(2026 ᠣᠨ᠎ᠤ 3 ᠰᠠᠷ᠎ᠠ᠎ᠶ᠋ᠢᠨ 12 ᠤ᠋ᠨ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ ᠪᠠᠲᠤᠯᠠᠪᠠ)
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠳᠤᠯᠪᠤᠷᠢ (ᠲᠦᠰᠦᠯ)》 ᠵᠢ ᠬᠢᠨᠠᠨ ᠪᠠᠢᠴᠠᠭᠠᠭᠠᠳ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠦᠪᠯᠡᠯ ᠤ᠋ᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶ᠋ᠢ ᠵᠥᠪᠱᠢᠶᠡᠷᠡᠵᠦ᠍᠂ ᠡᠨᠡ ᠬᠦ᠌ ᠲᠥᠯᠥᠪᠵᠢᠭᠦᠯᠭᠡ᠎ᠶ᠋ᠢᠨ ᠬᠦᠳᠤᠯᠪᠤᠷᠢ ᠶ᠋ᠢ ᠵᠥᠪᠱᠢᠶᠡᠷᠡᠬᠦ᠌᠎ᠪᠡᠷ ᠲᠣᠭ᠍ᠲᠠᠪᠠ᠃
ᠬᠤᠷᠠᠯ᠎ᠡᠴᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠲᠠᠮᠠᠴᠡᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢᠯᠡᠭᠰᠡᠨ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠵᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ ᠵᠢ ᠪᠡᠶᠡᠯᠡᠬᠦᠯᠪᠡ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶ᠋ᠢ ᠪᠡᠬᠢᠵᠢᠭᠦᠯᠦᠨ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠡᠷᠬᠡᠪᠰᠢ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠴᠢᠬᠤᠯᠠ ᠶᠡᠬᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠨᠡᠩ ᠪᠠᠲᠤ ᠪᠡᠬᠢ ᠰᠠᠭᠤᠷᠢ᠎ᠶ᠋ᠢ ᠲᠠᠯᠪᠢᠬᠤ ᠬᠡᠷᠡᠭ᠌ᠲᠡᠢ ᠭᠡᠵᠤ ᠦᠵᠡᠪᠡ᠃
ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ ᠵᠢᠨ ᠲᠤᠭᠤᠷᠢᠨ ᠳ᠋ᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠤᠬᠰᠠᠨ》 ᠶᠡᠷᠦᠩᠬᠡᠶ ᠪᠠᠢᠷᠢᠰᠢᠭᠤᠯᠤᠯᠳᠠ᠎ᠶ᠋ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ 《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠬᠦᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠲᠣᠭ᠍ᠲᠠᠭᠤᠨ᠎ᠤ ᠲᠤᠮᠳᠠ ᠠᠬᠢᠯᠳᠠ ᠲᠠᠢ ᠪᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠳᠠ ᠪᠤᠯᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠶᠠᠪᠤᠳᠠᠯ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠵᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ᠎ᠢ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠭᠠᠬᠤ᠎ᠶ᠋ᠢ ᠦᠨᠡᠨ ᠬᠦ᠌ ᠪᠠᠲᠤᠯᠠᠬᠤ ᠭᠡᠷᠡᠭᠳᠠᠢ ᠭᠡᠵᠤ ᠱᠠᠭᠠᠷᠳᠠᠪᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 12 ᠤ᠋ᠨ ᠴᠠᠬᠢᠯᠭᠠᠨ ᠮᠡᠳᠡᠭᠡ)