ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠶᠠᠳᠠᠭᠤ᠎ᠡᠴᠡ ᠠᠩᠭᠢᠵᠢᠷᠠᠭᠤᠯᠵᠦ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠪᠠᠢᠷᠢᠯᠠᠭᠤᠯᠤᠯᠲᠠ ᠬᠢᠭᠰᠡᠨ ᠨᠢ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠯᠢ ᠰᠢ ᠳᠦ ᠭᠦᠨᠵᠡᠭᠡᠢ ᠬᠦᠨ ᠰᠠᠭᠤᠬᠳᠠᠯ ᠪᠤᠯᠵᠠᠢ᠃ ᠲᠡᠷᠡᠪᠡᠷ᠄ 《ᠬᠥᠳᠡᠭᠡ ᠲᠣᠰᠬᠣᠨ᠎ᠤ ᠵᠠᠰᠠᠮᠠᠯ ᠵᠠᠮ ᠨᠢ ᠲᠠᠷᠢᠶᠠᠴᠢᠳ᠎ᠤᠨ ᠶᠠᠪᠤᠵᠤ ᠰᠠᠭᠤᠬᠤ᠎ᠳᠤ ᠦᠢᠯᠡᠴᠢᠯᠡᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠬᠦ᠂ ᠣᠷᠣᠰᠢᠨ ᠰᠠᠭᠤᠬᠤ ᠣᠷᠴᠢᠨ ᠨᠥᠬᠥᠴᠡᠯ᠎ᠢ ᠨᠢ ᠰᠠᠢᠵᠢᠷᠠᠭᠤᠯᠬᠤ᠂ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠠᠬᠢᠭᠤᠯᠬᠤ᠎ᠳᠤ ᠴᠢᠬᠤᠯᠠ ᠦᠢᠯᠡᠳᠦᠯ᠎ᠲᠠᠢ ᠶᠤᠮ᠂ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠬᠤᠭᠤᠴᠠᠭᠠᠨ ᠳᠤ ᠮᠥᠨ ᠬᠦ᠌ ᠤᠯᠠᠮ ᠨᠢᠭᠡ ᠠᠯᠬᠤᠮ ᠳᠡᠮᠵᠢᠬᠦ ᠡᠷᠴᠢᠮ ᠢᠶᠡᠨ ᠴᠢᠩᠭᠠᠷᠠᠭᠤᠯᠬᠤ ᠴᠢᠬᠤᠯᠠᠲᠠᠢ》 ᠭᠡᠪᠡ᠃

ᠯᠢ ᠰᠢ ᠭᠤᠷᠪᠠᠨ ᠲᠠᠯ᠎ᠠ ᠵᠢᠨ ᠰᠠᠨᠠᠭᠤᠯᠭ᠎ᠠ ᠳᠤᠷᠠᠳᠪᠠ᠃ ᠨᠢᠭᠡ᠎ᠳᠦ᠂ ᠬᠥᠳᠡᠭᠡ ᠲᠣᠰᠬᠣᠨ ᠤ ᠵᠠᠰᠠᠮᠠᠯ ᠵᠠᠮ ᠤᠨ ᠲᠣᠣᠷ ᠤᠨ ᠪᠦᠲᠦᠴᠡ᠎ᠶᠢ ᠰᠢᠯᠢᠳᠡᠭᠵᠢᠭᠦᠯᠦᠨ᠎ᠡ᠃ ᠰᠢᠨ᠎ᠡ ᠨᠢᠭᠡ ᠡᠭᠡᠯᠵᠢ᠎ᠶᠢᠨ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠰᠢᠶᠠᠩ ᠪᠠᠯᠭᠠᠰᠤ᠎ᠳᠤ ᠭᠤᠷᠪᠠᠳᠤᠭᠠᠷ ᠳᠡᠰ ᠵᠢᠴᠢ ᠲᠡᠭᠦᠨ᠎ᠡᠴᠡ ᠳᠡᠭᠡᠭᠰᠢᠬᠢ ᠵᠠᠰᠠᠮᠠᠯ ᠵᠠᠮ ᠨᠡᠪᠲᠡᠷᠡᠭᠦᠯᠬᠦ᠂ ᠨᠡᠯᠢᠶᠡᠳ ᠶᠡᠬᠡ ᠬᠥᠮᠥᠨ ᠠᠮᠠ᠎ᠶᠢᠨ ᠬᠡᠪᠴᠢᠶ᠎ᠡ᠎ᠲᠠᠢ ᠠᠢᠯ ᠲᠣᠰᠬᠣᠨ᠎ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠨᠡᠪᠲᠡᠷᠡᠭᠦᠯᠬᠦ ᠬᠠᠮᠤᠷᠬᠤ ᠬᠡᠪᠴᠢᠶ᠎ᠡ᠎ᠶᠢ ᠥᠷᠭᠡᠳᠬᠡᠨ᠎ᠡ᠃ ᠤᠰᠤᠨ ᠵᠠᠮ᠎ᠳᠦ ᠬᠥᠭᠥᠷᠭᠡ ᠵᠠᠰᠠᠬᠤ᠎ᠶᠢ ᠲᠤᠰᠬᠠᠢ ᠵᠦᠢᠯ᠎ᠢᠶᠡᠷ ᠳᠡᠮᠵᠢᠵᠦ᠂ ᠬᠡᠷᠡᠭᠯᠡᠬᠦ ᠬᠤᠭᠤᠴᠠᠭ᠎ᠠ ᠨᠢ ᠤᠳᠠᠬᠰᠡᠨ ᠵᠠᠮ ᠪᠠ ᠡᠪᠳᠡᠷᠡᠵᠦ ᠰᠦᠢᠳᠦᠭᠰᠡᠨ ᠵᠠᠮ᠎ᠤᠨ ᠬᠡᠰᠡᠭ ᠢ ᠲᠠᠰ ᠳᠡᠪᠰᠢᠭᠦᠯᠵᠤ᠂ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠦᠬᠦᠭᠡᠷᠦᠮᠵᠢ᠎ᠶᠢ ᠲᠡᠭᠦᠯᠳᠡᠷᠵᠢᠭᠦᠯᠵᠦ᠂ ᠬᠦᠨᠳᠦ ᠬᠡᠴᠡᠭᠦᠦ ᠴᠠᠭ ᠠᠭᠤᠷ ᠤᠨ ᠪᠠᠴᠢᠮ ᠪᠠᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ᠎ᠶᠢ ᠳᠡᠭᠡᠭᠰᠢᠯᠡᠭᠦᠯᠵᠤ᠂ ᠣᠯᠠᠨ ᠲᠦᠮᠡᠨ᠎ᠦ ᠠᠮᠤᠷ ᠲᠦᠪᠰᠢᠨ ᠳᠥᠭᠥᠮ ᠳᠥᠲᠡ᠎ᠪᠡᠷ ᠶᠠᠪᠤᠵᠤ ᠰᠠᠭᠤᠬᠤ᠎ᠶᠢ ᠪᠠᠲᠤᠯᠠᠨ᠎ᠠ᠃ ᠬᠣᠶᠠᠷ᠎ᠲᠤ᠂ 《ᠬᠥᠳᠡᠭᠡ ᠲᠣᠰᠬᠣᠨ᠎ᠤ ᠵᠠᠰᠠᠮᠠᠯ ᠵᠠᠮ +》 ᠠᠭᠤᠰᠤᠯᠴᠠᠨ ᠬᠥᠭᠵᠢᠬᠦ ᠵᠠᠭᠪᠤᠷ ᠢ ᠭᠦᠨᠵᠡᠭᠡᠢᠷᠡᠭᠦᠯᠦᠨ᠎ᠡ᠃ ᠬᠥᠳᠡᠭᠡ ᠲᠣᠰᠬᠣᠨ᠎ᠤ ᠵᠢᠭᠤᠯᠴᠢᠯᠠᠯ᠎ᠤᠨ ᠵᠠᠮ᠂ ᠡᠬᠢ ᠪᠠᠶᠠᠯᠢᠭ᠋᠎ᠤᠨ ᠵᠠᠮ᠂ ᠠᠵᠤ ᠦᠢᠯᠡᠰ᠎ᠦᠨ ᠵᠠᠮ᠎ᠢ ᠪᠦᠲᠦᠭᠡᠨ ᠪᠠᠢᠭᠤᠯᠵᠤ᠂ ᠵᠠᠰᠠᠮᠠᠯ ᠵᠠᠮ᠎ᠢ ᠣᠲᠣ᠌ ᠦᠶ᠎ᠡ᠎ᠶᠢᠨ ᠲᠠᠷᠢᠶᠠᠯᠠᠩ᠎ᠤᠨ ᠬᠦᠷᠢᠶᠡᠯᠡᠩ ᠲᠣᠭᠣᠷᠢᠭ᠋᠂ ᠣᠨᠴᠠᠯᠢᠭ᠍ᠲᠤ ᠪᠦᠲᠦᠭᠡᠭᠳᠡᠬᠦᠨ᠎ᠦ ᠰᠠᠭᠤᠷᠢᠨ ᠬᠢᠭᠡᠳ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠲᠠᠢ ᠬᠣᠯᠪᠣᠬᠤ᠎ᠶᠢ ᠲᠦᠯᠬᠢᠨ ᠠᠬᠢᠭᠤᠯᠵᠤ᠂ ᠵᠠᠮ ᠬᠠᠷᠢᠯᠴᠠᠭ᠎ᠠ ᠲᠠᠷᠢᠶᠠᠯᠠᠩ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠵᠢᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠦᠨ᠎ᠡ᠃ ᠨᠦᠭᠡᠴᠡ ᠵᠢᠭᠤᠯᠴᠢᠯᠠᠯ᠎ᠤᠨ ᠵᠠᠰᠠᠮᠠᠯ ᠵᠠᠮ᠎ᠤᠨ ᠲᠠᠰ ᠳᠡᠪᠰᠢᠭᠦᠯᠭᠦ᠎ᠶᠢ ᠲᠦᠷᠭᠡᠳᠬᠡᠵᠦ᠂ ᠥᠪᠡᠷ᠎ᠢᠶᠡᠨ ᠲᠡᠷᠭᠡ ᠵᠢᠯᠤᠭᠣᠳᠴᠤ ᠵᠢᠭᠤᠯᠴᠢᠯᠠᠬᠤ ᠰᠠᠭᠤᠷᠢ ᠲᠦᠬᠦᠭᠡᠷᠦᠮᠵᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠵᠤ᠂ ᠵᠠᠮ᠎ᠢᠶᠠᠷ ᠠᠵᠤ ᠦᠢᠯᠡᠰ᠎ᠢ ᠳᠠᠶ᠋ᠢᠴᠢᠯᠠᠨ᠂ ᠵᠠᠮ᠎ᠢᠶᠠᠷ ᠵᠢᠭᠤᠯᠴᠢᠯᠠᠯ᠎ᠢ ᠠᠬᠢᠭᠤᠯᠵᠤ᠂ ᠶᠡᠷᠦᠩᠬᠡᠢᠯᠡᠭᠰᠡᠨ ᠦᠷ᠎ᠡ ᠠᠰᠢᠭ᠋᠎ᠢ ᠪᠠᠳᠠᠷᠠᠭᠤᠯᠤᠨ᠎ᠠ᠃ ᠭᠤᠷᠪᠠ ᠳᠤ᠂ ᠵᠦᠭᠡᠭᠡᠪᠤᠷᠢ ᠲᠡᠭᠡᠭᠡᠪᠦᠷᠢ ᠰᠢᠤᠳᠠᠨᠢ ᠠᠭᠤᠰᠤᠯᠴᠠᠭᠤᠯᠤᠨ ᠬᠥᠭᠵᠢᠭᠦᠯᠬᠦ ᠲᠦᠪᠰᠢᠨ᠎ᠢ ᠳᠡᠭᠡᠭᠰᠢᠯᠡᠭᠦᠯᠦᠨ᠎ᠡ᠃ ᠰᠢᠶᠠᠨ᠎ᠤ ᠱᠠᠲᠤᠨ᠎ᠤ ᠠᠶᠠᠨᠴᠢᠳ᠎ᠤᠨ ᠵᠦᠭᠡᠭᠡᠪᠦᠷᠢ᠎ᠶᠢᠨ ᠥᠷᠲᠡᠭᠡ ᠵᠢ ᠣᠯᠠᠨ ᠨᠡᠶ᠋ᠢᠲᠡ᠎ᠶᠢᠨ ᠲᠣᠬᠢᠷᠠᠭᠤᠯᠤᠨ ᠬᠦᠷᠭᠡᠬᠦ ᠲᠥᠪ ᠪᠣᠯᠭᠠᠨ ᠬᠤᠪᠢᠷᠠᠭᠤᠯᠬᠤ᠎ᠶᠢ ᠳᠡᠮᠵᠢᠵᠦ᠂ ᠰᠢᠶᠠᠩ ᠪᠠᠯᠭᠠᠰᠤ᠎ᠶᠢᠨ ᠠᠶᠠᠨᠴᠢᠳ᠎ᠤᠨ ᠵᠦᠭᠡᠭᠡᠪᠦᠷᠢ᠂ ᠪᠠᠷᠠᠭᠠᠨ᠎ᠤ ᠲᠡᠭᠡᠭᠡᠪᠦᠷᠢ᠂ ᠰᠢᠤᠳᠠᠨ ᠵᠡᠷᠭᠡ ᠡᠬᠢ ᠪᠠᠶᠠᠯᠢᠭ᠋᠎ᠤᠨ ᠪᠦᠲᠦᠭᠡᠨ ᠪᠠᠢᠭᠤᠯᠤᠯᠲᠠ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠥᠷᠲᠡᠭᠡ᠎ᠶᠢ ᠡᠮᠬᠢᠯᠡᠵᠤ ᠂ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠲᠡᠭᠡᠭᠡᠪᠦᠷᠢ᠎ᠶᠢᠨ ᠰᠢᠰᠲᠧᠮ ᠢ ᠪᠠᠢᠭᠤᠯᠤᠨ᠎ᠠ᠃ ᠠᠶᠠᠨᠴᠢᠳ᠎ᠤᠨ ᠵᠦᠭᠡᠭᠡᠪᠦᠷᠢ᠎ᠶᠢᠨ ᠮᠠᠰᠢᠨ ᠵᠢᠡᠷ ᠪᠠᠷᠠᠭ᠎ᠠ ᠠᠴᠢᠬᠤ᠂ ᠬᠦᠢᠲᠡᠨ ᠬᠡᠯᠬᠢᠶ᠎ᠡ ᠵᠢᠨ ᠲᠤᠰᠬᠠᠢ ᠱᠤᠭᠤᠮ ᠵᠡᠷᠭᠡ ᠵᠠᠭᠪᠤᠷ᠎ᠢ ᠳᠡᠯᠭᠡᠷᠡᠭᠦᠯᠵᠦ᠂ 《ᠭᠠᠷᠤᠯᠲᠠ᠎ᠶᠢᠨ ᠣᠷᠣᠨ ᠡᠴᠡ ᠰᠢᠭᠤᠳ ᠬᠤᠳᠠᠯᠳᠤᠨ ᠠᠪᠬᠤ + ᠬᠦᠢᠲᠡᠨ ᠬᠡᠯᠬᠢᠶ᠎ᠡ ᠵᠢᠨ ᠵᠦᠭᠡᠭᠡᠪᠦᠷᠢ + ᠡᠴᠤᠰ᠎ᠤᠨ ᠬᠡᠯᠬᠢᠶ᠎ᠡ ᠵᠢᠨ ᠲᠣᠬᠢᠷᠠᠭᠤᠯᠤᠨ ᠬᠦᠷᠭᠡᠬᠦ》 ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢᠨ ᠬᠡᠯᠬᠢᠶ᠎ᠡ᠎ᠶᠢ ᠪᠠᠢᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠣᠲᠠ᠎ᠳᠤ ᠣᠷᠣᠭᠤᠯᠬᠤ᠂ ᠠᠵᠤ ᠦᠢᠯᠡᠳᠪᠦᠷᠢ᠎ᠶᠢᠨ ᠪᠦᠲᠦᠭᠡᠭᠳᠡᠬᠦᠨ᠎ᠢ ᠬᠥᠳᠡᠭᠡ ᠪᠠᠭᠤᠯᠭᠠᠬᠤ ᠵᠠᠮ ᠢ ᠨᠠᠩ ᠰᠠᠭᠠᠳ ᠦᠭᠡᠢ ᠪᠣᠯᠭᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠦᠨᠡᠨ ᠬᠦ᠌ 《ᠪᠠᠶᠠᠵᠢᠯ᠎ᠤᠨ ᠵᠠᠮ》᠂ 《ᠬᠥᠭᠵᠢᠬᠥᠯᠥᠨ ᠮᠠᠨᠲᠤᠭᠤᠯᠬᠤ ᠵᠠᠮ》 ᠪᠣᠯᠭᠠᠨ᠎ᠠ ᠭᠡᠵᠡᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号