ᠬᠢᠩᠭᠠᠨ ᠳᠠᠪᠠᠭᠠᠨ ᠤ ᠴᠢᠨᠠᠷ ᠰᠠᠢᠲᠠᠢ ᠲᠤᠲᠤᠷᠭ᠎ᠠ᠎ᠠᠴᠠ ᠬᠣᠷᠴᠢᠨ ᠤ ᠲᠠᠯ᠎ᠠ ᠨᠤᠳᠤᠭ᠎ᠤᠨ ᠠᠮᠳᠠᠳᠤ ᠦᠭᠡᠷ ᠦᠨ ᠮᠢᠬ᠎ᠠ ᠬᠦᠷᠲᠡᠯ᠎ᠡ᠂ ᠱᠢᠯᠢ᠎ᠶ᠋ᠢᠨ ᠭᠣᠣᠯ᠎ᠤᠨ ᠰᠢᠨ᠎ᠠ ᠰᠤᠷᠭᠤᠭ ᠬᠤᠨᠢᠨ ᠮᠢᠬ᠎ᠠ ᠡᠴᠡ ᠪᠣᠷᠣᠲᠣᠬᠣᠢ᠎ᠶ᠋ᠢᠨ ᠰᠢᠮ᠎ᠡ ᠰᠠᠢᠳᠠᠢ ᠨᠡᠷᠡᠨ ᠬᠤᠸᠠᠷ᠎ᠤᠨ ᠦᠷ᠎ᠡ ᠬᠦᠷᠲᠡᠯ᠎ᠡ᠂ 《ᠥᠪᠥᠷ ᠮᠣᠩᠭᠣᠯ ᠤᠨ ᠦᠨᠦᠷ ᠠᠮᠲᠠ》 ᠲᠦᠭ ᠲᠦᠮᠡᠨ ᠠᠢᠯ ᠡᠷᠦᠬᠡ᠎ᠶ᠋ᠢᠨ ᠬᠣᠭᠣᠯᠠᠨ ᠱᠢᠷᠡᠭᠡᠨ᠎ᠳᠦ ᠭᠠᠷᠴᠤ᠌᠂ ᠦᠷᠭᠡᠨ ᠤᠯᠠᠨ ᠬᠡᠷᠡᠭ᠌ᠯᠡᠭ᠌ᠴᠢᠳ᠎ᠦᠨ ᠲᠠᠭᠠᠰᠢᠶᠠᠯ ᠬᠦᠷᠢᠶᠡᠯᠡᠯ ᠢ᠋ ᠤᠯᠤᠨ᠎ᠠ᠃
ᠡᠨᠡ ᠵᠢᠯ᠎ᠦᠨ ᠪᠦᠬᠦ ᠤᠯᠤᠰ᠎ᠤᠨ ᠬᠤᠶᠠᠷ ᠬᠤᠷᠠᠯ᠎ᠤᠨ ᠵᠠᠰᠠᠭ ᠤᠨ ᠣᠷᠳᠣᠨ᠎ᠤ ᠠᠵᠢᠯ᠎ᠤᠨ ᠢᠯᠡᠳᠭᠡᠯ᠎ᠳᠦ ᠡᠯ᠎ᠡ ᠭᠠᠵᠠᠷ ᠣᠷᠣᠨ ᠴᠥᠮ ᠬᠠᠷᠢᠭᠤᠴᠠᠯᠭ᠎ᠠ ᠪᠠᠨ ᠪᠠᠳᠤᠳᠠᠢ ᠡᠭᠦᠷᠭᠡᠯᠡᠵᠦ᠍᠂ ᠳᠤᠮᠳᠠᠳᠤ ᠵᠢᠨ ᠬᠥᠮᠦᠰ᠎ᠤᠨ ᠪᠤᠳᠠᠭᠠᠨ ᠠᠶᠠᠭ᠎ᠠ ᠵᠢ ᠬᠠᠮᠲᠤ᠎ᠪᠠᠷ ᠪᠠᠲᠤ ᠰᠠᠬᠢᠬᠤ ᠬᠡᠷᠡᠭᠳᠡᠢ ᠭᠡᠵᠦ ᠲᠤᠷᠠᠳᠤᠨ ᠭᠠᠷᠭᠠᠪᠠ᠃ ᠤᠯᠤᠰ ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ ᠦᠨ ᠰᠠᠭᠤᠷᠢᠨ ᠪᠣᠯᠤᠭ᠍ᠰᠠᠨ᠎ᠤ ᠬᠤᠪᠢ᠎ᠳᠤ ᠥᠪᠥᠷ ᠮᠣᠩᠭᠣᠯ ᠤᠯᠤᠰ᠎ᠤᠨ ᠠᠮᠤ ᠪᠤᠳᠠᠭᠠᠨ ᠤ ᠠᠮᠤᠷ ᠲᠦᠪᠱᠢᠨ ᠪᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠦ ᠬᠠᠩᠭᠠᠯᠭ᠎ᠠ᠎ᠶ᠋ᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ ᠶ᠋ᠢ ᠡᠭᠦᠷᠭᠡᠯᠡᠵᠦ᠍᠂ 《ᠥᠪᠥᠷ ᠮᠣᠩᠭᠣᠯ ᠤᠨ ᠦᠨᠦᠷ ᠠᠮᠲᠠ》 ᠵᠢ ᠪᠦᠬᠦ᠌ ᠤᠯᠤᠰ ᠤ᠋ᠨ ᠬᠤᠭᠤᠯᠠᠨ ᠰᠢᠷᠡᠭᠡᠨ ᠳ᠋ᠤ ᠬᠦᠷᠭᠡᠭᠦ ᠨᠢ ᠡᠭᠦᠷᠭᠡ ᠬᠠᠷᠢᠭᠤᠴᠠᠯᠭ᠎ᠠ ᠪᠣᠯᠬᠤ᠎ᠪᠠᠷ ᠪᠠᠷᠠᠬᠤ ᠦᠭᠡᠢ ᠨᠡᠩ ᠴᠤ᠌ ᠬᠤᠪᠢᠷᠠᠰᠢ ᠦᠭᠡᠢ ᠠᠮᠠᠯᠠᠯᠲᠠ ᠪᠤᠯᠵᠠᠢ᠃
ᠠᠮᠢ ᠠᠬᠤᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ 《ᠥᠪᠥᠷ ᠮᠣᠩᠭᠣᠯ᠎ᠤᠨ ᠦᠨᠦᠷ ᠠᠮᠲᠠ》 ᠵᠢᠨ ᠴᠢᠨᠠᠷᠴᠢᠨᠰᠠᠭᠠ ᠵᠢ ᠰᠠᠢᠵᠢᠷᠠᠭᠤᠯᠵᠠᠢ
ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠲᠠᠯ᠎ᠠ ᠨᠤᠲᠤᠭ᠂ ᠡᠯᠡᠰᠦ ᠮᠠᠩᠬ᠎ᠠ᠂ ᠣᠶ ᠱᠢᠭᠤᠶ᠂ ᠨᠤᠭᠤ ᠭᠠᠵᠠᠷ ᠰᠣᠯᠪᠢᠴᠠᠨ ᠲᠠᠷᠬᠠᠵᠤ᠂ ᠴᠡᠩᠭᠡᠭ ᠤᠰᠤ ᠱᠢᠮᠡᠯᠢᠭ ᠬᠥᠷᠥᠰᠥ᠍ ᠨᠢ ᠤᠬᠢ ᠰᠠᠢᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠨᠳᠦᠰᠦ ᠰᠠᠭᠤᠷᠢ ᠪᠤᠯᠵᠠᠢ᠃ ᠤᠢ᠍ᠢᠷ᠎ᠠ᠎ᠶ᠋ᠢᠨ ᠵᠢᠯ᠎ᠳ᠋ᠤ᠂ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠮᠢ ᠠᠬᠤᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂ 《ᠰᠠᠢ᠌ᠨ ᠡᠬᠢ ᠪᠠᠶᠠᠯᠢᠭ》 ᠢ᠋ 《ᠰᠠᠢ᠌ᠨ ᠦᠨᠦᠷ ᠠᠮᠲᠠ》 ᠲᠠᠢ ᠪᠣᠯᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠲᠠᠰ ᠳᠡᠪᠱᠢᠵᠦ᠍᠂ ᠡᠯ᠎ᠡ ᠣᠨ᠎ᠤ ᠡᠭᠦᠷᠭᠡ ᠶ᠋ᠢᠨ ᠲᠠᠯᠠᠪᠠᠶ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠲᠡ 6282 ᠲᠦᠮᠡᠨ ᠮᠥ᠍ ᠪᠠᠢᠭᠤᠯᠵᠤ᠂ 47% ᠵᠢᠨ ᠡᠭᠦᠷᠢᠳᠡ᠎ᠶ᠋ᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ᠋ ᠬᠠᠮᠤᠷᠴᠤ᠂ ᠪᠥᠬᠥ᠌ ᠣᠷᠣᠨ ᠤ 2/3 ᠡᠴᠠ ᠳᠡᠭᠡᠭ᠌ᠰᠢᠬᠢ ᠠᠮᠤ ᠪᠤᠳᠠᠭᠠᠨ ᠤ ᠦᠶ᠋ᠯᠡᠳᠪᠦᠷᠢᠯᠡᠯ᠎ᠦᠨ ᠴᠢᠳᠠᠪᠤᠷᠢ ᠶ᠋ᠢ ᠲᠤᠯᠭᠠᠭᠤᠷᠢᠯᠠᠪᠠ᠃ ᠡᠭᠦᠨ᠎ᠦ ᠬᠠᠮᠲᠤ᠂ ᠠᠮᠤ ᠲᠣᠰᠣ ᠵᠡᠷᠭᠡ ᠭᠤᠤᠯ ᠪᠣᠯᠬᠤ ᠲᠠᠷᠢᠮᠠᠯ ᠤᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠶᠡᠬᠡᠪᠡᠷ ᠬᠡᠷᠡᠭ᠌ᠵᠢᠭᠦᠯᠵᠦ᠍᠂ 2025 ᠣᠨ᠎ᠳᠤ ᠠᠮᠤ ᠪᠤᠳᠠᠭᠠᠨ᠎ᠤ ᠦᠶ᠋ᠯᠡᠳᠪᠦᠷᠢᠯᠡᠯ《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠵᠦ᠍᠂ ᠤᠨᠠᠯᠲᠠ᠎ᠨᠢ 840.7 ᠳ᠋ᠦᠩᠱᠢᠭᠤᠷ ᠵᠢᠩ᠎ᠳᠦ ᠬᠦᠷᠴᠦ᠍᠂ ᠪᠥᠬᠥ᠌ ᠤᠯᠤᠰ᠎ᠤᠨ ᠲᠠᠪᠤᠳᠤᠭᠠᠷ᠎ᠲᠤ ᠣᠷᠣᠪᠠ᠃ ᠮᠠᠯ ᠠᠵᠤ ᠠᠬᠤᠶ᠎ᠶ᠋ᠢᠨ ᠲᠣᠮᠣ ᠣᠷᠣᠨ᠎ᠤ ᠳᠠᠪᠠᠭᠤᠯᠢᠭ᠎ᠢ ᠪᠠᠳᠠᠷᠠᠭᠤᠯᠵᠤ᠂ ᠮᠢᠬᠠᠨ ᠤ ᠦᠬᠡᠷ᠂ ᠮᠢᠬᠠᠨ᠎ᠤ ᠬᠣᠨᠢ 《ᠬᠤᠤᠰ ᠵᠠᠭᠤᠨ ᠲᠦᠮᠡ》 ᠶ᠋ᠢᠨ ᠪᠣᠷᠳᠣᠨ ᠲᠠᠷᠭᠤᠯᠠᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ 2025 ᠣᠨ᠎ᠳᠤ ᠥᠪᠥᠷ ᠮᠣᠩᠭᠣᠯ᠎ᠤᠨ ᠦᠬᠡᠷ᠎ᠦᠨ ᠮᠢᠬᠠᠨ᠎ᠤ ᠭᠠᠷᠤᠯᠲᠠ ᠠᠩᠬ᠎ᠠ ᠤᠳᠠᠭ᠎ᠠ ᠵᠠᠭᠤᠨ ᠲᠦᠮᠡᠨ ᠲᠣᠨ᠎ᠢ ᠳᠠᠪᠠᠵᠤ᠂ 101.7 ᠲᠦᠮᠡᠨ ᠲᠣᠨ᠎ᠳᠤ ᠬᠦᠷᠴᠦ᠍᠂ 2020 ᠣᠨ᠎ᠠᠴᠠ ᠨᠠᠭᠠᠰᠢ 6 ᠵᠢᠯ ᠳᠠᠷᠠᠭᠠᠯᠠᠨ ᠪᠥᠬᠥ᠌ ᠤᠯᠤᠰ᠎ᠲᠤ ᠲᠦᠷᠦᠬᠦᠯᠡᠪᠡ᠃ ᠬᠣᠨᠢᠨ ᠮᠢᠬᠠᠨ᠎ᠤ ᠭᠠᠷᠤᠯᠲᠠ 102.9 ᠲᠦᠮᠡᠨ ᠲᠣᠨ᠎ᠳᠤ ᠬᠦᠷᠴᠦ᠍᠂ 9 ᠵᠢᠯ ᠳᠠᠷᠠᠭᠠᠯᠠᠨ 100 ᠲᠦᠮᠡᠨ ᠲᠣᠨ᠎ᠢ ᠳᠠᠪᠠᠵᠤ᠂ ᠪᠥᠬᠥ᠌ ᠤᠯᠤᠰ᠎ᠲᠤ ᠲᠦᠷᠦᠬᠦᠯᠡᠪᠡ᠃
ᠤᠯᠤᠰ ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠢ ᠪᠥᠲᠥᠭᠡᠨ ᠪᠠᠢᠭᠤᠯᠬᠤ ᠠᠯᠬᠤᠴᠠ ᠤᠯᠠᠮ ᠬᠦᠴᠦᠲᠡᠶ ᠪᠣᠯᠵᠣ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠰᠠᠭᠤᠷᠢ ᠤᠯᠠᠮ ᠪᠠᠬᠢᠵᠢᠪᠡ᠃
ᠪᠦᠬᠦ ᠠᠵᠤ ᠦᠢᠯᠡᠰ ᠤ᠋ᠨ ᠬᠡᠯᠬᠢᠶ᠎ᠠ ᠪᠡᠷ ᠬᠦᠴᠦᠯᠡᠵᠦ 《ᠥᠪᠥᠷ ᠮᠣᠩᠭᠣᠯ ᠤᠨ ᠦᠨᠦᠷ ᠠᠮᠲᠠ》 ᠵᠢ ᠤᠷᠤᠨ ᠤ᠋ ᠭᠠᠳᠠᠨ᠎ᠠ ᠬᠦᠷᠭᠡᠭᠦ ᠳ᠋ᠤ ᠪᠠᠳᠤᠯᠠᠭ᠎ᠠ ᠬᠠᠡᠭᠭᠠᠪᠠ
ᠡᠨᠡ ᠵᠢᠯ᠎ᠦᠨ 2 ᠰᠠᠷ᠎ᠠ᠎ᠳᠤ ᠥᠪᠥᠷ ᠮᠣᠩᠭᠣᠯ᠎ᠤᠨ ᠰᠦ ᠵᠢᠨ ᠦᠶ᠋ᠯᠡᠰ᠎ᠡᠴᠡ ᠰᠠᠢᠨ ᠴᠢᠮᠡᠭᠡ ᠲᠠᠮᠵᠢᠬᠳᠠᠵᠠᠢ᠄ ᠤᠯᠤᠰ ᠤᠨ ᠰᠦ ᠵᠢᠨ ᠦᠶ᠋ᠯᠡᠰ ᠦᠨ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠲᠥᠪ ᠢᠯᠢ ᠪᠦᠯᠦᠭ᠌ᠯᠡᠯ᠎ᠲᠡᠶ ᠬᠠᠮᠲᠤᠷᠠᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠠᠱᠢᠭ᠍ᠲᠤ ᠪᠠᠺᠲ᠋ᠧᠷᠢ YLGB - 1496 ᠶ᠋ᠢ 《ᠨᠢᠯᠬ᠎ᠠ ᠨᠢᠷᠠᠢ ᠬᠡᠦᠬᠡᠳ᠎ᠦᠨ ᠢᠳᠡᠭᠡᠨ᠎ᠳᠦ ᠬᠡᠷᠡᠭ᠌ᠯᠡᠵᠦ᠍ ᠪᠣᠯᠬᠤ ᠪᠠᠺᠲ᠋ᠧᠷᠢ᠎ᠶ᠋ᠢᠨ ᠲᠥᠷᠥᠯ᠎ᠦᠨ ᠨᠡᠷᠡᠰ》 ᠲᠸ᠋ ᠣᠷᠣᠭᠤᠯᠵᠠᠢ᠃ ᠡᠨᠡ ᠨᠢ ᠮᠠᠨ ᠤ ᠤᠯᠤᠰ ᠨᠢᠯᠬ᠎ᠠ ᠬᠡᠦᠬᠡᠳ ᠦᠨ ᠠᠱᠢᠭ᠍ᠲᠤ ᠪᠠᠺᠲ᠋ᠧᠷᠢ᠎ᠶ᠋ᠢᠨ ᠬᠦᠷᠢᠶᠡᠨ᠎ᠳᠦ 《ᠮᠡᠷᠭᠡᠵᠢᠯ ᠢ᠋ ᠲᠠᠭᠠᠨ ᠭᠦᠶᠦᠵᠦ》 ᠪᠠᠢᠭᠰᠠᠨ ᠡᠴᠡ ᠪᠠᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠤᠯᠤᠭᠰᠠᠨ ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠦᠭᠰᠡᠨ ᠢ ᠬᠠᠷᠠᠭᠤᠯᠵᠤ ᠪᠠᠢᠨ᠎ᠠ᠃ ᠣᠳᠣᠬᠠᠨ᠎ᠳᠤ᠂ ᠲᠣᠰ ᠪᠠᠺᠲ᠋ᠧᠷᠢ᠎ᠶ᠋ᠢ ᠨᠢᠭᠡᠨᠲᠡ ᠣᠯᠠᠨ ᠵᠦᠶ᠋ᠯ᠎ᠦᠨ ᠦᠶ᠋ᠯᠡᠳᠬᠦᠨ᠎ᠳᠦ ᠬᠡᠷᠡᠭ᠌ᠯᠡᠵᠦ᠍᠂ ᠬᠣᠵᠢᠮ ᠪᠠᠰᠠ ᠨᠢᠯᠬ᠎ᠠ ᠬᠡᠦᠬᠡᠳ᠎ᠦᠨ ᠰᠦᠨ ᠲᠠᠯᠬ᠎ᠠ ᠵᠡᠷᠭᠡ ᠭᠤᠤᠯᠯᠠᠬᠤ ᠦᠶ᠋ᠯᠡᠳᠬᠦᠨ ᠳᠤ ᠥᠷᠭᠡᠨ᠎ᠢᠶᠡᠷ ᠬᠡᠷᠡᠭᠯᠡᠵᠦ᠂ ᠳᠤᠮᠳᠠᠳᠤ ᠤᠯᠤᠰ᠎ᠤᠨ ᠬᠡᠷᠡᠭ᠌ᠯᠡᠭ᠌ᠴᠢᠳ᠎ᠦᠨ ᠬᠡᠷᠡᠭ᠌ᠴᠡᠭᠡ᠎ᠳᠦ ᠨᠠᠩ ᠨᠡᠢᠴᠡᠬᠦ᠌ ᠠᠱᠢᠭ᠍ᠲᠤ ᠪᠠᠺᠲ᠋ᠧᠷᠢ᠎ᠶ᠋ᠢᠨ ᠦᠶ᠋ᠯᠡᠳᠬᠦᠨ᠎ᠢ ᠦᠶ᠋ᠯᠡᠳᠪᠦᠷᠢᠯᠡᠬᠦ᠌ ᠪᠣᠯᠤᠨ᠎ᠠ᠃
《ᠠᠷᠠᠳ ᠤᠯᠠᠨ᠎ᠤ ᠬᠡᠷᠡᠭ᠌ᠴᠡᠭᠡ ᠪᠣᠯ ᠳᠠᠷᠤᠢ ᠪᠢᠳᠡᠨ᠎ᠦ ᠱᠠᠭᠠᠷᠳᠠᠯᠭ᠎ᠠ ᠮᠥᠨ》᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠰᠦ ᠵᠢᠨ ᠦᠢᠯᠡᠰ ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠳᠡᠭᠡᠳᠦ ᠵᠡᠷᠭᠡ᠎ᠶ᠋ᠢᠨ ᠲᠤᠰᠭᠠᠢ ᠮᠡᠷᠭᠡᠵᠢᠯᠲᠡᠨ᠂ ᠢᠯᠢ ᠪᠦᠯᠦᠭ᠌ᠯᠡᠯ᠎ᠦᠨ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠷᠦᠩᠬᠡᠢ ᠪᠠᠢᠴᠠᠭᠠᠭ᠍ᠴᠢ ᠸᠠᠩ ᠼᠠᠢ ᠶᠦᠨ᠄ 《ᠮᠢᠨᠦ᠍ ᠡᠭᠦᠷᠭᠡ ᠪᠣᠯ ᠠᠵᠤ ᠦᠢᠯᠡᠰ᠎ᠦᠨ ᠬᠣᠱᠢᠭᠤᠷᠠᠯ ᠮᠡᠷᠭᠡᠵᠢᠯ᠎ᠤᠨ ᠱᠢᠪᠲᠤᠯᠤᠯᠲᠠ᠎ᠶ᠋ᠢ ᠲᠦᠭ ᠲᠦᠮᠡᠨ ᠠᠷᠠᠳ ᠢᠷᠭᠡᠳ᠎ᠦᠨ ᠡᠷᠡᠭᠦᠯ ᠮᠡᠨᠳᠦ᠍᠎ᠳᠦ ᠠᠱᠢᠭ ᠬᠦᠷᠲᠡᠭᠡᠬᠦ᠌ ᠪᠠᠲᠤ ᠴᠢᠩᠭ᠎ᠠ ᠪᠠᠲᠤᠯᠠᠭ᠎ᠠ ᠪᠣᠯᠭᠠᠨ ᠬᠤᠪᠢᠷᠠᠭᠤᠯᠤᠨ᠎ᠠ᠃ ᠪᠢᠳᠡ ᠡᠷᠬᠡᠪᠰᠢ ᠰᠦ ᠵᠢᠨ ᠦᠶ᠋ᠯᠡᠰ᠎ᠦᠨ ᠪᠥᠬᠥ᠌ ᠠᠵᠤ ᠦᠶ᠋ᠯᠡᠰ᠎ᠦᠨ ᠬᠡᠯᠬᠢᠶᠡᠳ᠋ᠤ ᠰᠠᠭᠤᠷᠢᠯᠠᠨ᠂ ᠰᠦ ᠵᠢᠨ ᠦᠶ᠋ᠯᠡᠰ᠎ᠦᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠵᠤ᠂ ᠳᠤᠮᠳᠠᠳᠤ ᠤᠯᠤᠰ᠎ᠤᠨ ᠰᠦ ᠵᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠨᠡᠮᠡᠷᠢᠯᠡᠨ᠎ᠠ》 ᠭᠡᠪᠡ᠃
ᠭᠠᠭ᠍ᠴᠠ ᠰᠦ ᠵᠢᠨ ᠦᠶ᠋ᠯᠡᠰ ᠪᠢᠰᠢ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠲᠥᠷᠥ᠎ᠶ᠋ᠢᠨ ᠪᠣᠳᠣᠯᠭ᠎ᠠ᠎ᠪᠠᠷ ᠬᠥᠲᠥᠯᠦᠨ ᠳᠠᠭᠠᠭᠤᠯᠬᠤ᠂ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠬᠤ᠂ ᠭᠤᠤᠯ ᠴᠣᠭ᠍ᠴᠠ᠎ᠵᠢ ᠪᠣᠢᠵᠢᠭᠤᠯᠬᠤ ᠣᠯᠠᠨ ᠠᠷᠭ᠎ᠠ ᠵᠠᠮ᠎ᠢᠶᠠᠷ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ ᠢ᠋ ᠡᠳ᠋ᠱᠢᠭᠦᠯᠬᠦ᠌ ᠦᠶ᠋ᠯᠡᠰ ᠢ 《ᠠᠩᠬ᠎ᠠ ᠡᠳ᠋ᠱᠢᠭᠦᠯᠬᠦ᠌᠎ᠪᠡᠷ ᠭᠤᠤᠯ ᠪᠣᠯᠭᠠᠵᠤ》 ᠪᠠᠢᠭ᠍ᠰᠠᠨ᠎ᠠᠴᠠ 《ᠨᠠᠷᠢᠯᠢᠭ ᠡᠳ᠋ᠱᠢᠭᠦᠯᠬᠦ᠌᠎ᠪᠡᠷ ᠬᠥᠲᠥᠯᠦᠨ ᠳᠠᠭᠠᠭᠤᠯᠬᠤ》 ᠲᠡᠢᠰᠢ ᠬᠤᠪᠢᠷᠠᠭᠤᠯᠬᠤ ᠵᠢ ᠠᠬᠢᠭᠤᠯᠪᠠ᠃ 2025 ᠣᠨ᠎ᠳᠤ᠂ ᠥᠪᠥᠷ ᠮᠣᠩᠭᠣᠯ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠤ᠋ᠨ ᠲᠤᠰᠠᠯᠠᠬᠤ ᠢᠳᠡᠭᠡᠨ ᠤ ᠡᠳ᠋ᠱᠢᠭᠦᠯᠬᠦ᠌ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ᠎ᠤ ᠲᠥᠰᠦᠯ (2025 — 2027 ᠣᠨ)》 ᠵᠡᠷᠭᠡ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ ᠴᠠᠭᠠᠨ ᠢᠳᠡᠭᠡᠨ᠂ ᠦᠬᠡᠷ ᠬᠣᠨᠢᠨ ᠮᠢᠬᠠᠨ᠎ᠤ ᠪᠦᠲᠦᠭᠡᠭ᠌ᠳᠡᠬᠦᠨ᠂ ᠡᠷᠡᠭᠦᠯᠵᠢᠯ ᠦᠨ ᠣᠨᠴᠠᠯᠢᠭ᠍ᠲᠤ ᠪᠦᠲᠦᠭᠡᠭ᠌ᠳᠡᠬᠦᠨ ᠵᠡᠷᠭᠡ ᠳᠠᠢᠰᠢ ᠨᠠᠷᠢᠯᠢᠭ ᠭᠦᠨᠵᠡᠭᠡᠶ ᠡᠳ᠋ᠱᠢᠭᠦᠯᠬᠦ᠌᠎ᠶ᠋ᠢ ᠳᠡᠮᠵᠢᠵᠦ᠍᠂ ᠠᠵᠤ ᠦᠶ᠋ᠯᠡᠰ᠎ᠦᠨ ᠬᠥᠭ᠌ᠵᠢᠯᠲᠡ ᠵᠢᠨ ᠵᠠᠮ ᠢ᠋ ᠲᠣᠳᠣᠷᠬᠠᠢᠯᠠᠪᠠ᠃ 2025 ᠣᠨ᠎ᠳᠤ᠂ ᠥᠪᠥᠷ ᠮᠣᠩᠭᠣᠯ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠣᠯᠪᠠᠰᠤᠷᠠᠭᠤᠯᠬᠤ ᠬᠠᠮᠢᠶ᠎ᠠ ᠪᠥᠬᠥᠶ ᠲᠥᠷᠥᠯ ᠵᠦᠶ᠋ᠯ᠎ᠦᠨ ᠪᠠᠯᠠ ᠮᠥᠩᠭᠥ᠎ᠶ᠋ᠢ 2.98 ᠳ᠋ᠦᠩᠱᠢᠭᠤᠷ ᠲᠥᠭᠥᠷᠢᠭ ᠣᠯᠵᠤ᠂ ᠨᠡᠮᠡᠭ᠌ᠳᠡᠯ᠎ᠦᠨ ᠬᠡᠮᠵᠢᠶ᠎ᠡ᠎ᠨᠢ 78.9% ᠳ᠋ᠤ ᠬᠦᠷᠴᠡᠶ᠃ ᠠᠵᠤ ᠠᠬᠤᠢᠯᠠᠯ᠎ᠳᠤ ᠰᠢᠭᠤᠳ ᠠᠱᠢᠭ ᠬᠦᠷᠲᠡᠭᠡᠬᠦ᠌᠂ ᠱᠢᠯᠵᠢᠭᠦᠯᠦᠨ ᠲᠤᠭᠠᠴᠠᠭ᠎ᠠ ᠬᠢᠬᠦ ᠵᠡᠷᠭᠡ ᠪᠡᠯᠡ ᠮᠥᠩᠭᠥ᠎ᠶ᠋ᠢᠨ ᠳᠡᠮᠵᠢᠯᠭᠡ᠎ᠪᠡᠷ 120 ᠭᠠᠷᠤᠢ ᠡᠵᠡᠩᠨᠡᠯᠲᠡ᠎ᠶ᠋ᠢᠨ ᠪᠡᠶᠡᠴᠢ ᠴᠣᠭ᠍ᠴᠠ ᠳ᠋ᠤ ᠠᠱᠢᠭ ᠬᠦᠷᠲᠡᠭᠡᠪᠡ᠃
ᠮᠠᠯᠴᠢᠨ ᠲᠠᠷᠢᠶᠠᠴᠢᠨ ᠤ ᠬᠦᠰᠡᠯ ᠡᠷᠡᠮᠡᠯᠵᠡᠯ ᠢ ᠠᠴᠢᠶᠠᠯᠠᠵᠤ 《 ᠥᠪᠥᠷ ᠮᠣᠩᠭᠣᠯ᠎ᠤᠨ ᠦᠨᠦᠷ ᠠᠮᠲᠠ》 ᠪᠡᠷ ᠪᠣᠳᠠᠲᠠᠢ ᠦᠷ᠎ᠡ ᠠᠰᠢᠭ᠎ᠢ ᠡᠬᠦᠳᠦᠨ᠎ᠡ
ᠬᠠᠪᠤᠷ ᠤᠨ ᠥᠷᠯᠥᠭᠡ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠣᠷᠴᠢᠨ ᠪᠠᠯᠭᠠᠰᠤᠨ ᠤ ᠯᠢᠦ ᠱᠸ᠋ ᠴᠤᠸᠠᠨ ᠲᠣᠰᠭᠣᠨ ᠤ ᠬᠦᠯᠡᠮᠵᠢ᠎ᠳᠦ ᠤᠨᠴᠠ ᠵᠢᠨ ᠳᠤᠯᠠᠭᠠᠬᠠᠨ ᠪᠠᠢᠯ᠎ᠠ᠃ ᠪᠡᠭᠡᠵᠢᠩ᠎ᠦᠨ ᠣᠶ ᠱᠢᠭᠤᠶ᠎ᠶ᠋ᠢᠨ ᠶᠡᠬᠡ ᠰᠤᠷᠭᠠᠭᠤᠯᠢ᠎ᠠᠴᠠ ᠲᠣᠰ ᠲᠣᠰᠭᠣᠨ᠎ᠳᠤ ᠲᠣᠮᠢᠯᠠᠨ ᠰᠠᠭᠤᠯᠭᠠᠭ᠍ᠰᠠᠨ ᠨᠢᠭᠡᠳᠦᠭᠡᠷ ᠱᠦᠵᠢ ᠯᠢ ᠱᠠᠩ ᠹᠸᠩ ᠪᠣᠯᠤᠨ ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ ᠶ᠋ᠢᠨ ᠭᠡᠱᠢᠭᠦᠳ ᠶᠠᠭ ᠲᠣᠰᠭᠣᠨ᠎ᠤ ᠠᠷᠠᠳ᠎ᠢ ᠬᠠᠪᠰᠤᠷᠤᠨ ᠱᠢᠨ᠎ᠡ ᠰᠣᠷᠭᠣᠭ ᠢᠳᠡᠱᠢᠨ ᠨᠣᠭᠣᠭ᠎ᠠ ᠶ᠋ᠢ ᠲᠤᠬᠢᠷᠠᠭᠤᠯᠤᠨ ᠬᠦᠷᠭᠡᠵᠦ ᠶᠠᠭᠠᠷᠠᠯᠳᠤᠨ᠎ᠠ᠃
《ᠡᠲᠡᠭᠡᠷ ᠢᠳᠡᠱᠢᠨ ᠨᠣᠭᠣᠭ᠎ᠠ ᠪᠣᠬᠢᠷᠲᠤᠯ ᠥᠬᠡᠶ ᠴᠢᠨᠠᠷ ᠰᠠᠢᠲᠠᠶ ᠪᠠᠢᠵᠤ᠂ ᠠᠷᠠᠳ ᠣᠯᠠᠨ᠎ᠤ ᠬᠣᠭᠣᠯᠠᠨ ᠱᠢᠷᠡᠭᠡᠨᠳ᠋ᠤ ᠲᠠᠭᠠᠰᠢᠶᠠᠭᠳᠠᠵᠤ ᠪᠠᠢᠭ᠎ᠠ ᠪᠡᠷ ᠪᠠᠷᠠᠬᠤ ᠥᠬᠡᠶ᠂ ᠪᠠᠰᠠ ᠴᠤ᠌ ᠲᠣᠰᠭᠣᠨ ᠤ ᠠᠷᠠᠳ ᠤᠨ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ ᠴᠢᠬᠤᠯᠠ ᠠᠷᠭ᠎ᠠ ᠵᠠᠮ ᠪᠤᠯᠵᠤ ᠪᠤᠢ》 ᠭᠡᠵᠦ ᠯᠢ ᠱᠠᠩ ᠹᠸᠩ ᠬᠡᠯᠡᠨ᠎ᠠ᠃
ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ ᠵᠢᠨ ᠬᠢᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠲᠣᠰ ᠭᠠᠵᠠᠷ ᠤᠨ ᠢᠳᠡᠭᠡᠨ ᠤᠮᠳᠠᠭᠠᠨ᠎ᠤ ᠪᠠᠢᠭᠤᠯᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠯᠤᠭᠡ ᠰᠠᠨᠠᠭᠠᠴᠢᠯᠠᠭ᠎ᠠ᠎ᠠᠴᠠ ᠪᠠᠨ ᠵᠣᠯᠭᠠᠯᠴᠠᠵᠤ᠂ ᠲᠠᠷᠢᠶᠠᠨ ᠭᠠᠵᠠᠷ᠎ᠠᠴᠠ ᠬᠣᠭᠣᠯᠠᠨ ᠱᠢᠷᠡᠭᠡ ᠬᠦᠷᠲᠡᠯᠡᠬᠢ ᠱᠢᠭᠤᠳ ᠬᠠᠩᠭᠠᠯᠭ᠎ᠠ ᠵᠢᠨ ᠵᠠᠮ ᠢ ᠨᠡᠪᠲᠡᠷᠡᠭᠦᠯᠪᠡ᠃ ᠡᠭᠦᠨ᠎ᠦ ᠬᠠᠮᠲᠤ᠂ ᠡᠯᠧᠺᠲ᠋ᠷᠣᠨ ᠬᠤᠳᠠᠯᠳᠤᠭᠠᠨ᠎ᠤ ᠡᠵᠡᠩᠨᠡᠯᠲᠡ᠎ᠶ᠋ᠢᠨ ᠪᠣᠯᠪᠠᠰᠤᠷᠠᠩᠭᠤᠶ ᠵᠠᠭ᠍ᠪᠤᠷ ᠢ᠋ ᠢᠳᠡᠪᠬᠢᠲᠡᠶ ᠲᠣᠯᠢᠯᠠᠵᠤ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ᠎ᠶ᠋ᠢᠨ ᠠᠷᠭ᠎ᠠ ᠵᠠᠮ ᠢ ᠥᠷᠭᠡᠳᠭᠡᠨ᠂ ᠵᠢᠷᠬᠢᠶ᠎ᠠ ᠪᠡᠷ ᠳᠡᠯᠭᠡᠷᠡᠭᠦᠯᠬᠦ᠌᠂ ᠱᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠬᠤ ᠵᠡᠷᠭᠡ ᠬᠡᠯᠪᠡᠷᠢ᠎ᠪᠡᠷ ᠪᠣᠷᠣᠯᠠᠭᠤᠯᠭ᠎ᠠ᠎ᠶ᠋ᠢᠨ ᠵᠠᠮ᠎ᠢ ᠥᠷᠭᠡᠳᠭᠡᠪᠡ᠃
ᠥᠪᠥᠷ ᠮᠣᠩᠭᠣᠯ ᠲᠠᠷᠢᠶᠠᠯᠠᠩ ᠮᠠᠯ ᠠᠵᠤ ᠠᠬᠤᠶ᠎ᠶ᠋ᠢᠨ《ᠲᠦᠭᠦᠬᠡᠶ ᠮᠠᠲ᠋ᠧᠷᠢᠶᠠᠯ ᠬᠤᠳᠠᠯᠳᠤᠵᠤ》 ᠪᠠᠢᠭ᠍ᠰᠠᠨ᠎ᠠᠴᠠ᠎ᠪᠠᠨ 《ᠦᠶ᠋ᠯᠡᠳᠬᠦᠨ ᠬᠤᠳᠠᠯᠳᠤᠬᠤ》 《ᠲᠦᠷᠦᠯ ᠲᠡᠮᠳᠡᠭ᠌ ᠬᠤᠳᠠᠯᠳᠤᠬᠤ》 ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠎ᠢᠶᠠᠨ ᠠᠵᠤ ᠦᠶ᠋ᠯᠡᠰ᠎ᠦᠨ ᠳᠠᠪᠠᠭᠤᠯᠢᠭ᠂ ᠲᠦᠷᠦᠯ ᠲᠡᠮᠳᠡᠭ᠌ ᠤ᠋ᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠵᠦ ᠪᠠᠢᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠲᠥᠯᠥᠭᠡᠯᠡᠭ᠌ᠴᠢ᠂ ᠰᠠᠨ ᠫᠠᠩ ᠳ᠋ᠠᠨ (ᠥᠪᠥᠷ ᠮᠣᠩᠭᠣᠯ) ᠢᠳᠡᠭᠡᠨ ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠱᠢᠤᠢ ᠵᠢᠶᠠᠨ ᠱᠢᠩ᠂ ᠤᠯᠤᠰ᠎ᠠᠴᠠ ᠲᠦᠷᠦᠯ ᠲᠡᠮᠳᠡᠭ᠎ᠢ ᠪᠣᠢᠵᠢᠭᠤᠯᠬᠤ᠂ ᠤᠬᠠᠭᠤᠯᠤᠨ ᠳᠡᠯᠭᠡᠷᠡᠭᠦᠯᠬᠦ᠌ ᠵᠡᠷᠭᠡ ᠲᠠᠯ᠎ᠠ᠎ᠪᠠᠷ ᠨᠡᠩ ᠤᠯᠠᠨ ᠵᠢᠯᠤᠭᠤᠳᠤᠯᠭ᠎ᠠ ᠦᠵᠡᠭᠦᠯᠵᠦ᠍᠂ ᠥᠪᠥᠷ ᠮᠣᠩᠭᠣᠯ᠎ᠤᠨ ᠲᠦᠷᠦᠯ ᠲᠡᠮᠳᠡᠭ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠲᠠᠯ᠎ᠠ ᠨᠤᠲᠤᠭ᠎ᠤᠨ ᠨᠡᠩ ᠤᠯᠠᠨ ᠦᠨᠦᠷ ᠠᠮᠲᠠ ᠶ᠋ᠢ ᠪᠦᠬᠦ᠌ ᠤᠯᠤᠰ ᠲᠤ ᠬᠦᠷᠭᠡᠬᠦ᠌ ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃
