
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠤᠳᠠ ᠬᠥᠳᠡᠭᠡ᠎ᠶ᠋ᠢᠨ ᠴᠢᠬᠤᠯᠠ ᠡᠯᠧᠮᠧᠨ᠋ᠲ ᠦᠨ ᠬᠣᠣᠰ ᠴᠢᠭ᠌ᠯᠡᠯ ᠢᠶᠡᠷ ᠱᠢᠯᠵᠢᠬᠦ᠌᠎ᠶ᠋ᠢ ᠠᠬᠢᠭᠤᠯᠵᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠵᠡᠷᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠤᠢ ᠲᠤᠳᠤᠷᠠᠬᠢ ᠠᠵᠤ ᠠᠬᠤᠢ᠎ᠶ᠋ᠢ ᠬᠥᠭ᠌ᠵᠢᠭᠦᠯᠵᠦ᠍᠂ ᠲᠠᠷᠢᠶᠠᠴᠢᠳ᠎ᠲᠠᠶ ᠬᠣᠯᠪᠣᠭᠠᠯᠠᠨ ᠲᠠᠷᠢᠶᠠᠴᠢᠳ ᠢ ᠳᠠᠢᠴᠢᠯᠠᠬᠤ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠲᠠᠷᠢᠶᠠᠴᠢᠳ᠎ᠤᠨ ᠣᠷᠣᠯᠭ᠎ᠠ ᠶ᠋ᠢᠨ ᠲᠣᠭ᠍ᠲᠠᠭᠤᠨ᠎ᠢᠶᠡᠷ ᠨᠡᠮᠡᠭ᠌ᠳᠡᠬᠦ᠎ᠵᠢ ᠠᠬᠢᠭᠤᠯᠤᠨ᠎ᠠ ᠭᠡᠵᠦ᠍ ᠳᠤᠷᠠᠳᠪᠠ᠃ ᠡᠨᠡ ᠨᠢ ᠨᠠᠳᠠ᠎ᠳᠤ ᠭᠦᠨ ᠰᠠᠭᠤᠭ᠍ᠳᠠᠯ ᠥᠭ᠌ᠴᠡᠶ》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠤᠳᠠ᠎ᠶ᠋ᠢᠨ ᠬᠠᠩᠭᠢᠨ ᠬᠣᠢᠲᠤ ᠬᠣᠱᠢᠭᠤᠨ᠎ᠤ ᠱᠠᠮᠪᠠ ᠪᠠᠯᠭᠠᠰᠤᠨ᠎ᠤ ᠵᠦᠩ ᠨᠠᠨ ᠴᠢᠦᠢ ᠲᠣᠰᠭᠣᠨ᠎ᠤ ᠠᠷᠠᠳ᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ᠂ ᠲᠣᠰᠭᠣᠨ᠎ᠤ ᠠᠷᠠᠳ᠎ᠤᠨ ᠵᠥᠪᠯᠡᠯ᠎ᠦᠨ ᠡᠷᠬᠢᠯᠡᠭ᠌ᠴᠢ᠂ ᠥᠪᠥᠷ ᠮᠣᠩᠭᠣᠯ ᠤᠨ ᠱᠢᠤᠢ ᠢ ᠮᠠᠯ ᠠᠵᠤ ᠠᠬᠤᠢ ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠵᠶ᠋ᠢ ᠱᠢᠨ ᠬᠡᠯᠡᠪᠡ᠃
ᠲᠡᠷᠡ᠂ ᠡᠲᠡᠭᠡᠷ ᠵᠢᠯ᠎ᠦᠳ᠎ᠲᠦ᠂ ᠥᠪᠥᠷ ᠮᠣᠩᠭᠣᠯ ᠠᠮᠢ ᠠᠬᠤᠶ ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂《ᠳᠠᠷᠢᠵᠤ ᠲᠡᠵᠢᠭᠡᠬᠦ᠌ ᠡᠳ᠋ᠰᠢᠭᠦᠯᠦᠨ ᠪᠤᠯᠪᠠᠰᠤᠷᠠᠭᠤᠯᠬᠤ ᠶ᠋ᠢ ᠨᠢᠭᠡ ᠴᠣᠭ᠍ᠴᠠᠵᠢᠭᠤᠯᠤᠬᠰᠠᠨ》ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠪᠣᠶ᠃ ᠣᠲᠣ᠎ᠶ᠋ᠢᠨ ᠥᠪᠥᠷ ᠮᠣᠩᠭᠣᠯ ᠪᠣᠯ ᠤᠯᠤᠰ᠎ᠤᠨ ᠠᠮᠤ ᠵᠢᠨ ᠰᠠᠩ᠂ ᠮᠢᠬᠠᠨ᠎ᠤ ᠬᠥᠮᠥᠷᠭᠡ᠂ ᠰᠦ ᠵᠢᠨ ᠬᠦᠨᠦᠭ ᠪᠠ ᠨᠣᠤᠯᠤᠭᠤᠷ᠎ᠤᠨ ᠲᠥᠪ ᠪᠣᠯᠤᠨ᠎ᠠ᠃ ᠡᠳᠡᠭᠡᠷ ᠨᠢ ᠴᠥᠮ ᠠᠯᠢ ᠣᠯᠠᠨ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠭ᠌ᠰᠡᠨ ᠪᠠ ᠳᠡᠮᠵᠢᠭ᠌ᠰᠡᠨᠦ ᠠᠴᠢ ᠲᠤᠰᠠ ᠪᠣᠯᠬᠤ ᠪᠥᠭᠡᠳ ᠮᠥᠨ ᠴᠦ᠍ ᠪᠢᠳᠡᠨ᠎ᠲᠡᠶ ᠠᠳᠠᠯᠢ᠎ᠪᠠᠷ ᠮᠠᠯᠵᠢᠬᠤ ᠲᠠᠷᠢᠶᠠᠯᠠᠬᠤ ᠣᠷᠣᠨ᠎ᠳᠤ ᠦᠨᠳᠦᠰᠦ ᠬᠠᠳᠭᠤᠭ᠍ᠰᠠᠨ ᠲᠣᠭ᠎ᠠ ᠲᠣᠮᠰᠢ ᠦᠭᠡᠶ ᠠᠵᠤ ᠠᠬᠤᠢᠯᠠᠯ ᠤᠳ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ ᠪᠣᠯᠤᠨ ᠪᠦᠬᠦ᠌ ᠠᠵᠤ ᠦᠢᠯᠡᠰ ᠦᠨ ᠬᠡᠯᠬᠢᠶ᠎ᠡ᠎ᠶ᠋ᠢᠨ ᠰᠡᠳᠭᠢᠬᠦᠶ᠎ᠳᠦ ᠲᠦᠱᠢᠭ᠌ᠯᠡᠨ᠂ ᠠᠯᠬᠤᠮ ᠠᠯᠬᠤᠮ᠎ᠢᠶᠠᠷ ᠪᠣᠳᠠᠲᠠᠶ ᠠᠵᠢᠯᠯᠠᠵᠤ ᠪᠠᠢᠭᠠᠳ ᠣᠯᠤᠭ᠍ᠰᠠᠨ ᠶᠤᠮ ᠭᠡᠵᠦ ᠲᠠᠨᠢᠯᠴᠠᠭᠤᠯᠪᠠ᠃
ᠵᠠᠩ ᠵᠢᠶ ᠱᠢᠨ᠎ᠦ ᠦᠵᠡᠬᠦ᠌᠎ᠪᠡᠷ᠂ ᠥᠷᠭᠡᠨ ᠣᠯᠠᠨ ᠠᠷᠠᠳ ᠤᠨ ᠡᠵᠡᠨᠭᠨᠡᠯᠲᠡ ᠵᠢᠨ ᠠᠵᠤ ᠠᠬᠤᠢᠯᠠᠯ᠎ᠨᠢ ᠠᠵᠤ ᠠᠬᠤᠢᠯᠠᠯ ᠤᠨ ᠬᠥᠭ᠌ᠵᠢᠯᠲᠡ ᠬᠢᠭᠡᠳ ᠨᠡᠢᠭᠡᠮ ᠤᠨ ᠬᠠᠷᠢᠭᠤᠴᠠᠯᠭ᠎ᠠ ᠪᠠᠨ ᠬᠦᠢᠴᠡᠳᠬᠡᠬᠦ᠂ ᠭᠤᠤᠯ ᠠᠵᠢᠯ ᠢᠶᠠᠨ ᠭᠦᠨᠵᠡᠭᠡᠶ ᠬᠢᠬᠦ᠌᠂ ᠳᠠᠪᠠᠭᠤᠯᠢᠭ᠎ᠢᠶᠠᠨ ᠳᠠᠪᠲᠠᠨ ᠪᠣᠯᠪᠠᠰᠤᠷᠠᠭᠤᠯᠬᠤ᠎ᠶ᠋ᠢ ᠬᠠᠮᠲᠤᠳᠤᠨᠢ ᠬᠠᠷᠠᠭᠠᠯᠵᠠᠵᠤ᠂ ᠠᠵᠤ ᠠᠬᠤᠢᠯᠠᠯ ᠤᠨ ᠲᠣᠰ ᠪᠡᠶ᠎ᠡ᠎ᠶ᠋ᠢᠨ ᠲᠣᠭ᠍ᠲᠠᠭᠤᠨ ᠬᠥᠭ᠌ᠵᠢᠯᠲᠡ᠎ᠪᠡᠷ᠎ᠢᠶᠡᠨ ᠣᠷᠣᠯᠭ᠎ᠠ ᠵᠢ ᠨᠡᠮᠡᠭ᠌ᠳᠡᠭᠦᠯᠦᠨ ᠠᠷᠠᠳ᠎ᠢᠶᠠᠨ ᠪᠠᠶᠠᠵᠢᠭᠤᠯᠬᠤ ᠳᠠᠢᠴᠢᠯᠠᠬᠤ ᠴᠢᠳᠠᠪᠤᠷᠢ ᠪᠠᠨ ᠯᠠᠪᠳᠠᠭᠤᠨ ᠪᠠᠲᠤᠲᠠᠶ ᠳᠡᠭᠡᠭ᠌ᠰᠢᠯᠡᠭᠦᠯᠬᠦ᠌ ᠬᠡᠷᠡᠭ᠌ᠲᠡᠶ᠃ ᠲᠡᠷᠡ᠄《ᠡᠲᠡᠭᠡᠷ ᠵᠢᠯ᠎ᠦᠳ᠎ᠲᠦ᠂ ᠪᠢᠳᠡ ᠨᠡᠢᠲᠡ 3200 ᠭᠠᠷᠤᠶ ᠬᠥᠮᠦᠨ᠎ᠳᠦ ᠠᠵᠢᠯ ᠣᠯᠭᠣᠵᠤ᠂ ᠡᠷᠬᠢᠨ ᠲᠣᠭᠣᠷᠢᠨ᠎ᠤ 3000 ᠭᠠᠷᠤᠶ ᠮᠠᠯᠴᠢᠨ ᠲᠠᠷᠢᠶᠠᠴᠢᠨ᠂ 30 ᠭᠠᠷᠤᠶ ᠬᠣᠷᠱᠢᠶ᠎ᠠ᠎ᠶ᠋ᠢ ᠳᠠᠢᠴᠢᠯᠠᠨ ᠬᠠᠮᠲᠤ ᠪᠠᠷ ᠬᠥᠭ᠌ᠵᠢᠵᠦ᠍᠂ ᠮᠠᠯᠴᠢᠨ ᠲᠠᠷᠢᠶᠠᠴᠢᠨ᠎ᠲᠠᠶ ᠨᠢᠭ᠍ᠲᠠ ᠬᠠᠷᠢᠴᠠᠭ᠎ᠠ᠎ᠲᠠᠶ ᠲᠠᠷᠢᠶᠠᠴᠢᠨ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ᠎ᠶ᠋ᠢ ᠪᠣᠶ ᠪᠣᠯᠭᠠᠪᠠ᠃ ᠣᠳᠣ ᠮᠠᠯᠴᠢᠨ ᠲᠠᠷᠢᠶᠠᠴᠢᠨ᠎ᠤ ᠠᠮᠢᠳᠤᠷᠠᠯ ᠦᠬᠡᠳᠡᠯᠡᠨ ᠰᠠᠢᠵᠢᠷᠠᠭᠰᠠᠨᠢ ᠦᠵᠡᠭᠡᠳ ᠪᠢ ᠪᠠᠰᠠ ᠪᠠᠶᠠᠷ ᠳᠠᠢ ᠪᠠᠢᠨ᠎ᠠ》 ᠭᠡᠪᠡ᠃
ᠲᠡᠷᠡ᠂ ᠠᠵᠤ ᠦᠶ᠋ᠯᠡᠰ ᠦᠨ ᠰᠠᠭᠤᠷᠢ᠎ᠳᠤ ᠦᠷᠭᠦᠯᠵᠢᠯᠡᠨ ᠰᠠᠭᠤᠷᠢᠯᠠᠵᠤ᠂ ᠠᠵᠤ ᠦᠶ᠋ᠯᠡᠰ᠎ᠦᠨ ᠳᠠᠪᠠᠭᠤᠯᠢᠭ᠎ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠲᠠᠰ ᠳᠡᠪᠱᠢᠭᠦᠳᠦ ᠬᠦᠴᠦᠨ ᠤᠯᠭᠤᠵᠤ᠂ ᠲᠠᠷᠢᠶᠠᠴᠢᠳ ᠲᠠᠶ ᠬᠣᠯᠪᠣᠭᠠᠯᠠᠨ ᠲᠠᠷᠢᠶᠠᠴᠢᠳ ᠢ ᠲᠠᠭᠠᠭᠤᠯᠬᠤ ᠪᠠᠷ ᠣᠯᠠᠨ ᠲᠦᠮᠡᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