ᠰᠦᠭᠡ ᠲᠦᠯᠦᠭᠡᠯᠡᠭᠴᠢ᠄ ᠪᠦᠯᠬᠦᠮᠳᠡᠯ᠎ᠦᠨ ᠴᠡᠴᠡᠭᠡᠰ᠎ᠢ ᠬᠢᠨᠭᠭᠠᠨ ᠨᠤᠳᠤᠭ ᠲᠤ᠌ ᠦᠨᠢᠳᠡ ᠪᠠᠳᠠᠷᠠᠭᠤᠯᠤᠨ ᠳᠡᠯᠭᠡᠷᠡᠭᠦᠯᠦᠨ᠎ᠡ
2026-03-13 09:12:21
ᠵᠣᠬᠢᠶᠠᠭ᠍ᠴᠢ᠄
ᠰᠦᠩ ᠱᠤᠸᠠᠩ ᠭᠤᠤ ᠮᠢᠨ ᠨᠠ ᠮᠦᠩᠬᠡᠴᠢᠯᠠᠭᠤ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠲᠠᠯ᠎ᠠ ᠪᠡᠷ ᠲᠣᠳᠣᠷᠬᠠᠶ ᠱᠠᠭᠠᠷᠳᠠᠯᠭ᠎ᠠ ᠳᠤᠷᠠᠳᠴᠠᠶ》᠃ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ ᠎ᠤᠨ ᠨᠠᠮ ᠎ᠤᠨ ᠬᠣᠷᠢᠶ᠎ᠠ ᠵᠢᠨ ᠱᠦᠵᠢ ᠰᠦᠬᠡ᠂ ᠪᠦᠬᠦ᠌ ᠤᠯᠤᠰ ᠎ᠤᠨ ᠬᠣᠶᠠᠷ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠵᠢᠨ 《1571》 ᠠᠵᠢᠯ ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠵᠤ᠂ ᠭᠣᠣᠯᠳᠠᠯᠭ᠎ᠠ ᠎ᠶ᠋ᠢ ᠳᠤᠪᠤᠢ᠌ᠯᠭᠠᠵᠤ᠂ ᠱᠢᠰᠲ᠋ᠧᠮ᠎ᠲᠡᠶ ᠠᠬᠢᠭᠤᠯᠤᠨ᠎ᠠ ᠭᠡᠵᠦ᠍ ᠢᠯᠡᠳᠭᠡᠪᠡ᠃

ᠰᠦᠬᠡ᠂ ᠬᠢᠩᠭᠠᠨ ᠠᠢᠮᠠᠭ ᠬᠠᠢᠨ ᠰᠦᠪᠡᠭ᠌ᠴᠢᠯᠡᠬᠦ᠌᠎ᠶ᠋ᠢᠨ ᠳᠠᠭᠠᠤ ᠳ᠋ᠦᠩᠨᠡᠵᠦ᠍᠂ ᠣᠨᠣᠯ᠎ᠤᠨ ᠰᠤᠳᠤᠯᠭᠠᠨ᠂ ᠲᠦᠷᠢᠮ ᠎ᠦᠨ ᠱᠢᠨ᠎ᠡ ᠵᠢ ᠡᠭᠦᠳᠬᠦ᠂ ᠲᠠᠪᠴᠠᠩ ᠤ᠋ᠨ ᠪᠠᠢᠭᠤᠯᠤᠯᠳᠠ ᠪᠠ ᠠᠵᠤ ᠦᠶ᠋ᠯᠡᠰ᠎ᠢᠶᠡᠷ ᠠᠷᠠᠳ ᠎ᠢ ᠪᠠᠶᠠᠵᠢᠭᠤᠯᠬᠤ᠎ᠪᠠᠷ ᠳᠠᠮᠵᠢᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠪᠡᠷᠮᠢᠴᠡ ᠣᠨᠴᠠᠯᠢᠭ᠎ᠲᠠᠶ ᠠᠷᠭ᠎ᠠ ᠬᠢᠳᠡᠯ᠎ᠢ ᠪᠣᠶ ᠪᠣᠯᠭᠠᠪᠠ᠃ ᠤᠨᠤᠯ᠎ᠤᠨ ᠰᠤᠳᠤᠯᠭᠠᠨ ᠎ᠤ ᠲᠠᠯ᠎ᠠ ᠎ᠪᠠᠷ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠤᠨᠤᠯ ᠎ᠤᠨ ᠰᠤᠳᠤᠯᠭᠠᠨ᠎ᠤ ᠰᠠᠭᠤᠷᠢᠨ ᠪᠠ ᠦᠢᠯᠡᠳᠦᠯᠭᠡ᠎ᠶ᠋ᠢᠨ ᠰᠤᠳᠤᠯᠭᠠᠨ ᠎ᠤ ᠲᠥᠪ ᠎ᠢ ᠪᠠᠢᠭᠤᠯᠵᠤ᠂ ᠲᠤᠰᠭᠠᠢ ᠰᠡᠳᠦᠪ ᠎ᠢ 20 ᠲᠣᠭ᠍ᠲᠠᠭᠠᠪᠠ᠃ ᠲᠤᠰᠭᠠᠶ ᠪᠤᠯᠤᠩ᠂ ᠡᠭᠦᠯᠡᠨ ᠦᠵᠡᠭᠦᠯᠭᠡ᠎ᠶ᠋ᠢᠨ ᠣᠷᠳᠣᠨ᠎ᠢᠶᠠᠷ ᠳᠠᠮᠵᠢᠭᠤᠯᠤᠨ᠂ 《ᠭᠤᠷᠪᠠᠨ ᠰᠠᠯᠵᠤ ᠴᠢᠳᠠᠬᠤ ᠥᠬᠡᠶ》᠂《ᠲᠦᠷᠪᠡᠨ ᠬᠠᠮᠳᠤᠳᠬᠠᠬᠤ》 ᠵᠡᠷᠭᠡ ᠣᠢᠯᠠᠭᠠᠭ᠍ᠳᠠᠬᠤᠨ ᠎ᠢ ᠬᠥᠮᠦᠰ ᠎ᠦᠨ ᠰᠡᠳᠭᠢᠯ᠎ᠳᠦ ᠬᠠᠳᠠᠩᠱᠢᠭᠤᠯᠪᠠ᠃ ᠳᠦᠷᠢᠮ ᠎ᠦᠨ ᠱᠢᠨ᠎ᠡ ᠵᠢ ᠡᠬᠦᠳᠬᠦ ᠲᠠᠯ᠎ᠠ ᠎ᠪᠠᠷ᠂ 《ᠪᠦᠬᠦ᠌ ᠤᠯᠤᠰ ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠠᠢᠮᠠᠭ》  ᠢ᠋ ᠪᠠᠢᠭᠤᠯᠬᠤ ᠠᠵᠢᠯ᠎ᠢ ᠡᠬᠢᠯᠡᠭᠦᠯᠵᠦ᠍᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠷᠢᠳᠠᠴᠢ ᠬᠠᠮᠲᠤᠷᠠᠨ ᠬᠢᠨᠠᠬᠤ ᠳᠦᠷᠢᠮ᠎ᠢ ᠱᠢᠨ᠎ᠡ ᠎ᠶ᠋ᠢ ᠡᠭᠦᠳᠦᠨ ᠬᠡᠷᠡᠭ᠌ᠵᠢᠭᠦᠯᠵᠦ᠍᠂ ᠨᠠᠮ᠎ᠤᠨ ᠬᠣᠷᠢᠶ᠎ᠠ ᠵᠢᠨ ᠱᠦᠵᠢ ᠎ᠶ᠋ᠢᠨ ᠦᠨᠳᠦᠰᠦᠲᠡᠨ ᠎ᠦ ᠠᠵᠢᠯ ᠎ᠤᠨ ᠶᠠᠷᠢᠯᠴᠠᠬᠤ ᠳᠦᠷᠢᠮ᠎ᠢ ᠲᠤᠭᠲᠠᠭᠠᠨ ᠲᠡᠭᠦᠯᠳᠡᠷᠵᠢᠭᠦᠯᠵᠦ᠍᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ᠃ ᠲᠠᠪᠴᠠᠩ ᠎ᠤ᠋ᠨ ᠪᠠᠢᠭᠤᠯᠤᠯᠳᠠ ᠵᠢᠨ ᠲᠠᠯ᠎ᠠ ᠎ᠪᠠᠷ᠂ ᠨᠠᠮ ᠎ᠤᠨ ᠪᠠᠢᠭᠤᠯᠤᠯᠲᠠ᠎ᠪᠠᠷ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠥᠲᠥᠯᠥᠨ ᠳᠠᠭᠠᠭᠤᠯᠬᠤ ᠲᠤᠰᠭᠠᠶ ᠠᠵᠢᠯᠯᠠᠭ᠎ᠠ ᠎ᠶ᠋ᠢ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ 《ᠵᠠᠭᠤ ᠮᠢᠩᠭ᠎ᠠ ᠲᠦᠮᠡ᠎ᠪᠡᠷ ᠵᠢᠱ᠌ᠢᠶ᠎ᠡ ᠦᠵᠡᠭᠦᠯᠤᠨ ᠬᠥᠲᠥᠯᠥᠨ ᠳᠠᠭᠠᠭᠤᠯᠬᠤ》 ᠢᠨᠵᠧᠨᠧᠷᠢᠩ ᠎ᠢ ᠬᠡᠷᠡᠭ᠌ᠵᠢᠭᠦᠯᠵᠦ᠍᠂《ᠠᠨᠠᠷ᠎ᠤᠨ ᠦᠷ᠎ᠡ ᠱᠢᠭ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠵᠡᠷᠭᠡ ᠱᠢᠷᠢᠰ ᠠᠵᠢᠯᠯᠠᠭ᠎ᠠ᠎ᠶ᠋ᠢ ᠥᠷᠨᠢᠭᠦᠯᠵᠦ᠍᠂ ᠬᠥᠮᠦᠵᠢᠯ ᠦᠶ᠋ᠯᠡᠳᠦᠯᠭᠡ᠎ᠶ᠋ᠢᠨ ᠰᠠᠭᠤᠷᠢᠨ  ᠪᠠ ᠠᠢᠮᠠᠭ ᠬᠣᠱᠢᠭᠤ᠎ᠰᠢᠶᠠᠡᠭ  ᠲᠣᠰᠭᠣᠨ᠎ᠢ ᠪᠦᠷᠬᠦᠭᠰᠡᠨ 《ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠨᠡᠢᠭᠡᠮᠯᠢᠭ》 ᠢ᠋ ᠡᠭᠦᠳᠦᠨ ᠪᠠᠢᠭᠤᠯᠪᠠ᠃ ᠠᠵᠤ ᠦᠢᠯᠡᠰ᠎ᠢᠶᠡᠷ ᠠᠷᠠᠳ᠎ᠢ ᠪᠠᠶᠠᠵᠢᠭᠤᠯᠬᠤ ᠲᠠᠯ᠎ᠠ᠎ᠪᠠᠷ᠂ ᠪᠦᠬᠦ᠌ ᠤᠯᠤᠰ᠎ᠤᠨ ᠠᠩᠬᠠᠳᠠᠭ᠍ᠴᠢ ᠤᠯᠤᠰ᠎ᠤᠨ ᠲᠡᠰ᠎ᠤᠨ ᠤᠳᠤ ᠦᠶ᠎ᠡ᠎ᠶ᠋ᠢᠨ ᠮᠠᠯ ᠠᠵᠤ ᠠᠬᠤᠢ᠎ᠶ᠋ᠢᠨ ᠲᠤᠷᠱᠢᠯᠲᠠ᠎ᠶ᠋ᠢᠨ ᠣᠷᠣᠨ᠎ᠢᠶᠠᠷ ᠵᠥᠪᠱᠢᠶᠡᠷᠡᠭ᠌ᠳᠡᠵᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠶᠡᠷᠦᠩᠬᠡᠢ ᠬᠡᠪᠴᠢᠶ᠎ᠡ 1000 ᠲᠦᠮᠡᠨ ᠺᠢᠯᠦᠸᠠᠲ᠎ᠢ ᠳᠠᠪᠠᠵᠠᠢ ᠭᠡᠵᠤ ᠲᠠᠨᠢᠯᠴᠠᠭᠤᠯᠪᠠ᠃

ᠰᠦᠬᠡ᠂ ᠬᠢᠩᠭᠠᠨ ᠠᠢᠮᠠᠭ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠪᠠᠷ ᠭᠣᠣᠯ ᠱᠢᠵᠢᠮ ᠪᠣᠯᠭᠠᠬᠤ ᠎ᠶ᠋ᠢ ᠪᠠᠷᠢᠮᠲᠠᠯᠠᠵᠤ᠂ 《ᠬᠣᠶᠠᠷ ᠲᠤᠭᠤᠷᠢᠭ ᠨᠢᠭᠡ ᠴᠤᠩᠬᠤᠪᠴᠢ》 ᠵᠢᠨ ᠲᠤᠷᠱᠢᠯᠲᠠ᠎ᠶ᠋ᠢᠨ ᠴᠡᠭ᠎ᠦᠨ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠨᠢᠭᠡ ᠪᠦᠯᠦᠭ ᠪᠡᠯᠭᠡ ᠳᠡᠮᠳᠡᠭ᠎ᠦᠨ ᠴᠢᠨᠠᠷᠲᠠᠢ ᠦᠷ᠎ᠡ ᠪᠦᠲᠦᠭᠡᠯ ᠣᠯᠵᠤ᠂ ᠨᠡᠩ ᠥᠨᠳᠥᠷ ᠲᠦᠪᠱᠢᠨ ᠪᠦᠬᠦᠢ ᠬᠤᠪᠢᠰᠭᠠᠯᠲᠤ ᠬᠢᠩᠭᠠᠨ᠂ ᠪᠣᠬᠢᠷᠲᠤᠯ ᠦᠭᠡᠢ ᠬᠢᠩᠭᠠᠨ᠂ ᠬᠠᠯᠠᠭᠤᠨ ᠳᠤᠯᠠᠭᠠᠨ ᠬᠢᠩᠭᠠᠨ ᠎ᠢ ᠪᠦᠬᠦ᠌ ᠬᠦᠴᠦᠨ᠎ᠢᠶᠡᠷ ᠪᠠᠢᠭᠤᠯᠤᠨ᠎ᠠ ᠭᠡᠵᠤ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号