ᠣᠳᠣᠬᠠᠨ᠎ᠳᠤ᠂ 《ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠩ᠎ᠤᠨ ᠲᠦᠷᠦᠯ ᠲᠡᠮᠳᠡᠭ᠌ ᠤ᠋ᠨ ᠭᠠᠷᠴᠠᠭ》 ᠲᠸ᠋ ᠰᠣᠩᠭᠣᠭ᠍ᠳᠠᠭ᠍ᠰᠠᠨ 56 ᠮᠠᠯ᠎ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ ᠦ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠌ ᠤ᠋ᠨ ᠶᠡᠷᠦᠩᠬᠡᠶ ᠥᠷᠲᠡᠭ ᠨᠢ 6744.47 ᠳ᠋ᠦᠩᠱᠢᠭᠤᠷ ᠲᠥᠭᠥᠷᠢᠭ᠎ᠲᠦ ᠬᠦᠷᠴᠦ᠍᠂ 2024 ᠣᠨ ᠤ ᠬᠢ᠎ᠡᠴᠡ 2567.99 ᠳ᠋ᠦᠩᠱᠢᠭᠤᠷ ᠲᠥᠭᠥᠷᠢᠭ ᠨᠡᠮᠡᠭ᠌ᠳᠡᠵᠡᠶ᠂ ᠡᠨᠡ ᠬᠦ᠌ ᠨᠡᠮᠡᠭ᠌ᠳᠡᠯ ᠨᠢ ᠥᠪᠥᠷ ᠮᠣᠩᠭᠣᠯ ᠤᠨ ᠮᠠᠯ ᠠᠵᠤ ᠠᠬᠤᠶ᠎ᠲᠠᠷᠢᠶᠠᠯᠠᠩ᠎ᠤ᠋ᠨ ᠲᠦᠷᠦᠯ ᠲᠡᠮᠳᠡᠭ᠌ ᠤ᠋ᠨ ᠪᠠᠢᠭᠤᠯᠤᠯᠲᠠ᠎ᠶ᠋ᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠢ᠋ ᠢᠯᠡᠷᠡᠭᠦᠯᠪᠡ᠃
ᠱᠢᠨ᠎ᠡ ᠬᠥᠭ᠌ᠵᠢᠯᠲᠡ᠎ᠶ᠋ᠢᠨ ᠭᠠᠷᠤᠭ᠎ᠠ ᠳᠡᠭᠡᠷ᠎ᠡ᠂ ᠥᠪᠥᠷ ᠮᠣᠩᠭᠣᠯ ᠦᠷᠭᠦᠯᠵᠢᠯᠡᠨ ᠠᠮᠢ ᠠᠬᠤᠢ᠎ᠶ᠋ᠢᠨ ᠬᠣᠷᠢᠭ᠎ᠠ ᠱᠤᠭᠤᠮ ᠢ ᠪᠠᠲᠤ ᠰᠠᠬᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠦᠴᠦᠨ ᠣᠯᠭᠣᠬᠤ ᠶ᠋ᠢ ᠴᠢᠩᠭᠠᠳᠭᠠᠵᠤ᠂ ᠭᠦᠢᠯᠭᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠤᠨᠴᠠᠯᠢᠬ᠍ᠳᠤ ᠲᠦᠷᠦᠯ ᠳᠡᠮᠳᠡᠭ ᠢ ᠬᠦᠴᠦᠷᠬᠡᠭ᠌ᠵᠢᠭᠦᠯᠵᠦ᠍᠂ 《ᠥᠪᠥᠷ ᠮᠣᠩᠭᠣᠯ᠎ᠤᠨ ᠦᠨᠦᠷ ᠠᠮᠲᠠ》 ᠵᠢ ᠲᠦᠮᠡᠨ ᠭᠠᠵᠠᠷ ᠬᠠᠩᠬᠤᠯᠤᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠳ᠋ᠤ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠨ᠎ᠠ᠃