ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠪᠠᠭᠤᠷᠢ᠄ ᠤᠮᠠᠷᠠᠲᠤ ᠸᠧᠶ ᠤᠯᠤᠰ᠎ᠤᠨ ᠨᠢᠭᠡᠳᠦᠭᠡᠷ ᠪᠠᠯᠭᠠᠰᠤᠨ᠎ᠤ ᠮᠢᠩᠭᠠᠨ ᠣᠨ᠎ᠤ ᠰᠠᠬᠢᠨ ᠪᠠᠷᠠᠯᠠᠯ
2026-03-16 10:40:02
ᠵᠣᠬᠢᠶᠠᠭ᠍ᠴᠢ᠄
ᠬᠤ᠌ ᠹᠠᠩ ᠠᠨᠠᠷ
ᠣᠩᠱᠢᠭ᠍ᠰᠠᠨ ᠣᠳᠠᠭ᠎ᠠ᠄
★★★☆☆

ᠪᠠᠶᠠᠨᠨᠠᠭᠤᠷ ᠬᠤᠳᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠰᠤᠳᠠᠯ᠎ᠤᠨ ᠬᠤᠳᠳᠤᠭ ᠪᠠᠯᠭᠠᠰᠤ᠎ᠶ᠋ᠢᠨ ᠭᠸᠨ ᠽᠢ ᠴᠠᠩ ᠲᠣᠰᠭᠣᠨ᠎ᠡᠴᠡ ᠪᠠᠷᠠᠭᠤᠨ ᠡᠮᠦᠨᠡᠰᠢ 500 ᠮᠸᠲᠷ ᠵᠠᠢᠳᠠᠢ ᠪᠠᠢᠷᠢᠯᠠᠭ᠎ᠠ ᠸᠸ ᠶᠧ ᠵᠸᠨ ᠪᠠᠯᠭᠠᠰᠤ᠎ᠶ᠋ᠢᠨ ᠬᠠᠭᠤᠴᠢᠨ ᠬᠣᠲᠠ᠎ᠶ᠋ᠢᠨ ᠪᠠᠭᠤᠷᠢ᠎ᠨᠢ ᠮᠤᠨᠠ ᠠᠭᠤᠯᠠ᠎ᠶ᠋ᠢᠨ ᠬᠣᠷᠮᠣᠢ᠂ ᠪᠣᠷᠣᠲᠣᠬᠣᠢ᠎ᠶ᠋ᠢᠨ ᠲᠠᠯ᠎ᠠ ᠭᠠᠵᠠᠷ᠎ᠲᠤ ᠮᠢᠩᠭ᠎ᠠ ᠭᠠᠷᠤᠢ ᠵᠢᠯ ᠰᠦᠨᠳᠡᠷᠯᠡᠵᠡᠢ᠃

ᠸᠸ ᠶᠧ ᠵᠸᠨ ᠪᠠᠯᠭᠠᠰᠤ ᠪᠣᠯ ᠤᠮᠠᠷᠠᠲᠤ ᠸᠧᠶ ᠤᠯᠤᠰ᠎ᠤᠨ ᠦᠶ᠎ᠡ᠎ᠳᠦ ᠷᠸᠦ ᠷᠠᠨ᠎ᠢ ᠰᠡᠷᠭᠡᠢᠯᠡᠬᠦ᠌᠎ᠶ᠋ᠢᠨ ᠲᠥᠯᠥᠭᠡ ᠪᠠᠢᠭᠤᠯᠤᠭ᠍ᠰᠠᠨ ᠤᠮᠠᠷᠠᠲᠤ᠎ᠶ᠋ᠢᠨ ᠵᠢᠷᠭᠤᠭᠠᠨ ᠪᠠᠯᠭᠠᠰᠤᠨ᠎ᠤ ᠬᠠᠮᠤᠭ᠎ᠤᠨ ᠪᠠᠷᠠᠭᠤᠨ ᠵᠠᠬ᠎ᠠ ᠵᠢᠨ ᠴᠢᠬᠤᠯᠠ ᠴᠡᠷᠢᠭ᠎ᠦᠨ ᠶᠠᠪᠤᠳᠠᠯ᠎ᠤᠨ ᠪᠡᠬᠢᠯᠡᠯᠲᠡ ᠪᠣᠯᠤᠨ᠎ᠠ᠂ ᠣᠨ ᠲᠣᠭᠠᠯᠠᠯ᠎ᠤᠨ 5 ᠳ᠋ᠤᠭᠠᠷ ᠵᠠᠭᠤᠨ᠎ᠤ ᠡᠬᠢ᠎ᠪᠡᠷ᠂ ᠸᠸ ᠶᠧ ᠵᠸᠨ ᠪᠠᠯᠭᠠᠰᠤ ᠪᠣᠯᠤᠨ ᠬᠤᠸᠠᠢ ᠱᠦᠸᠸ᠂ ᠦᠴᠦᠸᠠᠨ᠂ ᠹᠦ᠋ ᠮᠢᠩ᠂ ᠷᠸᠦ ᠱᠢᠤᠸᠠᠨ᠂ ᠬᠤᠸᠠᠢ ᠬᠤᠸᠠᠩ ᠵᠡᠷᠬᠡ ᠨᠢ 《ᠤᠮᠠᠷᠠᠲᠤ ᠸᠧᠶ᠎ᠤᠯᠤᠰ᠎ᠤᠨ ᠵᠢᠷᠭᠤᠭᠠᠨ ᠪᠠᠯᠭᠠᠰᠤ》 ᠬᠡᠮᠡᠨ ᠠᠯᠳᠠᠷᠰᠢᠵᠤ ᠲᠡᠦᠬᠡ᠎ᠶ᠋ᠢᠨ ᠲᠠᠪᠴᠠᠩ᠎ᠳᠤ ᠭᠠᠷᠴᠤ᠌᠂ ᠳᠤᠮᠳᠠᠳᠤ ᠤᠯᠤᠰ᠎ᠤᠨ ᠲᠡᠦᠬᠡᠨ᠎ᠠ ᠥᠩᠭᠡ ᠪᠤᠳᠤᠭ ᠨᠡᠮᠡᠷᠢᠯᠡᠭ᠌ᠰᠡᠨ ᠨᠢᠬᠡᠨ ᠬᠠᠭᠤᠳᠠᠰᠤ ᠪᠤᠯᠤᠬᠰᠠᠨ ᠪᠠᠢᠨ᠎ᠠ᠃

《ᠵᠢᠷᠭᠤᠭᠠᠨ ᠪᠠᠯᠭᠠᠰᠤ ᠵᠢᠨ ᠪᠣᠰᠣᠯᠭ᠎ᠠ》 ᠡᠨᠳᠡ ᠡᠬᠢᠯᠡᠵᠦ᠍᠂ 《ᠴᠡᠯᠡᠭᠡᠷ ᠲᠠᠯ᠎ᠠ᠎ᠶ᠋ᠢᠨ ᠳᠠᠭᠤᠯᠠᠯ》 ᠡᠨᠳᠡ ᠤᠯᠠᠮᠵᠢᠯᠠᠬᠳᠠᠨ ᠳᠠᠭᠤᠯᠠᠭᠳᠠᠪᠠ ᠁

ᠴᠡᠷᠢᠭ᠎ᠦᠨ ᠶᠠᠪᠤᠳᠠᠯ᠎ᠤᠨ ᠡᠷᠲᠡᠨ᠎ᠦ ᠪᠠᠯᠭᠠᠰᠤ ᠲᠠᠢ ᠲᠠᠨᠢᠯᠴᠠᠬᠤᠢ

《ᠸᠸ ᠶᠧ ᠵᠸᠨ ᠪᠠᠯᠭᠠᠰᠤᠨ᠎ᠤ ᠬᠠᠭᠤᠴᠢᠨ ᠬᠤᠳᠠ᠎ᠶ᠋ᠢᠨ ᠪᠠᠭᠤᠷᠢ᠎ᠶ᠋ᠢ 1987 ᠣᠨ᠎ᠳᠤ ᠬᠣᠶᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠨᠡᠢᠳᠡᠮ ᠪᠠᠢᠴᠠᠭᠠᠯᠲᠠ᠎ᠶ᠋ᠢᠨ ᠬᠤᠭᠤᠴᠠᠭᠠᠨ᠎ᠳᠤ ᠢᠯᠡᠷᠡᠭᠦᠯᠪᠡ》᠃ ᠤᠷᠠᠳ᠎ᠤᠨ ᠡᠮᠦᠨᠡᠲᠦ ᠬᠣᠱᠢᠭᠤᠨ᠎ᠤ ᠮᠦᠽᠧᠶ (ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠭᠤᠴᠢ ᠰᠤᠳᠤᠯᠤᠯ᠎ᠤᠨ ᠲᠥᠪ)᠎ᠶ᠋ᠢᠨ ᠠᠵᠢᠯᠲᠠᠨ ᠵᠢᠶᠠᠩ ᠴᠧᠨ ᠲᠠᠨᠢᠯᠴᠠᠭᠤᠯᠬᠤ᠎ᠳᠠᠭᠠᠨ᠂ ᠡᠨᠡ ᠬᠦ᠌ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠨᠢ ᠤᠨ ᠵᠢᠯ᠎ᠤᠨ ᠲᠣᠭᠣᠰᠣᠨ᠎ᠳᠤ ᠳᠠᠷᠤᠭ᠍ᠳᠠᠭ᠍ᠰᠠᠨ ᠸᠸ ᠶᠧ ᠵᠸᠨ ᠪᠠᠯᠭᠠᠰᠤᠨ᠎ᠤ ᠲᠡᠦᠬᠡ᠎ᠶ᠋ᠢ ᠳᠠᠬᠢᠨ ᠢᠯᠡᠷᠡᠭᠦᠯᠪᠡ ᠬᠡᠵᠡᠢ᠃

ᠮᠥᠨ ᠴᠦ᠍ ᠬᠣᠶᠠᠳᠤᠭᠠᠷ ᠤᠳᠠᠭᠠᠨ᠎ᠤ ᠪᠥᠬᠥ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠨᠡᠢᠳᠡᠮ ᠪᠠᠢᠴᠠᠭᠠᠯᠲᠠ᠎ᠶ᠋ᠢᠨ ᠮᠠᠲ᠋ᠧᠷᠢᠶᠠᠯ ᠳᠡᠯᠡᠬᠡᠶ ᠳ᠋ᠠᠬᠢᠨ᠎ᠳᠤ ᠮᠢᠩᠭᠠᠨ ᠣᠨ᠎ᠤ ᠡᠷᠲᠡᠨ᠎ᠦ ᠬᠣᠲᠠ᠎ᠶ᠋ᠢᠨ 《ᠳᠦᠷᠰᠦ ᠪᠠᠢᠳᠠᠯ》᠎ᠢ᠋ ᠳᠡᠯᠭᠡᠨ ᠦᠵᠡᠭᠦᠯᠵᠡᠶ᠄ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠪᠠᠭᠤᠷᠢ ᠨᠢ 《凸》 ᠥᠰᠥᠭ᠎ᠦᠨ ᠬᠡᠯᠪᠡᠷᠢ᠎ᠲᠡᠶ ᠪᠠᠢᠵᠤ᠂ ᠵᠡᠭᠦᠨ᠂ ᠳᠤᠮᠳᠠ᠂ ᠪᠠᠷᠠᠭᠤᠨ ᠭᠤᠷᠪᠠᠨ ᠬᠣᠲᠠ ᠪᠣᠯᠭᠠᠨ ᠬᠤᠪᠢᠶᠠᠵᠤ᠂ ᠳᠤᠮᠳᠠ ᠬᠣᠲᠠ ᠨᠢ ᠵᠢᠭᠠᠬᠠᠨ ᠭᠦᠳᠦᠢᠭᠰᠡᠨ ᠪᠠᠢᠵᠤ᠂ ᠵᠡᠭᠦᠨ ᠪᠠᠷᠠᠭᠤᠨ ᠬᠣᠲᠠ ᠨᠢ ᠲᠡᠭ᠌ᠰᠢ ᠬᠡᠮ᠎ᠢᠶᠡᠷ ᠬᠣᠶᠠᠷ ᠲᠠᠯ᠎ᠠ᠎ᠳᠤᠨᠢ ᠵᠢᠭ᠍ᠰᠠᠭᠠᠭ᠍ᠳᠠᠵᠠᠶ᠂ ᠡᠢᠮᠦᠷᠬᠦᠦ ᠤᠷᠠᠨ ᠨᠠᠷᠢᠯᠢᠭ ᠵᠢᠷᠤᠭ ᠲᠥᠯᠥᠪᠯᠡᠭᠡ ᠨᠢ ᠮᠤᠷᠤᠶ ᠰᠠᠷᠤᠶ ᠪᠠᠢᠷᠢᠱᠢᠯ᠎ᠢ ᠪᠦᠷᠢᠯᠳᠦᠭᠦᠯᠵᠦ᠍᠂ ᠰᠡᠷᠭᠡᠢᠯᠡᠯᠲᠡ᠎ᠶ᠋ᠢᠨ ᠴᠢᠳᠠᠪᠤᠷᠢ᠎ᠶ᠋ᠢ ᠶᠡᠬᠡ᠎ᠪᠡᠷ ᠨᠡᠮᠡᠭ᠌ᠳᠡᠭᠦᠯᠵᠡᠶ᠃ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠨᠢ  ᠵᠡᠭᠦᠨᠰᠢ ᠪᠠᠷᠠᠭᠤᠨᠰᠢ ᠪᠠᠨ ᠤᠷᠲᠤ ᠨᠢ ᠪᠠᠷᠤᠭ 1172 ᠮᠧᠲ᠋ᠷ᠂ ᠡᠮᠦᠨᠡᠰᠢ ᠤᠮᠠᠷᠠᠰᠢ ᠥᠷᠭᠡᠨ ᠨᠢ ᠪᠠᠷᠤᠭ 520 ᠮᠧᠲ᠋ᠷ᠎ᠡᠴᠡ 600 ᠮᠧᠲ᠋ᠷ ᠪᠠᠢᠵᠤ᠂ ᠬᠠᠩᠳᠠᠵᠤ ᠪᠦᠲᠦᠭᠡᠭ᠌ᠰᠡᠨ ᠪᠠᠢᠨ᠎ᠠ᠃ ᠬᠠᠭᠤᠴᠢ ᠰᠤᠳᠤᠯᠤᠭ᠍ᠴᠢᠳ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠪᠠᠭᠤᠷᠢ᠎ᠶ᠋ᠢᠨ ᠡᠷᠬᠢᠨ ᠲᠣᠭᠣᠷᠢᠨ ᠡᠴᠡ ᠣᠷᠳᠣ ᠳᠥᠷᠪᠡᠯᠵᠢᠨ ᠲᠣᠭᠣᠰᠭ᠎ᠠ᠂ ᠬᠦᠮᠦᠭᠡᠷ ᠸᠠᠭᠠᠷ᠂ ᠪᠣᠷᠣ ᠸᠠᠭᠠᠷ ᠵᠡᠷᠭᠡ᠎ᠶ᠋ᠢ ᠢᠯᠡᠷᠡᠭᠦᠯᠵᠡᠶ᠂ ᠡᠲᠡᠭᠡᠷ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠣᠯᠳᠠᠭ᠍ᠰᠠᠨ ᠨᠢ ᠤᠮᠠᠷᠠᠲᠤ ᠸᠧᠶ ᠤᠯᠤᠰ᠎ᠤᠨ ᠦᠶ᠎ᠡ᠎ᠶ᠋ᠢᠨ ᠪᠠᠷᠢᠯᠭ᠎ᠠ᠎ᠶ᠋ᠢᠨ ᠤᠷᠠᠯᠠᠯ ᠪᠠ ᠠᠮᠢᠳᠤᠷᠠᠯ᠎ᠤᠨ ᠳᠦᠷᠰᠦ ᠪᠠᠢᠳᠠᠯ᠎ᠢ ᠰᠤᠳᠤᠯᠬᠤ᠎ᠳᠤ ᠪᠣᠳᠠᠲᠤ ᠮᠠᠲ᠋ᠧᠷᠢᠶᠠᠯ ᠬᠠᠩᠭᠠᠭ᠍ᠰᠠᠨ ᠪᠠᠢᠨ᠎ᠠ᠃

