ᠵᠠᠮ ᠤ᠋ᠨ ᠲᠤᠤᠷ ᠤ᠋ᠨ ᠶᠠᠰᠤ ᠴᠢᠨᠠᠷ ᠢ᠋ ᠳᠡᠰ ᠳᠡᠪᠰᠢᠬᠦᠯᠬᠦ ᠠᠵᠢᠯᠯᠠᠭ᠎ᠠ — ᠬᠦᠳᠡᠬᠡ ᠲᠤᠰᠬᠤᠨ ᠤ᠋ ᠵᠠᠮ ᠬᠠᠷᠢᠯᠴᠠᠭᠠᠨ ᠤ᠋ ᠰᠠᠭᠤᠷᠢ ᠵᠢ ᠪᠠᠳᠤ ᠴᠤᠭᠴᠠᠯᠠᠨ᠎ᠠ
2026-03-16 09:51:42
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

— ᠦᠪᠤᠷ ᠮᠤᠩᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠵᠢᠨ ᠲᠤᠬᠠᠢ ᠪᠠᠷᠠᠯᠠᠯ ①


ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠠᠬᠡᠬᠡᠪᠤᠷᠢ ᠵᠢᠨ ᠲᠢᠩᠬᠢᠮ᠂ ᠡᠳ᠋ ᠤ᠋ᠨ ᠵᠠᠰᠠᠭ ᠤ᠋ᠨ ᠲᠢᠩᠬᠢᠮ ᠪᠤᠯᠤᠨ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭᠠᠨ ᠤ᠋ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠡᠨᠡ ᠵᠢᠯ ᠡᠴᠡ ᠡᠬᠢᠯᠡᠨ ᠪᠦᠬᠦ ᠤᠷᠤᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠢ᠋ᠢ ᠬᠡᠷᠡᠭᠵᠢᠬᠦᠯᠵᠤ᠂ 2035 ᠤᠨ ᠪᠤᠯᠬᠤ ᠳ᠋ᠤ 《ᠳᠥᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ》  ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠷᠢᠱᠢᠯ ᠢ᠋ ᠦᠨᠳᠦᠰᠦᠨ ᠳ᠋ᠡᠭᠡᠨ ᠪᠦᠷᠢᠯᠳᠦᠭᠦᠯᠵᠦ᠍᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ᠋ ᠣᠳᠣᠬᠢᠴᠢᠯᠠᠯᠳᠠ ᠵᠢᠨ ᠬᠡᠷᠡᠭ᠌ᠴᠡᠭᠡ ᠢ᠋ᠢ ᠦᠨᠳᠦᠰᠦᠨ ᠳ᠋ᠡᠭᠡᠨ ᠬᠠᠩᠭᠠᠬᠤ ᠪᠡᠷ ᠪᠤᠢ᠃

ᠵᠠᠮ ᠤ᠋ᠨ ᠲᠤᠤᠷ ᠤ᠋ᠨ ᠶᠠᠰᠤ ᠴᠢᠨᠠᠷ ᠢ᠋ ᠳᠡᠰ ᠳᠡᠪᠰᠢᠬᠦᠯᠬᠦ ᠠᠵᠢᠯᠯᠠᠭ᠎ᠠ ᠪᠤᠯ ᠮᠠᠨ ᠤ᠋ ᠤᠷᠤᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠵᠢᠨ ᠨᠢᠬᠡ ᠪᠠᠢᠵᠤ᠂ ᠲᠤᠰ ᠠᠵᠢᠯᠯᠠᠭ᠎ᠠ ᠪᠡᠷ ᠲᠠᠮᠵᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ  ᠮᠡᠷᠭᠡᠵᠢᠯ ᠤ᠋ᠨ ᠪᠠᠷᠢᠮᠵᠢᠶ᠎ᠠ᠂ ᠨᠡᠪᠲᠡᠷᠡᠬᠦ᠌ ᠴᠢᠳᠠᠪᠤᠷᠢ ᠪᠠ ᠦᠢᠯᠡᠴᠢᠯᠡᠭᠡᠨ ᠤ᠋ ᠴᠢᠳᠠᠪᠤᠷᠢ ᠵᠢ ᠪᠦᠬᠦ ᠲᠠᠯ᠎ᠠ ᠪᠡᠷ ᠲᠡᠰ ᠲᠡᠪᠰᠢᠬᠦᠯᠬᠦ ᠪᠤᠯᠤᠨ᠎ᠠ᠃

ᠣᠢᠷ᠎ᠠ ᠳ᠋ᠤ ᠤᠯᠤᠰ ᠤ᠋ᠨ ᠵᠠᠮ ᠤ᠋ᠨ 623 ᠱᠤᠭᠤᠮ ᠤ᠋ᠨ ᠮᠠᠨᠵᠤᠤᠷ — ᠱᠢᠨ᠎ᠡ ᠪᠠᠷᠭᠤ ᠵᠡᠭᠦᠨ ᠬᠤᠰᠢᠭᠤ ᠬᠦᠷᠬᠦ ᠵᠠᠰᠠᠮᠠᠯ ᠵᠠᠮ ᠤ᠋ᠨ ᠵᠢᠷᠤᠭ ᠲᠥᠯᠥᠪᠯᠡᠭᠡ ᠵᠥᠪᠱᠢᠶᠡᠷᠡᠭᠳᠡᠵᠦ᠍᠂ ᠲᠥᠷᠥᠯ ᠵᠦᠢᠯ ᠨᠢ ᠪᠤᠳᠠᠳᠠᠢ ᠠᠬᠢᠯᠲᠠ ᠢ᠋ᠢᠨ ᠱᠠᠲᠤᠨ ᠳ᠋ᠤ ᠣᠷᠣᠯ᠎ᠠ᠃ ᠲᠤᠰ ᠲᠥᠷᠥᠯ ᠵᠦᠢᠯ ᠢ᠋ ᠭᠤᠷᠪᠠᠳᠤᠭᠠᠷ ᠳᠡᠰ ᠤ᠋ᠨ ᠵᠠᠰᠠᠮᠠᠯ ᠵᠠᠮ ᠤ᠋ᠨ ᠪᠠᠷᠢᠮᠵᠢᠶ᠎ᠠ ᠪᠡᠷ ᠪᠥᠲᠥᠭᠡᠨ ᠪᠠᠢᠭᠤᠯᠵᠤ᠂ ᠪᠥᠬᠥ᠌ ᠣᠷᠳᠣ ᠨᠢ 412.087 ᠺᠢᠯᠣᠮᠧᠲ᠋ᠷ ᠪᠠᠢᠵᠤ᠂ ᠮᠠᠨᠵᠤᠤᠷ᠂ ᠡᠪᠦᠳᠦᠭ ᠪᠠ ᠠᠷᠤ ᠬᠠᠱᠢᠶᠠᠲᠤ 3 ᠬᠢᠯᠢ ᠵᠢᠨ ᠪᠣᠭᠣᠮᠲᠠ ᠢ᠋ᠢ ᠬᠣᠯᠪᠣᠨ᠂ ᠣᠯᠠᠨ ᠰᠤᠮᠤ ᠭᠠᠴᠠᠭ᠎ᠠ ᠪᠡᠷ ᠥᠩᠭᠡᠷᠡᠵᠦ᠍᠂ ᠵᠠᠮ ᠳᠠᠭᠠᠤ ᠢ᠋ᠢᠨ ᠭᠠᠵᠠᠷ ᠤᠷᠤᠨ ᠤ᠋ ᠬᠦᠭᠵᠢᠯᠲᠡ᠂ ᠬᠢᠯᠢ ᠵᠢᠨ ᠪᠣᠭᠣᠮᠲᠠ ᠢ᠋ᠢᠨ ᠠᠵᠤ ᠠᠬᠤᠶ ᠢ᠋ᠢᠨ ᠬᠥᠭᠵᠢᠯᠲᠡ ᠪᠠ ᠠᠵᠤ ᠦᠢᠯᠡᠰ ᠤ᠋ᠨ ᠲᠠᠰ ᠳᠡᠪᠱᠢᠯᠲᠠ ᠳ᠋ᠤ ᠵᠠᠮ ᠬᠠᠷᠢᠯᠴᠠᠭᠠᠨ ᠤ᠋ ᠲᠤᠯᠭᠠᠭᠤᠷᠢᠯᠠᠯ ᠬᠠᠩᠭᠠᠬᠤ ᠪᠡᠷ ᠪᠤᠢ᠃

ᠨᠢᠷᠤᠭᠤᠪᠴᠢ ᠵᠠᠮ ᠤ᠋ᠨ ᠲᠤᠤᠷ ᠢ᠋ ᠲᠠᠰ ᠳᠡᠪᠱᠢᠬᠦᠯᠬᠦ ᠪᠤᠯ ᠦᠪᠤᠷ ᠮᠤᠩᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠮ ᠤ᠋ᠨ ᠲᠤᠤᠷ ᠤ᠋ᠨ ᠶᠠᠰᠤ ᠴᠢᠨᠠᠷ ᠢ᠋ ᠳᠡᠰ ᠳᠡᠪᠰᠢᠭᠦᠯᠬᠦ ᠠᠵᠢᠯᠯᠠᠭ᠎ᠠ ᠵᠢᠨ ᠭᠤᠤᠯᠳᠠᠯᠭ᠎ᠠ ᠪᠤᠯᠤᠨ᠎ᠠ᠃ ᠮᠠᠨ ᠤ᠋ ᠤᠷᠤᠨ ᠲᠤᠰ ᠠᠵᠢᠯᠯᠠᠭ᠎ᠠ ᠪᠡᠷ ᠲᠠᠮᠵᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠲᠤᠤᠷ ᠤ᠋ᠨ ᠪᠦᠲᠦᠴᠡ ᠢ᠋ᠢ ᠱᠢᠯᠢᠳᠡᠭ᠌ᠵᠢᠭᠦᠯᠵᠦ᠍᠂ ᠭᠤᠷᠪᠠᠳᠤᠭᠠᠷ ᠳᠡᠰ ᠵᠢᠴᠢ ᠲᠡᠭᠦᠨ ᠡᠴᠡ ᠳᠡᠭᠡᠭ᠌ᠰᠢᠬᠢ ᠮᠡᠷᠭᠡᠵᠢᠯ ᠤ᠋ᠨ ᠪᠠᠷᠢᠮᠵᠢᠶ᠎ᠠ ᠪᠡᠷ ᠬᠣᠲᠠ ᠬᠥᠳᠡᠭᠡ ᠢ᠋ᠢ ᠬᠣᠯᠪᠣᠭ᠍ᠰᠠᠨ᠂ ᠡᠬᠢ ᠪᠠᠶᠠᠯᠢᠭ ᠢ᠋ ᠬᠣᠯᠪᠣᠭ᠍ᠰᠠᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠨᠢᠷᠤᠭᠤᠪᠴᠢ ᠵᠠᠮ ᠤ᠋ᠨ ᠲᠤᠤᠷ ᠤ᠋ᠨ ᠲᠤᠳᠤᠷᠠᠬᠢ ᠳᠤᠤᠷ᠎ᠠ ᠲᠠᠰ ᠤ᠋ᠨ ᠵᠠᠮ ᠤ᠋ᠨ   ᠬᠡᠰᠡᠭ ᠢ᠋ ᠥᠭᠡᠷᠡᠴᠢᠯᠡᠵᠦ᠍ ᠪᠦᠳᠦᠬᠡᠨ ᠪᠠᠢᠭᠤᠯᠬᠤ ᠢ᠋ᠢ ᠤᠷᠢᠳ ᠵᠢᠡᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠨᠢᠷᠤᠭᠤᠪᠴᠢ ᠲᠤᠤᠷ ᠢ᠋ ᠲᠡᠭᠦᠯᠳᠡᠷᠵᠢᠭᠦᠯᠬᠦ᠌ ᠢᠨᠵᠧᠨᠧᠷᠢᠩ ᠢ᠋ 800 ᠺᠢᠯᠣᠮᠧᠲ᠋ᠷ ᠬᠡᠷᠡᠭ᠌ᠵᠢᠭᠦᠯᠦᠨ᠂ ᠰᠤᠮᠤ ᠱᠢᠶᠠᠩ ᠪᠠᠯᠭᠠᠰᠤ᠂ ᠭᠤᠤᠯ ᠪᠣᠯᠬᠤ ᠠᠵᠤ ᠠᠬᠤᠶ ᠢ᠋ᠢᠨ ᠵᠠᠡᠭᠭᠢᠯᠡᠭ᠎ᠠ ᠢ᠋ᠢᠨ ᠴᠡᠭ ᠤ᠋ᠨ ᠭᠠᠳᠠᠭ᠍ᠰᠢ ᠲᠦᠷᠭᠡᠨ ᠨᠡᠪᠲᠡᠷᠡᠬᠦ᠌ ᠵᠠᠮ ᠢ᠋ ᠨᠡᠪᠲᠡᠷᠡᠭᠦᠯᠦᠨ᠎ᠠ᠃ 4 ᠱᠢᠶᠠᠩ ᠪᠠᠯᠭᠠᠰᠤᠨ ᠳ᠋ᠤ ᠭᠤᠷᠪᠠᠳᠤᠭᠠᠷ ᠳᠡᠰ ᠵᠢᠴᠢ ᠲᠡᠭᠦᠨ ᠡᠴᠡ ᠳᠡᠭᠡᠭ᠌ᠰᠢᠬᠢ ᠵᠠᠰᠠᠮᠠᠯ ᠵᠠᠮ ᠢ᠋ ᠨᠡᠪᠲᠡᠷᠡᠭᠦᠯᠵᠤ᠂ ᠰᠤᠮᠤ ᠱᠢᠶᠠᠩ ᠪᠠᠯᠭᠠᠰᠤᠨ ᠳ᠋ᠤ ᠭᠤᠷᠪᠠᠳᠤᠭᠠᠷ ᠳᠡᠰ᠎ᠵᠢᠴᠢ ᠲᠡᠭᠦᠨ ᠡᠴᠡ ᠳᠡᠭᠡᠭ᠌ᠰᠢᠬᠢ ᠵᠠᠰᠠᠮᠠᠯ ᠵᠠᠮ ᠨᠡᠪᠲᠡᠷᠡᠬᠦ᠌ ᠨᠤᠷᠮ᠎ᠠ ᠢ᠋ᠢ 97% ᠳ᠋ᠤ ᠬᠦᠷᠭᠡᠨ᠎ᠠ᠃ ᠪᠠᠰᠠ ᠬᠤᠰᠢᠭᠤ ᠱᠢᠶᠠᠨ ᠤ᠋ ᠬᠤᠲᠠ᠂ ᠰᠤᠮᠤ ᠱᠢᠶᠠᠩ ᠪᠠᠯᠭᠠᠰᠤ ᠡᠴᠡ ᠲᠦᠷᠭᠡᠨ ᠤ᠋ ᠵᠠᠰᠠᠮᠠᠯ ᠵᠠᠮ ᠳ᠋ᠤ ᠳᠥᠭᠥᠮ ᠳᠥᠲᠡ ᠤᠷᠤᠵᠤ ᠭᠠᠷᠬᠤ ᠵᠢ ᠠᠬᠢᠭᠤᠯᠵᠤ᠂ ᠲᠦᠷᠭᠡᠨ ᠤ᠋ ᠵᠠᠰᠠᠮᠠᠯ ᠵᠠᠮ ᠤ᠋ᠨ ᠣᠷᠣᠵᠤ ᠭᠠᠷᠬᠤ ᠭᠠᠵᠠᠷ ᠢ᠋ ᠰᠢᠨ᠎ᠠ ᠪᠡᠷ ᠨᠡᠮᠡᠭᠳᠡᠭᠦᠯᠬᠦ ᠪᠤᠶᠤ ᠦᠢᠯᠡᠴᠢᠯᠡᠭᠡᠨ ᠤ᠋ ᠲᠤᠭᠤᠷᠢᠭ ᠲᠤ᠌ ᠳᠦᠬᠦᠮ ᠲᠦᠳᠡ ᠤᠷᠤᠵᠤ ᠭᠠᠷᠬᠤ ᠭᠠᠵᠠᠷ ᠢ᠋ ᠰᠢᠨ᠎ᠠ ᠪᠡᠷ ᠨᠡᠮᠡᠭᠳᠡᠭᠦᠯᠵᠤ᠂ ᠬᠥᠳᠡᠭᠡ ᠲᠣᠰᠭᠣᠨ ᠤ᠋ ᠴᠢᠬᠤᠯᠠ ᠵᠠᠩᠭᠢᠯᠠᠭ᠎ᠠ ᠢ᠋ᠢᠨ ᠴᠡᠭ ᠪᠤᠯᠤᠨ ᠲᠡᠮᠦᠷ ᠵᠠᠮ ᠤ᠋ᠨ ᠦᠷᠲᠡᠭᠡ ᠴᠡᠭ᠂ ᠨᠢᠰᠭᠡᠯ ᠤ᠋ᠨ ᠪᠠᠭᠤᠳᠠᠯ ᠵᠡᠷᠭᠡ ᠵᠠᠩᠭᠢᠯᠠᠭ᠎ᠠ ᠢ᠋ᠢᠨ ᠴᠡᠭ ᠯᠤᠬᠡ ᠵᠢᠨ 《ᠡᠴᠦᠰ ᠤ᠋ᠨ ᠨᠢᠭᠡ ᠺᠢᠯᠣᠮᠧᠲ᠋ᠷ》 ᠤ᠋ᠨ ᠵᠠᠯᠭᠠᠯᠲᠠ ᠢ᠋ᠢᠨ ᠱᠤᠭᠤᠮ ᠤ᠋ᠨ ᠪᠦᠲᠦᠭᠡᠨ ᠪᠠᠢᠭᠤᠯᠤᠯᠲᠠ ᠢ᠋ᠢᠨ ᠢᠨᠵᠧᠨᠧᠷᠢᠩ ᠢ᠋ ᠬᠡᠷᠡᠭ᠌ᠵᠢᠭᠦᠯᠵᠦ᠍᠂ ᠬᠤᠲᠠ ᠬᠥᠳᠡᠭᠡ ᠢ᠋ᠢᠨ ᠡᠳ᠋ ᠪᠠᠷᠠᠭ᠎ᠠ ᠦᠢᠯᠡᠳᠬᠦᠨ ᠤ᠋ ᠭᠦᠢᠯᠭᠡᠭᠡ ᠵᠢᠨ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠬᠦ ᠪᠡᠷ ᠪᠤᠢ᠃

ᠤᠷᠳᠤᠰ ᠬᠤᠳᠠ ᠢ᠋ᠢᠨ ᠳ᠋ᠦᠩᠱᠧᠩ ᠲᠣᠭᠣᠷᠢᠭ ᠡᠨᠡ ᠵᠢᠯ ᠤ᠋ᠨ 2 ᠰᠠᠷ᠎ᠠ ᠡᠴᠡ ᠬᠠᠨᠲᠠᠶ ᠢ᠋ᠢᠨ ᠰᠦᠮ᠎ᠠ ᠪᠠᠯᠭᠠᠰᠤ ᠪᠤᠯᠤᠨ ᠪᠤᠷᠵᠠᠩ ᠨᠠᠭᠤᠷ ᠪᠠᠯᠭᠠᠰᠤ ᠢ᠋ᠢᠨ ᠵᠢᠡᠨ ᠱᠢᠶᠠᠩ ᠤ᠋ᠨ ᠵᠠᠮ᠂ ᠲᠣᠰᠭᠣᠨ ᠤ᠋ ᠵᠠᠮ ᠢ᠋ ᠥᠷᠭᠡᠳᠭᠡᠬᠦ᠌ ᠠᠵᠢᠯ ᠢ᠋ ᠡᠬᠢᠯᠡᠭᠦᠯᠵᠤ᠂ ᠵᠠᠮ ᠤ᠋ᠨ ᠥᠷᠭᠡᠨ ᠤ᠋ ᠬᠡᠮᠵᠢᠶ᠎ᠡ ᠢ᠋ᠢ 4.5 ᠮᠧᠲᠷ ᠡᠴᠡ ᠨᠠᠷᠢᠨ ᠪᠠᠢᠯᠭᠠᠬᠤ ᠦᠭᠡᠶ ᠮᠦᠷᠳᠡᠬᠡᠨ 300 — 500 ᠮᠧᠲᠷ ᠪᠦᠷᠢ ᠳ᠋ᠤ ᠲᠡᠷᠭᠡ ᠵᠦᠷᠢᠬᠦ ᠵᠠᠮ ᠨᠡᠮᠡᠵᠦ᠍᠂ ᠳᠥᠷᠪᠡᠳᠦᠭᠡᠷ ᠳᠡᠰ ᠤ᠋ᠨ ᠵᠠᠰᠠᠮᠠᠯ ᠵᠠᠮ ᠤ᠋ᠨ ᠪᠠᠷᠢᠮᠵᠢᠶ᠎ᠠ ᠪᠡᠷ ᠪᠦᠲᠦᠭᠡᠨ ᠪᠠᠢᠭᠤᠯᠵᠤ ᠪᠠᠢᠨ᠎ᠠ᠃

