ᠴᠠᠭᠠᠨ ᠰᠠᠷ᠎ᠠ᠎ᠶ᠋ᠢᠨ ᠬᠤᠭᠤᠴᠠᠭᠠᠨ᠎ᠳ᠋ᠤ᠂ ᠠᠯᠠᠱᠠ ᠠᠢᠮᠠᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠤᠤᠯ ᠱᠢᠵᠢᠮ ᠪᠤᠯᠭᠠᠵᠤ᠂ 《ᠲᠤᠮᠳᠠᠳᠤ ᠵᠢᠨ ᠴᠠᠭᠠᠨ ᠰᠠᠷ᠎ᠠ ·ᠪᠣᠳᠠᠰ᠎ᠤᠨ ᠪᠤᠰᠤ ᠰᠣᠶᠣᠯ᠎ᠤᠨ ᠦᠪ᠎ᠢ ᠪᠡᠶᠠᠴᠢᠯᠡᠨ ᠤᠢᠯᠠᠭᠠᠵᠤ ᠰᠢᠨ᠎ᠠ ᠵᠢᠯ᠎ᠢᠶᠡᠨ ᠪᠠᠶᠠᠷᠯᠠᠨ ᠤᠬᠳᠤᠶ᠎ᠠ》 ᠭᠡᠬᠦ ᠪᠠᠷ ᠭᠤᠤᠯ ᠰᠡᠳᠦᠪ ᠪᠣᠯᠭᠠᠵᠤ᠂ ᠪᠥᠬᠥ᠌ ᠠᠢᠮᠠᠭ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠬᠣᠲᠠ ᠬᠥᠳᠡᠭᠡ᠎ᠶ᠋ᠢ ᠬᠠᠮᠤᠷᠤᠭ᠍ᠰᠠᠨ᠂ ᠪᠥᠬᠥ᠌ ᠣᠷᠣᠨ ᠪᠦᠰᠡ᠎ᠪᠡᠷ ᠬᠣᠯᠪᠣᠭᠠᠯᠠᠨ ᠬᠥᠳᠡᠯᠦᠯᠴᠡᠭ᠌ᠰᠡᠨ ᠴᠠᠭᠠᠨ ᠰᠠᠷ᠎ᠠ᠎ᠶ᠋ᠢᠨ ᠰᠣᠶᠣᠯ᠎ᠤᠨ ᠠᠵᠢᠯᠯᠠᠭ᠎ᠠ᠎ᠶ᠋ᠢ ᠥᠷᠨᠢᠭᠦᠯᠪᠠ᠃
《ᠲᠤᠮᠳᠠᠳᠤ ᠵᠢᠨ ᠴᠠᠭᠠᠨ ᠰᠠᠷ᠎ᠠ·ᠮᠠᠨ᠎ᠤ ᠪᠠᠶᠠᠷ᠎ᠤᠨ ᠡᠳᠦᠷ》 ᠵᠢᠡᠷ ᠭᠤᠤᠯ ᠰᠡᠳᠦᠪ ᠪᠣᠯᠭᠠᠨ᠂ ᠴᠠᠭᠠᠨ ᠰᠠᠷ᠎ᠠ᠎ᠶ᠋ᠢᠨ ᠤᠷᠠᠨ ᠰᠠᠢᠬᠠᠨ᠎ᠤ ᠦᠳᠡᠱᠢᠯᠡᠭᠡ᠎ᠶ᠋ᠢ ᠣᠯᠠᠨ ᠤᠳᠠᠭ᠎ᠠ ᠬᠠᠮᠲᠤᠷᠠᠨ ᠡᠷᠭᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ ᠪᠠᠶᠠᠷ᠎ᠦᠨ ᠡᠳᠤᠷ᠎ᠦᠨ ᠠᠭᠤᠷ ᠠᠮᠢᠰᠭᠤᠯ᠎ᠢ ᠨᠡᠮᠡᠭᠳᠡᠬᠦᠯᠵᠦ᠂ ᠤᠯᠤᠰ ᠬᠡᠷ᠎ᠦᠨ ᠬᠠᠢᠷ᠎ᠠ ᠰᠡᠳᠭᠢᠯᠭᠡ ᠵᠢ ᠵᠤᠵᠠᠭᠠᠳᠬᠠᠪᠠ᠃ ᠠᠯᠠᠱᠠ ᠪᠠᠷᠠᠭᠤᠨ ᠬᠣᠱᠢᠭᠤ᠂ ᠡᠵᠡᠨ᠎ᠡ ᠬᠣᠱᠢᠭᠤ᠂ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠵᠡᠷᠭᠡ ᠭᠠᠵᠠᠷ ᠣᠷᠣᠨ᠎ᠤ ᠣᠨᠴᠠᠯᠢᠭ ᠪᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠰᠠᠭᠤᠷᠢᠯᠠᠵᠤ᠂ ᠤᠯᠠᠭᠠᠨᠮᠥ᠋ᠴᠢᠷ᠎ᠦᠨ ᠭᠡᠱᠢᠭᠦᠳ᠂ ᠦᠨᠳᠦᠰᠦᠨ ᠱᠠᠲᠤᠨ᠎ᠤ ᠣᠯᠠᠨ ᠲᠦᠮᠡᠨ᠂ ᠵᠠᠯᠠᠭᠤᠴᠤᠳ ᠪᠠᠭᠠᠴᠤᠳ ᠢ ᠬᠠᠮᠲᠤ᠎ᠪᠠᠷ ᠲᠠᠢᠰᠠᠨ᠎ᠳᠤ ᠤᠷᠢᠵᠤ᠂ ᠪᠥᠵᠢᠭ᠂ ᠣᠷᠳᠣ᠎ᠶ᠋ᠢᠨ ᠳᠠᠭᠤᠤ᠂ ᠱᠣᠭ ᠵᠦᠴᠦᠭᠡ᠂ ᠨᠠᠢᠷᠠᠯ ᠬᠥᠭ᠌ᠵᠢᠮ ᠵᠡᠷᠭᠡ ᠬᠡᠯᠪᠡᠷᠢ᠎ᠪᠡᠷ ᠵᠣᠯ ᠵᠢᠷᠭᠠᠯᠲᠤ ᠠᠮᠢᠳᠤᠷᠠᠯ᠎ᠢ ᠮᠠᠭᠳᠠᠨ ᠲᠠᠭᠤᠯᠠᠵᠤ᠂ 《ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳᠨᠠᠮᠢᠶᠠᠨ ᠳᠠᠭᠠᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠵᠢ ᠬᠠᠮᠲᠤ᠎ᠪᠠᠷ ᠲᠡᠷᠭᠡᠯᠱᠢᠭᠦᠯᠬᠦ᠌》 ᠴᠣᠭ ᠪᠠᠳᠠᠷᠠᠩᠭᠤᠶ ᠳᠦᠷᠰᠦ ᠪᠠᠢᠳᠠᠯ᠎ᠢ ᠠᠮᠢᠳᠤᠯᠢᠭ᠎ᠢᠶᠠᠷ ᠢᠯᠡᠷᠡᠭᠦᠯᠪᠡ᠃