ᠸᠸ ᠶᠧ ᠵᠸᠨ ᠪᠠᠯᠭᠠᠰᠤ ᠪᠣᠯ 《ᠵᠢᠷᠭᠤᠭᠠᠨ ᠪᠠᠯᠭᠠᠰᠤ》 ᠶ᠋ᠢᠨ ᠳᠣᠲᠣᠷ᠎ᠠ ᠪᠠᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠪᠠᠯᠭᠠᠰᠤ ᠪᠣᠯᠤᠨ᠎ᠠ᠂ ᠬᠠᠨ ᠡᠦ ᠳ᠋ᠢ ᠬᠠᠭᠠᠨ᠎ᠤ ᠶᠤᠸᠠᠨ ᠱᠸᠦ᠎ᠶ᠋ᠢᠨ ᠭᠤᠷᠪᠠᠳᠤᠭᠠᠷ ᠣᠨ (ᠨᠡᠢᠲᠡ᠎ᠶ᠋ᠢᠨ ᠣᠨ ᠲᠣᠭᠠᠯᠠᠯ᠎ᠡᠴᠡ ᠡᠮᠦᠨ᠎ᠡ 120 ᠣᠨ) ᠳ᠋ᠤ᠌ ᠵᠦᠩᠶᠤᠸᠠᠨ ᠣᠷᠣᠨ᠎ᠤ ᠬᠠᠭᠠᠨᠲᠤ ᠲᠦᠷᠦ᠍ ᠪᠣᠷᠣᠲᠣᠬᠣᠢ᠎ᠶ᠋ᠢᠨ ᠪᠠᠷᠠᠭᠤᠨ ᠬᠡᠰᠡᠭ᠎ᠲᠦ ᠨᠢᠭᠡ ᠱᠢᠶᠠᠨ ᠪᠠᠢᠭᠤᠯᠤᠬᠰᠠᠨ ᠨᠢ ᠲᠠᠷᠤᠢ ᠸᠸ ᠶᠧ ᠵᠸᠨ ᠪᠠᠯᠭᠠᠰᠤ ᠪᠤᠯᠤᠨ᠎ᠠ᠃

ᠡᠮᠦᠨᠡᠲᠦ ᠤᠮᠠᠷᠠᠲᠤ ᠲᠥᠷᠥ᠎ᠶ᠋ᠢᠨ ᠦᠶ᠎ᠡ᠎ᠳᠦ᠂ ᠭᠣᠪᠢ᠎ᠶ᠋ᠢᠨ ᠠᠷᠤ᠎ᠵᠢᠨ ᠷᠸᠤ ᠷᠠᠨ ᠲᠠᠰᠤᠷᠠᠯᠲᠠ ᠥᠬᠡᠶ ᠳᠦᠷᠢᠮᠡᠬᠡᠢᠯᠡᠵᠦ᠂ ᠤᠮᠠᠷᠠᠲᠤ ᠸᠧᠶ ᠤᠯᠤᠰ᠎ᠤᠨ ᠬᠦᠴᠦᠷᠬᠡᠭ ᠳᠠᠢᠰᠤᠨ ᠪᠣᠯᠪᠠ᠂ ᠮᠢᠩ ᠶᠤᠸᠠᠨ ᠳᠢ ᠬᠠᠭᠠᠨ᠎ᠤ ᠦᠶ᠎ᠡ᠎ᠳᠦ ᠤᠮᠠᠷᠠᠲᠤ ᠸᠧᠶ ᠤᠯᠤᠰ ᠣᠷᠳᠣ ᠴᠠᠭᠠᠨ ᠬᠡᠷᠡᠮ᠎ᠢ ᠡᠬᠢᠯᠡᠨ ᠪᠠᠢᠭᠤᠯᠵᠤ᠂ ᠥᠨᠥᠳᠦᠷ᠎ᠦᠨ ᠾᠸᠪᠸᠢ ᠵᠢᠨ ᠤ᠋ᠤᠢ ᠴᠧᠩ᠎ᠡᠴᠡ ᠪᠠᠷᠠᠭᠤᠨᠰᠢ ᠥᠪᠥᠷ ᠮᠣᠩᠭᠣᠯ᠎ᠤᠨ ᠪᠣᠷᠣᠲᠣᠬᠣᠶ ᠬᠦᠷᠲᠡᠯ᠎ᠡ 2000 ᠭᠠᠷᠤᠶ ᠭᠠᠵᠠᠷ ᠦᠷᠭᠦᠯᠵᠢᠯᠡᠵᠡᠶ᠃ ᠷᠸᠦ ᠷᠠᠨ᠎ᠤ ᠡᠮᠦᠨᠡᠰᠢ ᠳᠦᠷᠢᠬᠦ᠎ᠶ᠋ᠢ ᠰᠡᠷᠭᠡᠢᠯᠡᠬᠦ᠌᠎ᠶ᠋ᠢᠨ ᠲᠥᠯᠥᠭᠡ᠂ ᠸᠧᠢ ᠤᠯᠤᠰ᠎ᠤᠨ᠎ᠲᠡᠶ ᠡᠦ ᠳ᠋ᠢ ᠬᠠᠭᠠᠨ ᠲᠦᠸᠸ ᠪᠠ ᠲᠤᠤ ᠥᠪᠥᠷ ᠮᠣᠩᠭᠣᠯ᠎ᠤᠨ ᠳᠤᠮᠳᠠ ᠪᠠᠷᠠᠭᠤᠨ ᠣᠷᠣᠨ᠎ᠤ ᠤᠷᠳᠤ ᠴᠠᠭᠠᠨ ᠬᠡᠷᠡᠮ ᠳᠠᠭᠠᠤ ᠴᠡᠷᠢᠭ᠎ᠦᠨ ