《ᠲᠠ ᠰᠠᠢᠨ ᠦᠦ᠂ ᠪᠢ ᠪᠣᠯ ᠶᠡᠷᠦᠩᠬᠡᠢᠯᠡᠨ ᠵᠠᠰᠠᠬᠤ ᠲᠥᠪ᠎ᠦᠨ ᠠᠵᠢᠯᠲᠠᠨ᠃ ᠲᠠᠨ ᠤ᠋ ᠳᠡᠭᠡᠷ᠎ᠡ ᠭᠠᠷᠠᠭ ᠲᠤᠰᠭᠠᠭ᠍ᠰᠠᠨ ᠲᠠᠭᠤ ᠱᠤᠤᠬᠢᠶᠠᠨ ᠠᠷᠠᠳ᠎ᠢ ᠦᠶ᠋ᠮᠡᠭᠦᠯᠦᠭ᠌ᠰᠡᠨ ᠠᠰᠠᠭᠤᠳᠠᠯ᠎ᠢ ᠵᠣᠬᠢᠰᠲᠠᠶ ᠱᠢᠶ᠋ᠳᠪᠦᠷᠢᠯᠡᠭ᠌ᠰᠡᠨ ᠦᠦ? ᠱᠢᠶ᠋ᠳᠪᠦᠷᠢᠯᠡᠭ᠌ᠰᠡᠨ ᠦᠷ᠎ᠡ ᠳ᠋ᠦᠩ᠎ᠳᠦ ᠬᠠᠨᠤᠮᠵᠢᠲᠠᠶ ᠦᠦ?》 ᠃ ᠣᠢᠷ᠎ᠠ᠎ᠳᠤ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠲᠦ ᠠᠵᠢᠯᠲᠠᠳ ᠴᠠᠬᠢᠯᠭᠠᠨ ᠤᠲᠠᠰᠤ᠎ᠪᠠᠷ ᠨᠢᠭᠡᠳ ᠨᠢᠭᠡ᠎ᠪᠡᠷ ᠬᠠᠷᠢᠭᠤ ᠰᠤᠷᠪᠤᠯᠵᠢᠯᠠᠭ᠎ᠠ ᠬᠢᠪᠠ᠃ ᠡᠢᠮᠦᠷᠬᠦᠦ ᠪᠠᠢᠳᠠᠯ ᠨᠢ ᠣᠲᠣ ᠬᠣᠷᠴᠢᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠲᠦ ᠨᠢᠭᠡᠨᠲᠡ ᠬᠡᠪ᠎ᠦᠨ ᠪᠠᠢᠳᠠᠯ ᠪᠣᠯᠵᠠᠶ᠃
ᠵᠥᠷᠢᠴᠡᠯ ᠵᠠᠭᠤᠷᠠᠯᠳᠤᠭᠠᠨ᠎ᠢ ᠬᠥᠲᠥᠯᠥᠨ ᠵᠢᠯᠣᠭᠣᠳᠴᠤ ᠶᠡᠷᠦᠩᠬᠡᠢᠯᠡᠨ ᠵᠠᠰᠠᠬᠤ ᠲᠥᠪ ᠲᠡᠢᠰᠢ ᠲᠥᠪᠯᠡᠷᠡᠭᠦᠯᠵᠦ᠍᠂ ᠶᠡᠷᠦᠩᠬᠡᠢᠯᠡᠨ ᠵᠠᠰᠠᠬᠤ ᠲᠥᠪ᠎ᠢ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ ᠲᠡᠷᠢᠭᠦᠨ ᠰᠣᠩᠭᠣᠬᠤ ᠭᠠᠵᠠᠷ᠂ ᠲᠥᠪᠯᠡᠷᠡᠭᠦᠯᠵᠦ᠍ ᠲᠠᠷᠬᠠᠭᠠᠬᠤ ᠭᠠᠵᠠᠷ᠂ ᠲᠡᠭᠦᠰᠭᠡᠯ᠎ᠦᠨ ᠭᠠᠵᠠᠷ ᠪᠣᠯᠭᠠᠪᠠ᠃ ᠬᠣᠷᠴᠢᠨ ᠲᠣᠭᠣᠷᠢᠭ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠂ ᠪᠣᠳᠠᠲᠤ ᠪᠠᠢ᠌ᠯᠳᠤᠭᠠᠨᠴᠢᠯᠠᠭ᠍ᠰᠠᠠ ᠠᠵᠢᠯᠯᠠᠭ᠎ᠠ᠎ᠨᠢ ᠠᠬᠢᠭᠤᠯᠬᠤ ᠲᠠᠯ᠎ᠠ᠎ᠪᠠᠷ᠂ ᠨᠠᠷᠢᠯᠢᠬ᠍ᠵᠢᠭᠤᠯᠤᠭ᠍ᠰᠠᠨ ᠦᠢᠯᠡᠴᠢᠯᠡᠭᠡ᠎ᠪᠡᠷ ᠦᠨᠳᠦᠰᠦ ᠪᠣᠯᠭᠠᠵᠤ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠵᠢᠡᠷ ᠵᠠᠭᠤᠷᠠᠯᠳᠤᠭᠠᠨ᠎ᠢ ᠱᠢᠢᠳᠪᠦᠷᠢᠯᠡᠵᠦ᠍ ᠳᠡᠢᠯᠬᠦ᠌᠎ᠶ᠋ᠢ ᠲᠤᠪᠤᠢ᠌ᠯᠭᠠᠵᠦ᠍᠂ ᠭᠠᠵᠠᠷ ᠣᠷᠣᠨ᠎ᠤ ᠪᠣᠳᠠᠲᠤ ᠪᠠᠢᠳᠠᠯ᠎ᠳᠤ ᠨᠡᠢᠴᠡᠭ᠌ᠰᠡᠨ᠂ ᠤᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠴᠤᠤᠷᠢᠶᠠᠲᠤᠭ᠍ᠰᠠᠨ ᠣᠳᠣᠬᠢᠴᠢᠯᠠᠭ᠍ᠰᠠᠨ ᠵᠠᠰᠠᠯᠲᠠ᠎ᠶ᠋ᠢᠨ ᠠᠷᠭ᠎ᠠ ᠵᠠᠮ᠎ᠢ ᠠᠮᠵᠢᠯᠲᠠ᠎ᠲᠠᠶ ᠬᠠᠢᠨ ᠰᠦᠪᠡᠭ᠌ᠴᠢᠯᠡᠵᠦ᠍᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠪᠦᠷᠢ᠎ᠶ᠋ᠢ ᠱᠢᠢᠳᠪᠦᠷᠢᠯᠡᠬᠦ᠌ ᠬᠥᠮᠦᠨ ᠲᠡᠶ ᠪᠤᠯᠭᠠᠵᠤ᠂ ᠬᠠᠤᠯᠢ ᠶᠣᠰᠣᠭᠠᠷ ᠱᠢᠢᠳᠪᠦᠷᠢᠯᠡᠵᠦ᠍᠂ ᠤᠯᠠᠨ ᠲᠦᠮᠡᠨ᠎ᠳᠦ ᠲᠥᠪ ᠭᠣᠣᠯᠴᠢ ᠱᠢᠳᠤᠷᠭᠤ ᠶᠣᠰᠣ ᠳᠡᠷᠭᠡᠳᠡ ᠨᠢ ᠪᠠᠢᠬᠤ ᠲᠦᠷᠦᠭ᠌ᠳᠡᠯ ᠥᠭ᠌ᠴᠡᠢ᠃
ᠬᠣᠷᠴᠢᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪᠮᠡᠳᠡᠭᠡ ᠵᠠᠩᠭᠢ ᠴᠤᠭ᠍ᠯᠠᠭᠤᠯᠬᠤ᠂ ᠵᠠᠳᠠᠯᠤᠨ ᠰᠤᠳᠤᠯᠵᠤ ᠮᠠᠭᠠᠳᠯᠠᠬᠤ᠂ ᠵᠢᠯᠣᠭᠣᠳᠤᠨ ᠲᠣᠬᠢᠷᠠᠭᠤᠯᠬᠤ᠂ ᠵᠥᠷᠢᠴᠡᠯ᠎ᠢ ᠱᠢᠶ᠋ᠳᠪᠦᠷᠢᠯᠡᠬᠦ᠌ ᠵᠡᠷᠭᠡ ᠣᠯᠠᠨ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠨᠡᠢᠭᠡᠮ᠎ᠦᠨ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ ᠵᠢᠭ᠍ᠰᠠᠭᠠᠯ᠎ᠤᠨ ᠭᠠᠵᠠᠷ᠎ᠢ ᠠᠮᠵᠢᠯᠲᠠ᠎ᠲᠠᠶ ᠡᠭᠦᠳᠦᠨ ᠪᠠᠢᠭᠤᠯᠪᠠ᠃ ᠵᠠᠬᠢᠳᠠᠯ ᠰᠤᠷᠪᠤᠯᠵᠢᠯᠠᠯ᠂ ᠬᠠᠤᠯᠢ ᠴᠠᠭᠠᠵᠠ᠂ ᠠᠷᠠᠳ᠎ᠤᠨ ᠶᠠᠪᠤᠳᠠᠯ ᠵᠢᠴᠢ ᠲᠤᠰᠭᠠᠢ ᠡᠶᠡᠳᠡᠭᠦᠯᠬᠦ᠌ ᠺᠣᠮᠢᠰ ᠵᠡᠷᠭᠡ ᠤᠯᠠᠨ ᠰᠠᠯᠠᠭ᠎ᠠ ᠮᠥᠴᠢᠷ᠎ᠦᠨ ᠡᠬᠢ ᠪᠠᠶᠠᠯᠢᠭ᠎ᠢ ᠡᠮᠬᠢᠯᠡᠨ ᠨᠡᠢᠳᠭᠡᠬᠦ ᠪᠡᠷ ᠳᠠᠮᠵᠢᠭᠤᠯᠤᠨ᠂ 《ᠨᠢᠭᠡ ᠥᠷᠲᠡᠭᠡᠴᠢᠯᠡᠭᠰᠡᠨ ᠮᠠᠶᠢᠭ᠎ᠢᠶᠠᠷ ᠬᠦᠰᠡᠯ ᠱᠠᠭᠠᠷᠳᠠᠯᠭ᠎ᠠ᠎ᠶ᠋ᠢ ᠬᠦᠯᠢᠶᠡᠨ ᠠᠪᠴᠤ᠌᠂ ᠵᠠᠭᠤᠷᠠᠯᠳᠤᠭᠠᠨ᠎ᠢ ᠪᠦᠬᠦᠨ᠎ᠢ ᠡᠶᠡᠳᠡᠭᠦᠯᠦᠨ ᠱᠢᠢᠳᠪᠦᠷᠢᠯᠡᠵᠦ᠍᠂ ᠠᠰᠠᠭᠤᠳᠠᠯ᠎ᠢ ᠪᠦᠬᠦ᠌ ᠬᠡᠯᠬᠢᠶ᠎ᠡ᠎ᠪᠡᠷ ᠱᠢᠢᠳᠪᠦᠷᠢᠯᠡᠬᠦ᠌》 ᠥᠨᠳᠥᠷ ᠪᠦᠲᠦᠮᠵᠢᠲᠡᠢ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠯᠳᠦᠭᠦᠯᠪᠡ᠃
ᠣᠳᠣᠬᠠᠨ ᠪᠣᠯᠲᠠᠯ᠎ᠠ᠂ ᠬᠣᠷᠴᠢᠨ ᠲᠣᠭᠣᠷᠢᠭ ᠱᠢᠶᠠᠨ᠎ᠤ ᠲᠡᠰ᠎ᠤᠨ ᠬᠦᠢᠰᠦ ᠲᠠᠪᠴᠠᠩ᠎ᠢ ᠪᠠᠯᠭᠠᠰᠤᠨ᠎ᠤ ᠲᠡᠰ᠎ᠤᠨ ᠡᠮᠦᠨ᠎ᠡ ᠹᠷᠣᠨᠲ᠎ᠤᠨ 21ᠪᠡᠬᠢᠯᠡᠯᠲᠡ᠎ᠶ᠋ᠢ ᠪᠠᠢᠭᠤᠯᠵᠤ᠂ ᠭᠤᠯᠳᠤ᠎ᠪᠠᠷ ᠨᠡᠪᠲᠡᠷᠡᠨ᠂ ᠬᠥᠨᠳᠡᠯᠡᠨ᠎ᠢᠶᠡᠷ ᠬᠣᠯᠪᠣᠭᠠᠯᠠᠵᠤ᠂ ᠪᠦᠬᠦ᠌ ᠣᠷᠣᠨ ᠪᠦᠰᠡ᠎ᠶ᠋ᠢ ᠪᠦᠷᠬᠦᠭ᠌ᠰᠡᠨ ᠵᠠᠰᠠᠯᠲᠠ᠎ᠶ᠋ᠢᠨ ᠲᠣᠣᠷ᠎ᠢ ᠪᠠᠢᠭᠤᠯᠪᠠ᠃ ᠣᠯᠠᠨ ᠲᠦᠮᠡᠨ ᠵᠥᠪᠬᠡᠨ ᠶᠡᠷᠦᠩᠬᠡᠢᠯᠡᠨ ᠵᠠᠰᠠᠬᠤ ᠲᠥᠪ᠎ᠦᠨ ᠡᠭᠦᠳᠡᠨ ᠳ᠋ᠤ ᠣᠷᠣᠪᠠᠯ ᠣᠯᠠᠩᠬᠢ ᠬᠦᠰᠡᠯ ᠱᠠᠭᠠᠷᠳᠠᠯᠭ᠎ᠠ᠎ᠪᠠᠨ ᠲᠤᠰᠭᠠᠵᠤ ᠱᠢᠶ᠋ᠳᠪᠦᠷᠢᠯᠡᠵᠦ᠍ ᠴᠢᠳᠠᠨ᠎ᠠ᠃ ᠨᠡᠩ ᠵᠠᠩᠭᠢᠯᠠᠭ᠎ᠠ ᠨᠢ ᠭᠡᠪᠡᠯ᠂ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠨᠢ ᠡᠨᠡ ᠬᠦ᠌ ᠵᠠᠰᠠᠯᠲᠠ᠎ᠶ᠋ᠢᠨ ᠲᠣᠣᠷ᠎ᠲᠤ 《ᠤᠶᠤᠨ ᠤᠬᠠᠭᠠᠨ》 ᠤ᠋ ᠰᠦᠭ ᠰᠦᠨᠡᠰᠦ ᠨᠡᠮᠡᠷᠢᠯᠡᠵᠡᠢ᠃ ᠬᠣᠷᠴᠢᠨ ᠲᠣᠭᠣᠷᠢᠭ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠨ ᠵᠠᠰᠠᠬᠤ ᠪᠠ ᠲᠣᠣᠷᠵᠢᠭᠤᠯᠤᠭ᠍ᠰᠠᠨ ᠮᠡᠳᠡᠭᠡ ᠵᠠᠩᠭᠢ᠎ᠶ᠋ᠢᠨ ᠲᠠᠪᠴᠠᠩ᠎ᠢ ᠭᠦᠨᠵᠡᠭᠡᠢ ᠬᠡᠷᠡᠭ᠌ᠯᠡᠵᠦ᠍᠂ ᠲᠣᠭ᠎ᠠ ᠪᠠᠷᠢᠮᠲᠠ᠎ᠶ᠋ᠢᠨ ᠡᠬᠢ ᠪᠠᠶᠠᠯᠢᠭ᠎ᠢ ᠴᠠᠭ ᠲᠤᠬᠠᠢᠳᠤᠨᠢ ᠬᠤᠷᠠᠮᠳᠤᠭᠤᠯᠬᠤ ᠪᠠ ᠣᠶᠤᠨᠴᠢ ᠵᠠᠳᠠᠯᠤᠯᠲᠠ ᠬᠢᠬᠦ᠌᠎ᠶ᠋ᠢ ᠪᠡᠶᠡᠯᠡᠭᠦᠯᠵᠦ᠍᠂ ᠲᠡᠰ ᠳᠠᠪᠬᠤᠷᠭ᠎ᠠ᠂ ᠣᠷᠣᠨ ᠪᠦᠰᠡ ᠠᠯᠤᠰᠯᠠᠭ᠍ᠰᠠᠨ ᠵᠢᠯᠣᠭᠣᠳᠤᠨ ᠲᠤᠬᠢᠷᠠᠭᠤᠯᠬᠤ᠎ᠶ᠋ᠢ 《ᠴᠤᠤᠷᠢᠶᠠᠲᠤᠬᠤ ᠮᠠᠶᠢᠭ》 ᠡᠴᠡ 《ᠤᠷᠢᠳᠴᠢᠯᠡᠨ ᠮᠠᠭᠠᠳᠯᠠᠬᠤ ᠮᠠᠶᠢᠭ》 ᠲᠡᠢᠰᠢ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠨᠡᠢᠭᠡᠮ᠎ᠦᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ᠎ᠳᠤ 