ᠤᠢᠯᠠᠭᠠᠭᠰᠠᠨ ᠵᠢᠡᠷ᠂ ᠮᠠᠨ ᠤ᠋ ᠤᠷᠤᠨ ᠮᠠᠯᠵᠢᠬᠤ ᠲᠠᠷᠢᠶᠠᠯᠠᠬᠤ ᠤᠷᠤᠨ ᠤ᠋ ᠵᠠᠮ ᠤ᠋ᠨ ᠲᠤᠤᠷ ᠤ᠋ᠨ ᠶᠠᠰᠤ ᠴᠢᠨᠠᠷ ᠢ᠋ ᠳᠡᠰ ᠳᠡᠪᠰᠢᠭᠦᠯᠬᠦ ᠠᠵᠢᠯᠯᠠᠭ᠎ᠠ ᠳ᠋ᠤ ᠬᠥᠮᠦᠨ ᠠᠮᠠ ᠬᠠᠷᠢᠴᠠᠩᠭᠤᠶ ᠲᠥᠪᠯᠡᠷᠡᠭ᠌ᠰᠡᠨ ᠭᠠᠵᠠᠷ ᠪᠤᠯᠤᠨ ᠬᠣᠲᠠ ᠲᠡᠭᠦᠷᠭᠡ ᠠᠭᠤᠰᠤᠯᠴᠠᠭ᠍ᠰᠠᠨ ᠭᠠᠵᠠᠷ ᠤ᠋ᠨ ᠪᠠᠢᠭᠤᠯᠤᠮᠵᠢᠲᠤ ᠭᠠᠴᠠᠭ᠎ᠠ ᠲᠣᠰᠭᠣᠨ ᠳ᠋ᠤ ᠬᠤᠤᠰ ᠲᠡᠷᠭᠡᠨ ᠵᠠᠮ ᠪᠦᠬᠦᠢ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠢ᠋ᠢ ᠠᠬᠢᠭᠤᠯᠵᠤ᠂ ᠳᠥᠷᠪᠡᠳᠦᠭᠡᠷ ᠳᠡᠰ ᠤ᠋ᠨ ᠵᠠᠰᠠᠮᠠᠯ ᠵᠠᠮ ᠤ᠋ᠨ ᠬᠤᠤᠰ ᠲᠡᠷᠭᠡᠨ ᠵᠠᠮ ᠵᠢᠴᠢ ᠲᠡᠭᠦᠨ ᠡᠴᠡ ᠳᠡᠭᠡᠭ᠌ᠰᠢᠬᠢ ᠪᠠᠷᠢᠮᠵᠢᠶ᠎ᠠ ᠪᠡᠷ ᠪᠠᠢᠭᠤᠯᠤᠮᠵᠢᠲᠤ ᠭᠠᠴᠠᠭ᠎ᠠ ᠲᠣᠰᠭᠣᠨ ᠳ᠋ᠤ ᠬᠤᠤᠰ ᠲᠡᠷᠭᠡᠨ ᠵᠠᠮ ᠤ᠋ᠨ ᠳᠡᠰ ᠳᠡᠪᠰᠢᠭᠦᠯᠬᠦ ᠢᠨᠵᠧᠨᠧᠷᠢᠩ ᠢ᠋ 500 ᠺᠢᠯᠣᠮᠧᠲ᠋ᠷ ᠬᠡᠷᠡᠭ᠌ᠵᠢᠭᠦᠯᠵᠦ᠍᠂ ᠪᠠᠢᠭᠤᠯᠤᠮᠵᠢᠲᠤ ᠭᠠᠴᠠᠭ᠎ᠠ ᠲᠣᠰᠭᠣᠨ ᠳ᠋ᠤ ᠬᠤᠤᠰ ᠲᠡᠷᠭᠡᠨ ᠵᠠᠮ ᠪᠦᠬᠦᠢ ᠵᠠᠰᠠᠮᠠᠯ ᠵᠠᠮ ᠤ᠋ᠨ ᠨᠡᠪᠲᠡᠷᠡᠬᠦ ᠨᠤᠷᠮ᠎ᠠ ᠢ᠋ᠢ 48% ᠳ᠋ᠤ ᠬᠦᠷᠭᠡᠨ᠎ᠠ᠃ ᠪᠠᠰᠠ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠨᠡᠪᠲᠡᠷᠡᠬᠦ᠌ ᠴᠢᠳᠠᠪᠤᠷᠢ ᠢ᠋ᠢ ᠳᠡᠭᠡᠭ᠌ᠰᠢᠯᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠵᠦ᠍᠂ ᠴᠢᠨᠠᠷ ᠮᠠᠭᠤ ᠵᠠᠮ ᠢ᠋ ᠰᠠᠢᠵᠢᠷᠠᠭᠤᠯᠬᠤ᠂ ᠬᠡᠲᠦ ᠢᠪᠴᠤᠤ ᠵᠠᠮ ᠢ᠋ ᠥᠷᠭᠡᠳᠭᠡᠬᠦ᠌᠂ ᠲᠡᠷᠭᠡ ᠵᠥᠷᠢᠭᠦ ᠵᠠᠮ ᠢ᠋ ᠥᠭᠡᠷᠡᠴᠢᠯᠡᠬᠦ ᠵᠡᠷᠬᠡ ᠪᠦᠳᠦᠬᠡᠨ ᠪᠠᠢᠭᠤᠯᠤᠯᠳᠠ ᠵᠢ 1400 ᠺᠢᠯᠣᠮᠧᠲ᠋ᠷ ᠬᠢᠬᠦ ᠪᠤᠯᠤᠨ᠎ᠠ᠃

ᠤᠯᠠᠭᠠᠨᠬᠠᠳᠠ ᠬᠣᠲᠠ ᠢ᠋ᠢᠨ ᠬᠡᠱᠢᠭᠲᠡᠨ ᠬᠣᠱᠢᠭᠤ ᠤᠢᠷ᠎ᠠ ᠳ᠋ᠤ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠪᠣᠯᠤᠨ ᠵᠠᠮ ᠤ᠋ᠨ ᠲᠤᠤᠷ ᠢ᠋ ᠬᠤᠯᠪᠤᠬᠤ ᠲᠥᠷᠥᠯ ᠵᠦᠢᠯ ᠢ᠋ ᠡᠬᠢᠯᠡᠭᠦᠯᠵᠦ᠍᠂ 361 ᠺᠢᠯᠣᠮᠧᠲᠷ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠪᠤᠯᠤᠨ 45 ᠺᠢᠯᠣᠮᠧᠲᠷ ᠤ᠋ᠨ ᠬᠥᠷᠰᠢ ᠵᠡᠷᠭᠡᠯᠡᠳᠡᠭᠡ ᠲᠣᠰᠭᠣᠨ ᠪᠠᠯᠭᠠᠰᠤ ᠢ᠋ᠢᠨ ᠵᠠᠮ ᠤ᠋ᠨ ᠲᠤᠤᠷ ᠢ᠋ ᠬᠤᠯᠪᠤᠬᠰᠠᠨ ᠵᠠᠰᠠᠮᠠᠯ ᠵᠠᠮ ᠢ᠋ ᠵᠠᠰᠠᠵᠤ ᠡᠬᠢᠯᠡᠪᠠ; ᠲᠦᠡᠭᠯᠢᠶᠤᠤ ᠬᠤᠲᠠ ᠢ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤ ᠴᠤ᠌ 100 ᠬᠥᠮᠦᠨ ᠡᠴᠡ ᠳᠡᠭᠡᠭᠱᠢᠬᠢ ᠠᠢᠯ ᠲᠣᠰᠭᠣᠨ ᠳ᠋ᠤ 98 ᠺᠢᠯᠣᠮᠧᠲ᠋ᠷ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ᠌᠂ ᠱᠢᠶᠠᠩ ᠪᠠᠯᠭᠠᠰᠤ ᠢ᠋ᠢᠨ ᠵᠠᠮ ᠤ᠋ᠨ ᠲᠤᠤᠷ ᠢ᠋ ᠬᠤᠯᠪᠤᠬᠤ 55 ᠺᠢᠯᠣᠮᠧᠲ᠋ᠷ ᠤ᠋ᠨ ᠵᠠᠰᠠᠮᠠᠯ ᠵᠠᠮ ᠲᠡᠪᠢᠰᠬᠦ ᠠᠵᠢᠯ ᠢ᠋ ᠡᠬᠢᠯᠡᠭᠦᠯᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠨᠡᠪᠲᠡᠷᠡᠬᠦ᠌ ᠭᠦᠨᠴᠡ ᠬᠢᠭᠡᠳ ᠬᠠᠮᠤᠷᠬᠤ ᠥᠷᠭᠡᠴᠡ ᠢ᠋ᠢ ᠳᠡᠭᠡᠭᠱᠢᠯᠡᠭᠦᠯᠵᠤ ᠪᠠᠢᠨ᠎ᠠ᠃

ᠰᠠᠭᠤᠷᠢ ᠵᠠᠮ ᠤ᠋ᠨ ᠲᠤᠤᠷ ᠢ᠋ ᠤᠷᠲᠤᠳᠭᠠᠵᠤ ᠬᠤᠯᠪᠤᠨ ᠨᠡᠪᠲᠡᠷᠡᠭᠦᠯᠬᠦ ᠢ᠋ᠢ ᠴᠢᠩᠭᠠᠳᠬᠠᠬᠤ ᠪᠤᠯ ᠦᠪᠤᠷ ᠮᠤᠩᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠮ ᠤ᠋ᠨ ᠲᠤᠤᠷ ᠤ᠋ᠨ ᠶᠠᠰᠤ ᠴᠢᠨᠠᠷ ᠢ᠋ ᠳᠡᠰ ᠳᠡᠪᠰᠢᠭᠦᠯᠬᠦ ᠠᠵᠢᠯᠯᠠᠭ᠎ᠠ ᠵᠢᠨ ᠪᠠᠰᠠ ᠨᠢᠬᠡᠨ ᠭᠤᠤᠯᠳᠠᠯᠭ᠎ᠠ ᠶᠤᠮ᠃ ᠡᠬᠦᠨ ᠳ᠋ᠤ ᠦᠪᠡᠷᠳᠡᠬᠡᠨ ᠵᠠᠰᠠᠬᠤ ᠤᠷᠤᠨ ᠡᠴᠡ ᠨᠡᠯᠢᠶᠡᠳ ᠤᠯᠠᠨ ᠬᠥᠮᠦᠨ ᠠᠮᠠ ᠲᠠᠢ ᠪᠥᠭᠡᠳ 100 ᠡᠴᠡ ᠳᠡᠭᠡᠭ᠌ᠰᠢ ᠪᠠᠢᠩᠭᠤ ᠰᠠᠭᠤᠭ᠎ᠠ ᠬᠥᠮᠦᠨ ᠠᠮᠠ ᠲᠠᠢ ᠪᠠᠢᠭᠠᠯᠢᠯᠢᠭ ᠲᠣᠰᠭᠣᠨ (ᠳᠤᠭᠤᠢᠯᠠᠩ) ᠳ᠋ᠤ 1000 ᠺᠢᠯᠣᠮᠧᠲ᠋ᠷ ᠤ᠋ᠨ ᠬᠠᠲᠠᠭᠤᠷᠠᠭᠤᠯᠤᠭ᠍ᠰᠠᠨ ᠵᠠᠮ ᠨᠡᠪᠲᠡᠷᠡᠭᠦᠯᠵᠦ᠍᠂ ᠮᠠᠯᠵᠢᠬᠤ ᠲᠠᠷᠢᠶᠠᠯᠠᠬᠤ ᠣᠷᠣᠨ ᠤ᠋ ᠰᠠᠭᠤᠭᠠᠯᠢ ᠠᠷᠠᠳ ᠤ᠋ᠨ  《ᠡᠴᠦᠰ ᠤ᠋ᠨ ᠨᠢᠭᠡ ᠺᠢᠯᠣᠮᠧᠲ᠋ᠷ》 ᠤ᠋ᠨ ᠶᠠᠪᠤᠵᠤ ᠰᠠᠭᠤᠬᠤ ᠠᠰᠠᠭᠤᠳᠠᠯ ᠢ᠋ ᠰᠠᠢᠲᠤᠷ ᠱᠢᠶ᠋ᠳᠪᠦᠷᠢᠯᠡᠬᠦ ᠪᠡᠷ ᠪᠤᠢ᠃ ᠪᠠᠰᠠ ᠶᠠᠳᠠᠭᠤ ᠡᠴᠡ ᠠᠩᠭᠢᠵᠢᠷᠠᠭᠰᠠᠨ ᠭᠠᠵᠠᠷ ᠣᠷᠣᠨ᠂ ᠬᠤᠪᠢᠰᠭᠠᠯ ᠤ᠋ᠨ ᠬᠠᠭᠤᠴᠢᠨ ᠰᠠᠭᠤᠷᠢᠨ᠂ ᠠᠲᠠᠷ ᠬᠠᠭᠠᠯᠪᠤᠷᠢᠯᠠᠯᠲᠠ ᠢ᠋ᠢᠨ ᠣᠷᠣᠨ ᠱᠢᠭᠤᠢᠲᠤ ᠣᠷᠣᠨ᠂ ᠡᠯᠡᠰᠤ ᠢ᠋ᠢ ᠵᠠᠰᠠᠬᠤ ᠭᠠᠵᠠᠷ ᠣᠷᠣᠨ᠂ ᠬᠢᠯᠢ ᠳᠠᠭᠠᠤ ᠬᠢᠯᠢ ᠬᠢᠵᠠᠭᠠᠷ ᠣᠷᠣᠨ ᠳ᠋ᠤ ᠬᠦᠷᠬᠦ ᠵᠡᠷᠭᠡ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠢ᠋ᠢ ᠴᠢᠩᠭᠠᠳᠭᠠᠨ᠂ ᠵᠠᠮ ᠬᠠᠷᠢᠯᠴᠠᠭᠠᠨ ᠤ᠋ ᠰᠠᠭᠤᠷᠢ ᠲᠦᠬᠦᠭᠡᠷᠦᠮᠵᠢ ᠢ᠋ᠢ ᠢᠳᠡᠪᠬᠢᠲᠡᠶ ᠰᠠᠢᠵᠢᠷᠠᠭᠤᠯᠵᠤ᠂ ᠲᠤᠬᠠᠶ ᠢ᠋ᠢᠨ ᠭᠠᠵᠠᠷ ᠤᠷᠤᠨ ᠤ᠋ ᠪᠤᠳᠠᠳᠤ ᠪᠠᠢᠳᠠᠯ ᠳ᠋ᠤ ᠳᠣᠭᠢᠷᠠᠭᠤᠯᠤᠨ ᠠᠵᠤ ᠠᠬᠤᠶ ᠢ᠋ᠢᠨ ᠬᠠᠷᠢᠯᠴᠠᠭ᠎ᠠ ᠪᠡᠷ ᠨᠢᠭ᠍ᠲᠠ ᠬᠥᠷᠰᠢ ᠵᠡᠷᠭᠡᠯᠡᠳᠡᠭᠡ ᠰᠤᠮᠤ ᠱᠢᠶᠠᠩ ᠪᠠᠯᠭᠠᠰᠤ ᠪᠠ ᠬᠥᠷᠰᠢ ᠵᠡᠷᠭᠡᠯᠡᠳᠡᠭᠡ ᠠᠢᠯ ᠲᠣᠰᠭᠣᠨ ᠢ᠋ ᠬᠣᠯᠪᠣᠭ᠍ᠰᠠᠨ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠢ᠋ᠢ ᠠᠬᠢᠭᠤᠯᠵᠤ᠂ ᠡᠯᠡᠰᠦ ᠢ᠋ᠢ ᠲᠤᠭᠤᠯᠤᠭᠰᠠᠨ ᠵᠠᠰᠠᠮᠠᠯ ᠵᠠᠮ᠂ ᠵᠠᠮ ᠤ᠋ᠨ ᠲᠣᠣᠷ ᠢ᠋ ᠬᠣᠯᠪᠣᠭ᠍ᠰᠠᠨ ᠵᠠᠰᠠᠮᠠᠯ ᠵᠠᠮ ᠢ᠋ 4500 ᠺᠢᠯᠣᠮᠧᠲᠷ ᠲᠡᠪᠢᠰᠴᠦ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠨᠡᠪᠲᠡᠷᠡᠬᠦ᠌ ᠭᠦᠨᠴᠡ ᠪᠠ ᠬᠠᠮᠤᠷᠬᠤ ᠥᠷᠭᠡᠵᠢᠯ ᠢ᠋ ᠤᠯᠠᠮ ᠳᠡᠭᠡᠭ᠌ᠰᠢᠯᠡᠭᠦᠯᠬᠦ ᠪᠤᠯᠤᠨ᠎ᠠ᠃