ᠤᠯᠠᠮᠵᠢᠯᠠᠯᠲᠤ ᠴᠠᠭᠠᠨ ᠰᠠᠷ᠎ᠠ᠎ᠶ᠋ᠢᠨ ᠵᠠᠩ ᠦᠢᠯᠡ ᠵᠢ ᠭᠦᠨᠵᠡᠭᠡᠢ ᠠᠭᠤᠳᠠᠯᠵᠤ᠂ ᠤᠯᠠᠨ ᠲᠦᠮᠡᠨ᠎ᠲᠡᠶ ᠤᠢ᠍ᠢᠷᠠᠳᠤᠭ᠍ᠰᠠᠨ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠭ᠍ᠰᠠᠨ ᠦᠨᠳᠦᠰᠦᠲᠡᠨ᠎ᠦ ᠵᠠᠩ ᠦᠢᠯᠡ᠎ᠶ᠋ᠢᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠳ᠋ᠤ ᠰᠢᠨ᠎ᠡ ᠴᠠᠭ ᠦᠶ᠎ᠡ ᠵᠢᠨ ᠠᠮᠢᠵᠢᠷᠠᠯ᠎ᠤᠨ ᠬᠦᠴᠦᠨᠤᠯᠭᠤᠪᠠ᠃ ᠡᠯ᠎ᠡ ᠬᠣᠱᠢᠭᠤ ᠲᠣᠭᠣᠷᠢᠭ ᠪᠣᠳᠠᠰ᠎ᠤᠨ ᠪᠤᠰᠤ ᠰᠣᠶᠣᠯ᠎ᠤᠨ ᠥᠪ ᠪᠠ ᠴᠠᠭᠠᠨ ᠰᠠᠷ᠎ᠠ᠎ᠶ᠋ᠢᠨ ᠪᠠᠷᠠᠭᠠᠲᠠᠸᠠᠷᠤᠨ ᠵᠠᠬ᠎ᠠ ᠳᠡᠯᠭᠡᠭᠦᠷ ᠡᠷᠬᠢᠯᠡᠵᠦ᠍᠂ 《ᠰᠣᠶᠣᠯ ᠵᠢᠭᠤᠯᠴᠢᠯᠠᠯ + ᠠᠷᠠᠯᠵᠢᠶ᠎ᠠ ᠬᠤᠳᠠᠯᠳᠤᠭ᠎ᠠ + ᠠᠷᠠᠳ᠎ᠲᠤ ᠠᠱᠢᠭ ᠬᠦᠷᠲᠡᠭᠡᠬᠦ᠌》 ᠵᠠᠭ᠍ᠪᠤᠷ᠎ᠢᠶᠠᠷ ᠳᠡᠯᠭᠡᠨ ᠦᠵᠡᠭᠦᠯᠬᠦ᠌᠂ ᠪᠡᠶᠡᠴᠢᠯᠡᠨ ᠣᠢᠯᠠᠭᠠᠬᠤ᠂ ᠪᠣᠷᠣᠯᠠᠭᠤᠯᠬᠤ᠂ ᠬᠠᠷᠢᠯᠴᠠᠨ ᠬᠥᠳᠡᠯᠦᠯᠴᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠴᠠᠭᠠᠨ ᠰᠠᠷ᠎ᠠ᠎ᠶ᠋ᠢᠨ ᠬᠡᠷᠡᠭ᠌ᠯᠡᠭᠡᠨ᠎ᠦ ᠪᠠᠢᠳᠠᠯ᠎ᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠴᠠᠭᠠᠨ ᠰᠠᠷ᠎ᠠ᠎ᠶ᠋ᠢᠨ ᠪᠠᠷᠠᠭ᠎ᠠ ᠲᠠᠸᠠᠷ ᠢ ᠨᠢᠭᠡ ᠥᠷᠲᠡᠭᠡᠴᠢᠯᠡᠭᠰᠡᠨ ᠮᠠᠶᠢᠭ᠎ᠢᠶᠡᠷ ᠬᠠᠨᠭᠭᠠᠪᠡ᠃ ᠠᠯᠠᠱᠠ ᠠᠢᠮᠠᠭ᠎ᠤᠨ ᠤᠯᠠᠭᠠᠨᠮᠥ᠋ᠴᠢᠷ 2026 《ᠱᠠᠨᠪᠸᠢ᠎ᠳᠦ ᠱᠢᠨᠡᠯᠡᠶᠠ》 ᠪᠥᠬᠥ᠌ ᠤᠯᠤᠰ᠎ᠤᠨ ᠶᠠᠩᠭᠠᠷ ᠪᠥᠵᠢᠭ᠎ᠦᠨ ᠦᠵᠡᠭᠦᠯᠭᠡ᠎ᠶ᠋ᠢᠨ ᠠᠵᠢᠯᠯᠠᠭ᠎ᠠ᠎ᠳᠤ ᠣᠷᠣᠯᠴᠠᠵᠤ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ ᠪᠣᠯᠤᠨ ᠵᠢᠭᠤᠯᠴᠢᠯᠠᠭᠰᠠᠳ᠎ᠲᠤ ᠠᠯᠠᠱᠠᠰᠣᠶᠣᠯᠤᠨ ᠥᠪᠡᠷᠮᠢᠴᠡ ᠬᠡᠪ ᠨᠠᠮᠪᠠ᠎ᠶ᠋ᠢ ᠲᠠᠨᠢᠭᠤᠯᠵᠤ᠂ ᠱᠠᠨᠰᠢ ᠥᠪᠥᠷ ᠮᠣᠩᠭᠣᠯ ᠬᠣᠶᠠᠷ ᠭᠠᠵᠠᠷ᠎ᠤᠨ ᠰᠣᠶᠣᠯ᠎ᠤᠨ ᠰᠣᠯᠢᠯᠴᠠᠭᠠᠨ᠎ᠤ ᠬᠦᠬᠦᠷᠭᠡ ᠬᠤᠯᠪᠤᠭᠠᠰᠤ ᠵᠢ ᠪᠠᠢᠭᠤᠯᠵᠠᠢ᠃
ᠠᠯᠠᠱᠠ ᠠᠢᠮᠠᠭ᠎ᠤᠨ ᠮᠦᠽᠧᠶ᠂ ᠰᠣᠶᠣᠯ᠎ᠤᠨ ᠣᠷᠳᠣᠨ᠂ ᠨᠣᠮ᠎ᠤᠨ ᠰᠠᠩ ᠵᠡᠷᠭᠡ ᠲᠠᠯᠠᠪᠤᠷ ᠭᠠᠵᠠᠷ᠎ᠢ ᠰᠦᠶ᠋ᠳᠭᠡᠯ ᠬᠤᠷᠢᠶᠠᠬᠤ ᠥᠬᠡᠶ᠎ᠪᠡᠷ ᠴᠢᠯᠥᠭᠡᠲᠡᠶ ᠨᠡᠭᠡᠭᠡᠵᠦ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ᠂ 《ᠮᠦᠽᠧᠶ᠎ᠳᠦ ᠴᠠᠭᠠᠨ ᠰᠠᠷ᠎ᠠ᠎ᠪᠠᠨ ᠥᠩᠭᠡᠷᠡᠭᠦᠯᠦᠶᠠ》 ᠵᠡᠷᠭᠡ ᠠᠵᠢᠯᠯᠠᠭ᠎ᠠ ᠵᠢᠨᠢᠳᠤᠨ ᠳ᠋ᠤ ᠦᠵᠡᠭᠳᠡᠮ᠎ᠠ᠂ ᠭᠠᠷ ᠲᠸ᠋ ᠪᠠᠷᠢᠭᠳᠠᠮ᠎ᠠ᠂ ᠰᠡᠳᠬᠢᠯ ᠳ᠋ᠤ ᠰᠠᠭᠤᠭᠳᠠᠳᠠᠯ᠎ᠠ ᠰᠠᠢᠳᠤᠷ ᠦᠷᠨᠢᠬᠦᠯᠪᠠ᠃ ᠠᠯᠠᠱᠠ ᠠᠢᠮᠠᠭ᠎ᠤᠨ ᠨᠣᠮ᠎ᠤᠨ ᠰᠠᠩ 《ᠨᠤᠮ᠎ᠤᠨ ᠬᠡᠰᠢᠭᠳᠦᠬᠡᠷ ᠪᠦᠯᠢ》 ᠭᠤᠤᠯ ᠰᠡᠳᠦᠪ᠎ᠦᠨ ᠲᠣᠭᠣᠷᠢᠨ᠎ᠳᠤ᠂ ᠤᠷᠠᠨ ᠵᠢᠷᠤᠭ ᠭᠠᠷ ᠤᠷᠠᠯᠠᠯ᠂ ᠨᠠᠩᠭᠢ ᠱᠢᠷᠣᠶ᠎ᠵᠢᠨ ᠱᠤᠭᠤᠮᠠᠯ᠂ ᠬᠡᠦᠬᠡᠳ᠎ᠦᠨ ᠺᠢᠨᠣ᠋᠎ᠶ᠋ᠢᠨ ᠦᠵᠡᠭᠦᠯᠭᠡ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠪᠠᠭᠠᠴᠤᠳ ᠬᠡᠦᠬᠡᠳ᠎ᠦᠨ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠤ ᠠᠮᠢᠳᠤᠷᠠᠯ᠎ᠢ ᠪᠠᠶᠠᠯᠢᠭ᠍ᠵᠢᠭᠤᠯᠪᠠ᠃ ᠠᠯᠠᠱᠠ ᠮᠦᠽᠧᠢ 《ᠲᠦᠮᠡᠨ ᠠᠭ᠍ᠲᠠ᠎ᠶ᠋ᠢᠨ ᠲᠦᠪᠡᠷᠭᠡᠨ》 ᠳᠤᠮᠳᠠᠳᠤ ᠤᠯᠤᠰ᠎ᠤᠨ ᠠᠳᠤᠭᠤᠨ ᠰᠣᠶᠣᠯ᠎ᠤᠨ ᠵᠠᠭᠤᠨ ᠣᠷᠳᠣᠨ᠎ᠤ ᠬᠠᠮᠲᠤᠷᠠᠭ᠍ᠰᠠᠨ ᠦᠵᠡᠭᠦᠯᠭᠡ ᠭᠠᠷᠭᠠᠵᠤ᠂ 200 ᠭᠠᠷᠤᠢ ᠬᠣᠪᠣᠷ ᠨᠠᠨᠳᠢᠨ ᠵᠢᠷᠤᠭ ᠳᠦᠷᠰᠦ᠎ᠶ᠋ᠢ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠪᠡᠷ ᠳᠡᠯᠭᠡᠨ ᠦᠵᠡᠭᠦᠯᠪᠡ; ᠣᠷᠳᠣᠨ᠎ᠤ ᠳᠣᠲᠣᠷ᠎ᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠪᠦᠲᠦᠭᠡᠯ᠂ ᠰᠡᠢᠯᠦᠮᠡᠯ ᠪᠠᠷ ᠵᠢᠷᠤᠭ᠂ ᠬᠢᠲᠠᠳ ᠳᠥᠭᠥᠮ ᠪᠢᠴᠢᠯᠭᠡ᠂ ᠴᠠᠭᠠᠰᠤᠨ ᠬᠠᠢᠴᠢᠯᠠᠮᠠᠯ᠎ᠢ ᠪᠡᠶᠡᠴᠢᠯᠡᠨ ᠣᠢᠯᠠᠭᠠᠬᠤ ᠵᠡᠷᠭᠡ ᠠᠵᠢᠯᠯᠠᠭ᠎ᠠ᠎ᠶ᠋ᠢ ᠵᠡᠷᠭᠡ᠎ᠪᠡᠷ ᠥᠷᠨᠢᠭᠦᠯᠵᠦ᠍᠂ ᠦᠨᠳᠤᠰᠦᠳᠡᠨ ᠨᠤᠬᠦᠳ᠎ᠦᠨ ᠣᠯᠠᠨ ᠲᠦᠮᠡᠨ᠎ᠳᠦ ᠳᠤᠮᠳᠠᠳᠤ᠎ᠶ᠋ᠢᠨ ᠱᠢᠯᠢᠳᠡᠭ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠪᠠ᠃