠡ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠬᠦ᠎ᠶᠢᠨ ᠬᠠᠮᠲᠤ ᠴᠢᠩᠭ᠎ᠠ ᠴᠡᠭᠴᠡᠯᠡᠨ ᠵᠠᠰᠠᠬᠤ ᠬᠡᠷᠡᠭᠲᠡᠢ ᠭᠡᠵᠤ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠡᠯ᠎ᠡ ᠪᠦᠷᠢᠯᠳᠦᠭᠦᠨ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ᠂ ᠡᠯ᠎ᠡ ᠠᠢᠮᠠᠭ ᠬᠤᠳᠠ᠎ᠶᠢᠨ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠨᠥᠬᠥᠳ ᠣᠷᠣᠯᠴᠠᠪᠠ᠃ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠳ᠋ᠤ ᠬᠤᠪᠢᠶᠠᠷᠢ ᠬᠤᠷᠠᠯ᠎ᠤᠨ ᠲᠠᠯᠠᠪᠠᠶ ᠲᠤᠬᠢᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号