《ᠲᠣᠭᠠᠴᠢᠯᠠᠭ᠍ᠰᠠᠨ ᠵᠢᠭᠦᠷ》 ᠤᠷᠭᠤᠭᠤᠯᠵᠤ᠂ 《ᠣᠶᠤᠨᠴᠢ ᠵᠠᠰᠠᠯᠲᠠ》᠎ᠪᠡᠷ ᠲᠤᠯᠭᠠᠭᠤᠷᠢ ᠪᠣᠯᠭᠠᠨ 《ᠴᠢᠳᠠᠮᠠᠭᠠᠢ ᠵᠠᠰᠠᠯᠲᠠ》 ᠵᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠵᠠᠩᠭᠢᠯᠠᠭ᠎ᠠ ᠨᠢ ᠦᠨᠳᠦᠰᠦᠨ ᠱᠠᠲᠦ ᠬᠦᠷᠲᠡᠯ᠎ᠡ ᠭᠦᠨᠵᠡᠭᠡᠢᠷᠡᠭᠦᠯᠦᠨ ᠤᠷᠲᠤᠳᠬᠠᠬᠤ᠎ᠳᠦ ᠪᠠᠢᠨ᠎ᠠ᠃ ᠦᠨᠳᠦᠰᠦᠨ ᠱᠠᠲᠤᠨ᠎ᠤ ᠵᠠᠰᠠᠯᠲᠠ᠎ᠶ᠋ᠢᠨ ᠮᠡᠳᠡᠷᠡᠯ᠎ᠦᠨ ᠰᠡᠵᠢᠭᠦᠷᠢ ᠤᠯᠠᠮ ᠰᠡᠷᠭᠡᠭ ᠪᠤᠯᠭᠠᠬᠤ᠎ᠶ᠋ᠢᠨ ᠲᠥᠯᠥᠭᠡ ᠬᠣᠷᠴᠢᠨ ᠲᠣᠭᠣᠷᠢᠭ ᠪᠠᠰᠠ 《ᠲᠤᠤᠷᠵᠢᠯ᠎ᠤᠨ ᠨᠠᠮ᠎ᠤᠨ ᠳᠤᠭᠤᠢᠯᠠᠩ + ᠲᠤᠤᠷᠵᠢᠭᠤᠯᠤᠯᠲᠠ᠎ᠶ᠋ᠢᠨ ᠠᠵᠢᠯᠲᠠᠨ + ᠠᠰᠠᠷ (ᠤᠷᠤᠴᠠ᠂ ᠬᠣᠯᠪᠣᠭᠠᠲᠤ ᠡᠷᠦᠬᠡ) ᠤ᠋ᠨ ᠳᠠᠷᠤᠭ᠎ᠠ》 ᠵᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠡᠴᠡ᠎ᠶ᠋ᠢ ᠬᠦᠴᠦᠯᠡᠨ ᠪᠠᠢᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠣᠳᠣᠬᠠᠨ ᠪᠣᠯᠲᠠᠯ᠎ᠠ᠂ ᠲᠣᠰ ᠲᠣᠭ᠍ᠲᠡᠴᠡ᠎ᠶ᠋ᠢ ᠨᠢᠭᠡᠨᠲᠡ 445 ᠭᠠᠴᠡᠭ᠎ᠠ ᠲᠣᠰᠭᠣᠨ(ᠨᠡᠢᠭᠡᠮ ᠲᠣᠭᠣᠷᠢᠭ) ᠳ᠋ᠤ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠨᠡᠢᠲᠡ 1748 ᠲᠤᠤᠷᠵᠢᠯ᠎ᠤᠨ ᠨᠠᠮ᠎ᠤᠨ ᠳᠤᠭᠤᠢᠯᠠᠩ ᠪᠠᠢᠭᠤᠯᠵᠤ᠂ 3034 ᠰᠠᠭᠤᠷᠢ ᠲᠤᠤᠷᠵᠢᠯ ᠬᠤᠪᠢᠶᠠᠨ᠂ 2876 ᠲᠤᠰᠭᠠᠶ ᠪᠤᠶᠤ ᠲᠤᠱᠢᠶᠠᠯ ᠬᠠᠪᠰᠤᠷᠭᠠᠭ᠍ᠰᠠᠨ ᠲᠤᠤᠷᠵᠢᠭᠤᠯᠤᠯᠲᠠ᠎ᠶ᠋ᠢᠨ ᠠᠵᠢᠯᠲᠠᠨ ᠲᠣᠬᠢᠷᠠᠭᠤᠯᠵᠤ᠂ 5731 ᠨᠡᠷᠡᠰ ᠠᠰᠠᠷ (ᠤᠷᠤᠴᠠ᠂ ᠬᠣᠯᠪᠣᠭᠠᠲᠤ ᠡᠷᠦᠬᠡ)᠎ᠤ᠋ᠨ ᠳᠠᠷᠤᠭ᠎ᠠ᠎ᠶᠢ ᠰᠣᠩᠭᠣᠨ ᠳᠣᠭᠢᠷᠠᠭᠤᠯᠪᠠ᠃ ᠲᠠᠳᠠ ᠠᠢᠯ ᠡᠷᠦᠬᠡ᠎ᠪᠡᠷ ᠬᠦᠷᠴᠦ᠍ ᠰᠤᠷᠪᠤᠯᠵᠢᠯᠠᠬᠤ᠎ᠶ᠋ᠢ ᠪᠠᠢᠩᠭᠤ ᠥᠷᠨᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠡᠶᠡᠳᠡᠭᠦᠯᠦᠨ᠂ ᠲᠤᠬᠠᠶ᠎ᠶ᠋ᠢᠨ ᠲᠠᠯᠠᠪᠠᠶ᠎ᠳᠤ ᠮᠠᠲᠠᠭ᠎ᠲᠠᠶ ᠠᠰᠠᠭᠤᠳᠠᠯ᠎ᠢ ᠱᠢᠶ᠋ᠳᠪᠦᠷᠢᠯᠡᠵᠡᠶ᠃
ᠡᠭᠦᠨ᠎ᠦ ᠬᠠᠮᠲᠤ᠂ ᠬᠣᠷᠴᠢᠨ ᠲᠣᠭᠣᠷᠢᠭ ᠪᠠᠰᠠ 《ᠲᠣᠮᠢᠯᠠᠯᠲᠠ᠎ᠵᠢ ᠭᠥᠯᠢᠶᠡᠨ ᠠᠪᠬᠤ — ᠡᠶᠡᠳᠡᠭᠦᠯᠦᠨ ᠱᠢᠶ᠋ᠳᠪᠦᠷᠢᠯᠡᠬᠦ᠌ — ᠬᠠᠤᠯᠢ ᠴᠠᠭᠠᠵᠠ᠎ᠶ᠋ᠢᠨ ᠨᠤᠲᠠᠯᠠᠯᠲᠠ ᠬᠢᠬᠦ᠌》 ᠪᠥᠬᠥ᠌ ᠬᠡᠯᠬᠢᠶ᠎ᠠ ᠵᠢᠨ ᠵᠠᠭᠠᠯᠳᠤᠬᠤ᠎ᠡᠴᠡ ᠡᠮᠦᠨᠡᠬᠢ ᠡᠶᠡᠳᠡᠭᠦᠯᠬᠦ᠌ ᠵᠠᠭ᠍ᠪᠤᠷ᠎ᠤᠨ ᠱᠢᠨ᠎ᠡ᠎ᠶᠢ ᠡᠭᠦᠳᠴᠦ᠍᠂ 《ᠲᠦᠪ᠎ᠡᠴᠡ ᠵᠤᠬᠢᠶᠠᠨ ᠪᠠᠢᠭᠤᠯᠵᠤ ᠴᠤᠭᠯᠠᠭᠤᠯᠬᠤ᠂ ᠰᠠᠯᠠᠭ᠎ᠠ ᠮᠥᠴᠢᠷ ᠨᠡᠷ᠎ᠡ ᠮᠡᠳᠡᠭᠦᠯᠬᠦ᠌》 ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠪᠡ᠃
