— ᠦᠪᠦᠷ ᠮᠤᠨᠭᠭᠤᠯ᠎ᠤᠨ ᠪᠡᠶ᠎ᠡ᠎ᠶᠢᠨ ᠲᠠᠮᠢᠷ᠎ᠤᠨ ᠦᠢᠯᠡᠰ᠎ᠤᠨ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠲᠤᠬᠠᠢ
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠵᠢᠯ ᠪᠣᠯᠤᠨ᠎ᠠ᠃ ᠪᠦᠬᠦ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠱᠢᠰᠲ᠋ᠧᠮ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭᠠᠷᠳᠠᠯᠭ᠎ᠠ᠎ᠶ᠋ᠢᠨ ᠲᠣᠭᠣᠷᠢᠨ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠤᠯᠠᠨ ᠲᠦᠮᠡᠨᠴᠢ ᠪᠡᠶ᠎ᠡ᠎ᠶ᠋ᠢᠨ ᠲᠠᠮᠢᠷ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠂ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠦᠨ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠡᠯ᠎ᠡ ᠵᠦᠢᠯ᠎ᠦᠨ ᠡᠭᠦᠷᠭᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠬᠦᠳᠦᠨ᠎ᠡ᠃

ᠲᠡᠮᠡᠭᠡᠨ ᠤᠷᠤᠯᠳᠤᠭᠠᠨ
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠪᠡᠶ᠎ᠡ ᠴᠢᠭᠢᠷᠠᠭ᠍ᠵᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠲᠠᠰᠤᠷᠠᠯᠲᠠ ᠥᠬᠡᠶ ᠬᠠᠩᠭᠠᠬᠤ ᠪᠣᠯᠤᠨ᠎ᠠ᠃ ᠪᠥᠬᠥ᠌ ᠣᠷᠣᠨ ᠵᠢᠡᠷ ᠵᠢᠡᠨ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ᠎ᠤᠨ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠣᠪᠣᠢᠮ᠎ᠠ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠬᠣᠲᠠ᠎ᠶ᠋ᠢᠨ ᠨᠡᠢᠭᠡᠮ ᠲᠣᠭᠣᠷᠢᠭ᠎ᠤᠨ 《15 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠤ᠋ᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠬᠢᠯᠢ ᠬᠢᠵᠠᠭᠠᠷ᠎ᠤᠨ ᠬᠣᠱᠢᠭᠤ ᠰᠢᠶᠠᠨ᠎ᠤ ᠪᠡᠶ᠎ᠡ ᠴᠢᠭᠢᠷᠠᠭ᠍ᠵᠢᠭᠤᠯᠬᠤ ᠲᠦᠬᠦᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠳᠭᠡᠨ ᠨᠥᠬᠥᠪᠥᠷᠢᠯᠡᠵᠦ᠍᠂ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠣᠷᠳᠣᠨ ᠲᠠᠯᠠᠪᠠᠶ᠎ᠶ᠋ᠢᠨ ᠦᠨ᠎ᠡ ᠲᠥᠯᠥᠪᠦᠷᠢ ᠥᠬᠡᠶ᠂ ᠰᠦᠶ᠋ᠳᠭᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ ᠪᠠ ᠤᠶᠤᠨᠴᠢᠯᠠᠨ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ᠃
ᠭᠠᠵᠠᠷ ᠣᠷᠣᠨ᠎ᠤ ᠣᠨᠴᠠᠯᠢᠭ ᠪᠠ ᠦᠨᠳᠦᠰᠦᠲᠡᠨ᠎ᠦ ᠰᠣᠶᠣᠯ᠎ᠤᠨ ᠳᠠᠪᠠᠭᠤᠯᠢᠭ᠎ᠲᠠᠭᠠᠨ ᠲᠦᠱᠢᠭ᠌ᠯᠡᠨ ᠮᠣᠩᠭᠣᠯ ᠮᠣᠷᠢᠨ᠎ᠤ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠂ ᠮᠠᠯᠴᠢᠨ ᠲᠠᠷᠢᠶᠠᠴᠢᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ 《ᠦᠪᠦᠷ ᠮᠤᠨᠭᠭᠤᠯ᠎ᠤᠨ ᠭᠦᠯ ᠪᠦᠮᠪᠦᠭᠡ᠎ᠶᠢᠨ ᠬᠡᠳᠦ ᠲᠡᠰ᠎ᠤᠨ ᠬᠤᠯᠪᠤᠭᠠᠳᠤ ᠤᠷᠤᠯᠳᠤᠭᠠᠨ》 ᠵᠡᠷᠭᠡ ᠨᠠᠷᠠᠲᠤ ᠲᠥᠷᠥᠯ ᠲᠡᠮᠳᠡᠭ᠌ᠲᠦ᠍ ᠤᠷᠤᠯᠳᠤᠭᠠᠨ᠎ᠤ ᠠᠵᠢᠯᠯᠠᠭ᠎ᠠ᠎ᠶ᠋ᠢ ᠶᠡᠬᠡ ᠪᠡᠷ ᠬᠦᠭᠵᠢᠬᠦᠯᠵᠦ᠂ ᠪᠥᠬᠡ ᠪᠠᠷᠢᠯᠳᠤᠬᠤ᠂ ᠮᠣᠷᠢ ᠤᠷᠤᠯᠳᠤᠬᠤ᠂ ᠰᠣᠷ ᠬᠠᠷᠪᠤᠯᠲᠠ ᠵᠡᠷᠭᠡ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠪᠠᠢᠩᠭᠤᠵᠢᠭᠤᠯᠤᠨ ᠥᠷᠨᠢᠭᠦᠯᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠦᠨᠡᠨ ᠬᠦ᠌ ᠦᠨᠳᠦᠰᠦᠨ ᠱᠠᠲᠤᠨ᠎ᠳᠤ ᠪᠠ ᠣᠯᠠᠨ ᠲᠦᠮᠡᠨ᠎ᠦ ᠳᠤᠮᠳᠠ ᠬᠦᠨᠵᠡᠭᠡᠢᠷᠡᠭᠦᠯᠦᠨᠡ᠃ ᠡᠭᠦᠨ᠎ᠦ ᠬᠠᠮᠲᠤ᠂ 《ᠤᠮᠠᠷᠠᠲᠤ ᠬᠢᠯᠢ᠎ᠶ᠋ᠢᠨ ᠪᠡᠶ᠎ᠡ᠎ᠶ᠋ᠢᠨ ᠲᠠᠮᠢᠷ᠎ᠤᠨ ᠬᠥᠩᠭᠡᠨ ᠮᠣᠷᠢᠲᠤ ᠴᠡᠷᠢᠭ》 ᠵᠡᠷᠭᠡ ᠪᠡᠶ᠎ᠡ᠎ᠶ᠋ᠢᠨ ᠲᠠᠮᠢᠷ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ ᠦᠷᠭᠦᠯᠵᠢᠯᠡᠨ ᠪᠤᠵᠠᠭᠠᠢᠷᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ᠎ᠶ᠋ᠢ ᠦᠨᠳᠦᠰᠦᠨ ᠱᠠᠲᠤᠨ᠎ᠳᠤ ᠬᠦᠷᠭᠡᠵᠦ᠍᠂ ᠣᠯᠠᠨ ᠲᠦᠮᠡᠨ᠎ᠦ ᠳᠡᠷᠭᠡᠳᠡ ᠬᠦᠷᠭᠡᠵᠦ᠍᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠤᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃


ᠮᠦᠰᠦ ᠴᠠᠰᠤᠨ᠎ᠤ ᠨᠠᠭᠠᠳᠤᠮ
ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠪᠣᠯ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠭᠤᠤᠯ ᠡᠭᠦᠷᠭᠡ᠎ᠶ᠋ᠢᠨ ᠨᠢᠭᠡ ᠪᠣᠯᠤᠨ᠎ᠠ᠃ ᠦᠪᠦᠷ ᠮᠤᠨᠭᠭᠤᠯ ᠲᠥᠷᠥᠯ ᠵᠦᠶ᠋ᠯ᠎ᠦᠨ ᠪᠠᠢᠷᠢᠱᠢᠭᠤᠯᠤᠯᠲᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠪᠥᠬᠡ ᠪᠠᠷᠢᠯᠳᠤᠬᠤ᠂ ᠪᠤᠺᠰ᠎ᠤᠨ ᠲᠡᠮᠡᠴᠡᠭᠡᠨ᠂ ᠪᠤᠢᠺᠤ ᠪᠥᠮᠪᠥᠭᠡ᠂ ᠮᠣᠷᠢᠨ ᠮᠡᠷᠭᠡᠵᠢᠯ ᠵᠡᠷᠭᠡ ᠤᠯᠠᠮᠵᠢᠯᠠᠯᠲᠤ ᠳᠠᠪᠠᠭᠤᠯᠢᠭ ᠲᠥᠷᠥᠯ ᠵᠦᠶ᠋ᠯ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠮᠥᠰᠥ᠍ ᠴᠠᠰᠤᠨ᠎ᠤ ᠲᠠᠮᠢᠷ᠎ᠤᠨ ᠬᠦᠳᠡᠯᠭᠡᠭᠡᠨ᠂ ᠬᠦᠨᠳᠦ ᠬᠥᠩᠭᠡᠨ ᠪᠡᠶ᠎ᠡ᠎ᠶ᠋ᠢᠨ ᠲᠠᠮᠢᠷ᠂ ᠰᠤᠷ ᠬᠠᠷᠪᠤᠯᠲᠠ ᠵᠡᠷᠭᠡ ᠳᠠᠯᠳᠠ ᠳᠠᠪᠠᠭᠤᠯᠢᠭ ᠲᠥᠷᠥᠯ ᠵᠦᠶ᠋ᠯ᠎ᠢ ᠶᠡᠬᠡᠪᠡᠷ ᠬᠥᠭ᠌ᠵᠢᠭᠦᠯᠵᠦ᠍᠂ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠠᠷᠪᠠᠨ ᠵᠢᠷᠭᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠪᠥᠬᠥ᠌ ᠬᠦᠴᠦᠨ᠎ᠢᠶᠡᠷ᠎ᠢᠶᠡᠨ ᠪᠡᠯᠡᠳᠭᠡᠵᠦ᠍᠂ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ᠎ᠦ ᠲᠣᠭ᠍ᠲᠠᠭᠤᠨ᠎ᠢᠶᠠᠷ ᠳᠡᠭᠡᠭ᠌ᠰᠢᠯᠡᠬᠦ᠌᠎ᠶ᠋ᠢ ᠴᠢᠷᠮᠠᠢᠨ ᠠᠬᠢᠭᠤᠯᠵᠤ᠂ ᠪᠥᠬᠥ᠌ ᠤᠯᠤᠰ᠎ᠤᠨ ᠳᠤᠮᠳᠠ ᠲᠦᠪᠱᠢᠨ ᠳ᠋ᠤ ᠤᠷᠤᠬᠤ ᠬᠠᠷᠠᠯᠲᠠ᠎ᠵᠢ ᠪᠡᠶᠡᠯᠡᠬᠦᠯᠦᠨ᠎ᠡ᠃ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ᠂ ᠪᠡᠶ᠎ᠡ᠎ᠶ᠋ᠢᠨ ᠲᠠᠮᠢᠷ ᠠᠵᠤ ᠦᠢᠯᠡᠰ᠎ᠢ ᠠᠭᠤᠰᠤᠯᠴᠠᠭᠤᠯᠬᠤ᠂ ᠪᠡᠶ᠎ᠡ᠎ᠶ᠋ᠢᠨ ᠲᠠᠮᠢᠷ ᠵᠢᠭᠤᠯᠴᠢᠯᠠᠯ᠎ᠢ ᠠᠭᠤᠰᠤᠯᠴᠠᠭᠤᠯᠬᠤ᠎ᠶ᠋ᠢ ᠭᠦᠨᠵᠡᠭᠡᠢᠷᠡᠭᠦᠯᠵᠦ᠂ ᠨᠠᠩ ᠣᠯᠠᠨ ᠨᠡᠢᠭᠡᠮ᠎ᠦᠨ ᠬᠦᠴᠦᠨ᠎ᠢ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠲᠠᠳᠠᠨ ᠣᠷᠣᠯᠴᠠᠭᠤᠯᠵᠤ᠂ ᠱᠢᠨᠵᠢᠯᠡᠬᠦ᠌ ᠤᠬᠠᠭᠠᠨᠴᠢᠯᠠᠭ᠍ᠰᠠᠨ᠂ ᠨᠠᠷᠢᠯᠢᠬ᠍ᠵᠢᠭᠤᠯᠤᠭ᠍ᠰᠠᠨ ᠪᠣᠯᠪᠠᠰᠤᠷᠠᠯ᠎ᠤᠨ ᠪᠠᠲᠤᠯᠠᠭ᠎ᠠ᠎ᠶ᠋ᠢᠨ ᠱᠢᠰᠲ᠋ᠧᠮᠢᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠡᠬᠡ ᠤᠯᠤᠰ᠎ᠲᠠᠭᠠᠨ ᠥᠩᠭᠡ ᠬᠡᠷᠡᠯ ᠨᠡᠮᠡᠷᠢᠯᠡᠭ᠌ᠰᠡᠨ᠂ ᠥᠪᠡᠷᠲᠡᠭᠡᠨ ᠵᠠᠰᠠᠬᠤ ᠣᠷᠣᠨ᠎ᠳᠤ ᠥᠩᠭᠡ ᠬᠡᠷᠡᠯ ᠨᠡᠮᠡᠷᠢᠯᠡᠭ᠌ᠰᠡᠨ ᠨᠠᠩ ᠣᠯᠠᠨ ᠱᠢᠯᠢᠳᠡᠭ ᠲᠠᠮᠢᠷᠴᠢᠨ᠎ᠢ ᠴᠢᠷᠮᠠᠢᠨ ᠬᠥᠮᠦᠵᠢᠭᠦᠯᠵᠦ᠍᠂ ᠥᠪᠥᠷ ᠮᠣᠩᠭᠣᠯ᠎ᠤᠨ ᠲᠠᠮᠢᠷᠴᠢᠳ᠎ᠤᠨ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠦᠨ᠎ᠡ᠃
ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠪᠣᠯ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠦᠨᠳᠦᠰᠦ ᠰᠠᠭᠤᠷᠢ ᠮᠥᠨ᠃ 《ᠠᠷᠪᠠᠨ ᠲᠠᠪᠤᠳᠤᠭᠠᠷ ᠲᠠᠪᠤᠨ ᠵᠢᠯ》᠎ᠶ᠋ᠢᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠥᠪᠥᠷ ᠮᠣᠩᠭᠣᠯ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠭᠦᠨᠵᠡᠭᠡᠢᠷᠡᠨ ᠪᠣᠳᠠᠲᠠᠢᠵᠢᠬᠤ᠎ᠶ᠋ᠢ ᠭᠦᠨᠵᠡᠭᠡᠶ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠂ ᠤᠷᠤᠯᠳᠤᠭᠠᠨ᠂ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠰᠲ᠋ᠧᠮᠢᠲᠦᠷᠭᠡᠳᠭᠡᠨ ᠪᠠᠢᠭᠤᠯᠵᠤ᠂ ᠪᠡᠶ᠎ᠡ᠎ᠶ᠋ᠢᠨ ᠲᠠᠮᠢᠷ᠎ᠤᠨ ᠤᠯᠠᠮᠵᠢᠯᠠᠯᠲᠤ ᠣᠨᠴᠠᠯᠢᠭ᠍ᠲᠤ ᠰᠤᠷᠭᠠᠭᠤᠯᠢ᠎ᠶ᠋ᠢ ᠡᠭᠦᠳᠦᠨ ᠪᠠᠢᠭᠤᠯᠬᠤ᠂ ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠬᠦ᠌ ᠵᠡᠷᠭᠡ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠰᠣᠶᠣᠯ ᠰᠤᠷᠤᠯᠴᠠᠯᠭ᠎ᠠ ᠪᠠ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃
ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ ᠪᠣᠯ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠴᠢᠬᠤᠯᠠ ᠲᠤᠯᠭᠠᠭᠤᠷᠢᠯᠠᠯ ᠪᠠ ᠭᠣᠣᠯ ᠱᠢᠪᠲᠤᠯᠤᠯᠲᠠ᠎ᠶ᠋ᠢᠨ ᠴᠢᠭ᠌ᠯᠡᠯ ᠪᠣᠯᠤᠨ᠎ᠠ᠃ ᠪᠥᠬᠥ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠶᠡᠷᠦᠩᠬᠡᠶ ᠪᠠᠢᠷᠢᠯᠠᠭᠤᠯᠤᠯᠲᠠ ᠶᠣᠰᠣᠭᠠᠷ ᠦᠪᠦᠷ ᠮᠤᠨᠭᠭᠤᠯ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《ᠪᠡᠶ᠎ᠡ᠎ᠶ᠋ᠢᠨ ᠲᠠᠮᠢᠷ + ᠰᠣᠶᠣᠯ ᠵᠢᠭᠤᠯᠴᠢᠯᠠᠯ + ᠠᠷᠠᠯᠵᠢᠶ᠎ᠠ ᠬᠤᠳᠠᠯᠳᠤᠭ᠎ᠠ + ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ》 ᠭᠦᠨᠵᠡᠭᠡᠶ ᠠᠭᠤᠰᠤᠯᠴᠠᠨ ᠬᠥᠭ᠌ᠵᠢᠬᠦ᠌ ᠪᠠᠢᠷᠢᠱᠢᠯ᠎ᠢ ᠪᠠᠢᠭᠤᠯᠤᠨ᠎ᠠ᠃ ᠪᠡᠶ᠎ᠡ᠎ᠶ᠋ᠢᠨ ᠲᠠᠮᠢᠷ᠎ᠤᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠪᠣᠢᠵᠢᠭᠤᠯᠬᠤ᠂ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡ᠎ᠶ᠋ᠢ ᠤᠷᠮᠠᠱᠢᠭᠤᠯᠬᠤ᠂ ᠲᠠᠯᠠᠪᠠᠶ ᠣᠷᠳᠣᠨ᠎ᠤ ᠡᠵᠡᠩᠨᠡᠯᠲᠡ ᠬᠠᠮᠢᠶᠠᠷᠤᠯᠲᠠ᠂ ᠠᠵᠤ ᠦᠶ᠋ᠯᠡᠰ᠎ᠦᠨ ᠲᠥᠷᠥᠯ ᠵᠦᠶ᠋ᠯ᠎ᠢ ᠲᠡᠳᠬᠦᠬᠦ᠌ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭᠠᠴᠢᠨ ᠬᠣᠯᠪᠣᠭᠠᠯᠠᠨ ᠬᠥᠳᠡᠯᠦᠯᠴᠡᠬᠦ᠌ ᠪᠠᠯᠠ ᠮᠥᠩᠭᠥ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠡᠷᠡᠭ᠌ᠯᠡᠵᠦ᠍᠂ ᠤᠷᠤᠯᠳᠤᠭᠠᠨ᠎ᠤ ᠶᠠᠪᠤᠳᠠᠯ᠎ᠤᠨ ᠱᠠᠩᠨᠠᠯ ᠨᠥᠬᠥᠪᠥᠷᠢ᠂ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠦᠨ ᠡᠭᠦᠳᠦᠨ ᠪᠠᠢᠭᠤᠯᠬᠤ ᠵᠡᠷᠭᠡ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠡᠪᠴᠢᠶ᠎ᠡ᠎ᠶ᠋ᠢ ᠲᠣᠭ᠍ᠲᠠᠭᠤᠨ᠎ᠢᠶᠠᠷ ᠥᠷᠭᠡᠳᠭᠡᠬᠦ᠌᠂ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ᠌᠂ ᠦᠷ᠎ᠡ ᠠᠱᠢᠭ᠎ᠢ ᠢᠯᠡᠳᠲᠡ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠢ ᠳᠣᠲᠣᠭᠠᠳᠤ ᠬᠡᠷᠡᠭ᠌ᠴᠡᠭᠡ᠎ᠶ᠋ᠢ ᠳᠠᠢᠴᠢᠯᠠᠬᠤ᠂ ᠠᠵᠢᠯ ᠣᠯᠭᠣᠯᠲᠠ᠎ᠶ᠋ᠢ ᠠᠬᠢᠭᠤᠯᠬᠤ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠬᠤ ᠱᠢᠨ᠎ᠡ ᠨᠡᠮᠡᠭ᠌ᠳᠡᠯ᠎ᠦᠨ ᠴᠡᠭ ᠪᠣᠯᠭᠠᠨ᠎ᠠ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠱᠢᠨ᠎ᠡ ᠭᠠᠷᠤᠭᠠᠲᠡᠭᠡᠷᠡ ᠵᠣᠭ᠍ᠰᠣᠵᠤ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ ᠶᠠᠭ ᠴᠣᠭ ᠪᠠᠳᠠᠷᠠᠩᠭᠤᠶ ᠳᠦᠷᠰᠦ ᠪᠠᠢᠳᠠᠯ᠎ᠢᠶᠠᠷ ᠡᠷᠡᠮᠡᠭᠡᠢᠯᠡᠨ ᠤᠷᠤᠭ᠍ᠰᠢᠯᠠᠵᠤ ᠪᠣᠶ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠳ᠋ᠤ ᠥᠪᠥᠷ ᠮᠣᠩᠭᠣᠯ᠎ᠤᠨ ᠡᠯ᠎ᠡ ᠡᠳᠡᠭᠡᠳ᠎ᠤᠨ ᠬᠢᠨ ᠤᠶᠤᠨ ᠤᠬᠠᠭᠠᠨ ᠵᠢᠡᠨ ᠲᠦᠪᠯᠡᠷᠡᠬᠦᠯᠦᠨ ᠬᠦᠴᠦᠨ ᠴᠢᠳᠡᠯ ᠵᠢᠡᠨ ᠨᠢᠭᠡᠳᠭᠡᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠤᠨ ᠬᠡᠯᠪᠡᠷᠢ᠎ᠪᠡᠨ ᠬᠤᠪᠢᠷᠠᠭᠤᠯᠤᠨ ᠲᠠᠰ ᠲᠡᠪᠰᠢᠬᠦ ᠪᠠ ᠲᠠᠪᠠᠯᠳᠠᠳᠤ ᠬᠥᠭ᠌ᠵᠢᠯᠲᠡ ᠵᠢ ᠪᠡᠶᠡᠯᠡᠬᠦᠯᠬᠦ ᠨᠢ ᠯᠠᠪᠳᠠᠢ᠃