《ᠪᠢᠳᠡ ᠵᠠᠮ ᠤ᠋ᠨ ᠲᠤᠤᠷ ᠤ᠋ᠨ ᠶᠠᠰᠤ ᠴᠢᠨᠠᠷ ᠢ᠋ ᠳᠡᠭᠡᠭᠱᠢᠯᠡᠭᠦᠯᠬᠦ᠌ ᠠᠵᠢᠯᠯᠠᠭ᠎ᠠ ᠢ᠋ᠢ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠵᠢᠨ ᠲᠡᠷᠢᠭᠦᠨ ᠳ᠋ᠤ ᠲᠠᠯᠪᠢᠵᠤ᠂ ᠨᠢᠷᠤᠭᠤᠪᠴᠢ ᠵᠠᠮ ᠤ᠋ᠨ ᠲᠤᠤᠷ ᠢ᠋ ᠲᠠᠰ ᠳᠡᠪᠱᠢᠭᠦᠯᠬᠦ᠌᠂ ᠵᠠᠰᠠᠮᠠᠯ ᠵᠠᠮ ᠢ᠋ ᠲᠠᠰ ᠳᠡᠪᠱᠢᠭᠦᠯᠦᠨ ᠥᠭᠡᠷᠡᠴᠢᠯᠡᠬᠦ᠌᠂ ᠰᠠᠭᠤᠷᠢ ᠵᠠᠮ ᠤ᠋ᠨ ᠲᠤᠤᠷ ᠢ᠋ ᠤᠷᠲᠤᠳᠭᠠᠬᠤ ᠵᠡᠷᠬᠡ 3 ᠶᠡᠬᠡ ᠡᠭᠦᠷᠭᠡ ᠵᠢᠨ ᠲᠤᠭᠤᠷᠢᠨ ᠳ᠋ᠤ ᠭᠠᠳᠠᠭᠰᠢ ᠳᠣᠲᠣᠭᠰᠢ ᠬᠣᠯᠪᠣᠯᠳᠤᠨ ᠵᠠᠯᠭᠠᠯᠳᠤᠵᠤ᠂ ᠳᠣᠲᠣᠭᠠᠳᠤ ᠳ᠋ᠠᠭᠠᠨ ᠰᠠᠭᠠᠳ ᠥᠬᠡᠶ ᠨᠡᠪᠲᠡᠷᠡᠭᠰᠡᠨ᠂ ᠠᠵᠤ ᠦᠢᠯᠡᠰ ᠢ᠋ ᠠᠭᠤᠰᠤᠯᠴᠠᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ᠋ ᠵᠠᠮ ᠬᠠᠷᠢᠯᠴᠠᠭᠠᠨ ᠤ᠋ ᠲᠤᠤᠷ ᠢ᠋ ᠲᠦᠷᠭᠡᠳᠭᠡᠨ ᠲᠡᠭᠦᠯᠳᠡᠷᠵᠢᠭᠦᠯᠵᠤ᠂ ᠬᠤᠳᠠ ᠬᠥᠳᠡᠭᠡ ᠢ᠋ᠢᠨ ᠭᠦᠢᠯᠭᠡᠭᠡ ᠪᠣᠯᠤᠨ ᠤᠯᠠᠨ ᠲᠦᠮᠡᠨ ᠤ᠋ ᠶᠠᠪᠤᠵᠤ ᠰᠠᠭᠤᠬᠤ 〈ᠡᠴᠦᠰ ᠤ᠋ᠨ ᠨᠢᠭᠡ ᠺᠢᠯᠤᠮᠸᠲᠷ〉 ᠢ᠋ ᠬᠦᠴᠦᠯᠡᠨ ᠨᠡᠪᠲᠡᠷᠡᠭᠦᠯᠵᠦ᠍᠂ ᠴᠢᠨᠠᠷ ᠰᠠᠢᠳᠠᠢ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ᠢᠡᠷ ᠬᠥᠳᠡᠭᠡ ᠲᠣᠰᠭᠣᠨ ᠢ᠋ ᠪᠦᠬᠦ᠌ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ》  ᠭᠡᠵᠤ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤ᠋ᠨ ᠳᠠᠷᠤᠭ᠎ᠠ ᠭᠤᠤ ᠱ᠌ᠢ ᠴᠢᠨ 2026 ᠣᠨ ᠤ᠋ ᠪᠥᠬᠥ᠌ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠵᠢᠯ ᠤ᠋ᠨ ᠬᠤᠷᠠᠯ ᠳᠡᠭᠡᠷ᠎ᠡ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号