《 ᠶᠡᠷᠦᠩᠬᠡᠢᠯᠡᠨ ᠵᠠᠰᠠᠬᠤ ᠲᠥᠪ ᠪᠣᠯ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ 〈ᠰᠠᠨᠠᠭᠠᠴᠢᠯᠠᠭᠠᠲᠤ ᠴᠠᠭ᠍ᠳᠠᠭᠠᠨ᠎ᠤ ᠶᠠᠪᠤᠳᠠᠯ〉 ᠢ᠋ ᠦᠶ᠋ᠯᠡᠳᠦᠯᠭᠡᠵᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ᠎ᠤᠨ ᠨᠢᠭᠡ ᠮᠥᠨ᠃ ᠪᠢᠳᠡ ᠡᠯᠪᠡᠭ ᠪᠠᠶᠠᠯᠢᠭ ᠲᠤᠷᠱᠢᠯᠭ᠎ᠠ᠎ᠲᠠᠶ ᠠᠷᠠᠳ᠎ᠤᠨ ᠴᠠᠭ᠍ᠳᠠᠭ᠎ᠠ ᠲᠤᠮᠢᠯᠠᠵᠤ ᠨᠢᠭᠡᠳᠦᠭᠡᠷ ᠹᠷᠣᠨᠲ᠎ᠲᠤ ᠪᠠᠢᠩᠭᠤ ᠰᠠᠭᠤᠵᠤ᠂ ᠶᠡᠷᠦᠩᠬᠡᠢᠯᠡᠨ ᠵᠠᠰᠠᠬᠤ ᠲᠥᠪ᠎ᠦᠨ ᠡᠶᠡᠳᠡᠭᠦᠯᠦᠭ᠌ᠴᠢ᠂ ᠬᠠᠤᠯᠢ ᠴᠠᠭᠠᠵᠠ᠎ᠶ᠋ᠢᠨ ᠭᠠᠵᠠᠷ ᠤᠨ ᠠᠵᠢᠯᠲᠠᠨ ᠵᠡᠷᠭᠡ ᠲᠠᠢ ᠮᠥᠷᠥ᠍ ᠵᠡᠷᠭᠡᠴᠡᠨ ᠠᠵᠢᠯᠯᠠᠵᠤ᠂ ᠪᠤᠳᠤᠯᠢᠶᠠᠨᠲᠠᠶ ᠵᠥᠷᠢᠴᠡᠯ᠎ᠢ ᠬᠠᠮᠲᠤᠷᠠᠨ ᠰᠢᠢᠳᠪᠦᠷᠢᠯᠡᠵᠦ᠂ ᠵᠠᠭᠤᠷᠠᠯᠳᠤᠭᠠᠨ᠎ᠢ ᠠᠷᠢᠯᠭᠠᠬᠤ᠎ᠳᠤ ᠭᠦᠨᠵᠡᠭᠡᠶ ᠣᠷᠣᠯᠴᠠᠪᠠ》 ᠭᠡᠵᠦ᠍ ᠵᠠᠭᠤᠷᠠᠯᠳᠤᠭᠠᠨ᠎ᠢ ᠡᠶᠡᠳᠡᠭᠦᠯᠬᠦ᠌ ᠣᠯᠠᠨ ᠠᠵᠢᠯ᠎ᠳᠤ ᠣᠷᠣᠯᠴᠠᠭ᠍ᠰᠠᠨ ᠲᠦᠩᠯᠢᠶᠣᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠣᠷᠴᠢᠨ ᠬᠤᠪᠢᠶᠠᠷᠢ ᠲᠣᠪᠴᠢᠶ᠎ᠠ᠎ᠶ᠋ᠢᠨ ᠴᠢᠩ ᠾᠧ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠸᠠᠩ ᠬᠠᠶ ᠪᠢᠨ ᠭᠦᠨ ᠲᠥᠷᠥᠭ᠌ᠳᠡᠯ᠎ᠲᠡᠶ ᠬᠡᠯᠡᠨ᠎ᠡ᠃
ᠲᠣᠭᠠᠪᠠᠷᠢᠮᠳᠠ ᠭᠡᠷᠡᠴᠢ ᠪᠤᠯᠵᠤ᠂ ᠠᠮᠤᠷ ᠲᠦᠪᠱᠢᠨ ᠤᠯᠠᠨ ᠲᠦᠮᠡᠨ᠎ᠳᠤ ᠮᠡᠳᠡᠷᠡᠭᠳᠡᠨ᠎ᠡ᠃ ᠡᠨᠡ ᠵᠢᠯ᠎ᠡᠴᠡ ᠨᠠᠭᠠᠰᠢ᠂ ᠬᠣᠷᠴᠢᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ ᠨᠡᠢᠲᠡ 4832 ᠵᠥᠷᠢᠴᠡᠯ ᠵᠠᠭᠤᠷᠠᠯᠳᠤᠭᠠᠨ᠎ᠢ ᠭᠥᠯᠢᠶᠡᠨ ᠠᠪᠴᠤ᠌᠂ 4392 ᠬᠡᠷᠡᠭ᠎ᠢ ᠡᠶᠡᠳᠡᠭᠦᠯᠦᠨ ᠱᠢᠶ᠋ᠳᠪᠦᠷᠢᠯᠡᠵᠦ᠍᠂ ᠡᠶᠡᠳᠡᠭᠦᠯᠦᠭ᠌ᠰᠡᠨ ᠨᠣᠷᠮ᠎ᠠ᠎ᠨᠢ 91% ᠳ᠋ᠤ ᠬᠦᠷᠴᠡᠶ; ᠪᠠᠯᠭᠠᠰᠤᠨ᠎ᠤ ᠲᠡᠰ᠎ᠤᠨ ᠶᠡᠷᠦᠩᠬᠡᠢᠯᠡᠨ ᠵᠠᠰᠠᠬᠤ ᠲᠥᠪ ᠨᠡᠢᠲᠡ 2425 ᠵᠥᠷᠢᠴᠡᠯ ᠵᠠᠭᠤᠷᠠᠯᠳᠤᠭᠠᠨ᠎ᠢ ᠬᠦᠯᠢᠶᠡᠨ ᠠᠪᠴᠤ᠌᠂ 2378 ᠬᠡᠷᠡᠭ᠎ᠢ ᠡᠶᠡᠳᠡᠭᠦᠯᠦᠨ ᠱᠢᠢᠳᠪᠦᠷᠢᠯᠡᠵᠦ᠍᠂ ᠡᠶᠡᠳᠡᠭᠦᠯᠦᠭ᠌ᠰᠡᠨ ᠨᠣᠷᠮ᠎ᠠ 98%᠎ᠳᠤ ᠬᠦᠷᠴᠡᠢ᠃
ᠣᠯᠠᠨ ᠲᠠᠯ᠎ᠠ᠎ᠪᠠᠷ ᠬᠠᠮᠵᠢᠯᠴᠠᠨ ᠵᠠᠭᠤᠷᠠᠯᠳᠤᠭᠠᠨ᠎ᠢ ᠱᠢᠶ᠋ᠳᠪᠦᠷᠢᠯᠡᠵᠦ᠍᠂ ᠣᠯᠠᠨ ᠡᠱᠢᠵᠢᠬᠦᠯᠦᠨ ᠬᠠᠮᠲᠤ᠎ᠪᠠᠷ ᠵᠠᠰᠠᠵᠤ ᠡᠶ᠎ᠡ ᠵᠣᠬᠢᠴᠠᠯ᠎ᠢ ᠠᠬᠢᠭᠤᠯᠤᠨ᠎ᠠ᠃ ᠬᠣᠷᠴᠢᠨ ᠲᠣᠭᠣᠷᠢᠭ ᠶᠠᠭ ᠡᠬᠢ ᠪᠠᠶᠠᠯᠢᠭ᠎ᠢ ᠨᠡᠢᠳᠭᠡᠬᠦ᠌᠂ ᠴᠤᠪᠤᠷᠠᠯ᠎ᠢ ᠱᠢᠯᠢᠳᠡᠭ᠌ᠵᠢᠭᠦᠯᠬᠦ᠌᠂ ᠦᠶ᠋ᠯᠡᠴᠢᠯᠡᠭᠡ᠎ᠶ᠋ᠢ ᠳᠡᠭᠡᠭ᠌ᠰᠢᠯᠡᠭᠦᠯᠬᠦ᠌᠎ᠪᠡᠷ ᠳᠠᠮᠵᠢᠭᠤᠯᠤᠨ᠂ ᠶᠡᠷᠦᠩᠬᠡᠢᠯᠡᠨ ᠵᠠᠰᠠᠬᠤ ᠲᠥᠪ᠎ᠦᠨ ᠪᠦᠬᠦᠨ᠎ᠢ ᠬᠠᠮᠤᠷᠬᠤ ᠪᠠᠢᠭᠤᠯᠤᠯᠲᠠ᠂ ᠪᠣᠳᠠᠲᠤ ᠴᠣᠭ᠍ᠴᠠᠵᠢᠭᠤᠯᠤᠨ ᠭᠦᠢᠴᠡᠳᠭᠡᠬᠦ᠂ ᠵᠢᠷᠤᠮᠵᠢᠭᠤᠯᠤᠨ ᠠᠵᠢᠯᠯᠠᠬᠤ᠎ᠶ᠋ᠢ ᠠᠬᠢᠭᠤᠯᠵᠤ᠂ ᠨᠠᠩ ᠥᠨᠳᠥᠷ ᠲᠦᠪᠱᠢᠨ ᠪᠥᠬᠥᠶ ᠠᠮᠤᠷ ᠠᠮᠤᠭᠤᠯᠠᠩ ᠬᠣᠷᠴᠢᠨ᠂ ᠬᠠᠤᠯᠢ ᠪᠡᠷ ᠵᠠᠰᠠᠬᠤ ᠬᠣᠷᠴᠢ᠎ᠨᠢ ᠴᠢᠷᠮᠠᠢᠨ ᠪᠥᠲᠥᠭᠡᠨ ᠪᠠᠢᠭᠤᠯᠵᠤ ᠪᠠᠢᠨ᠎ᠠ᠃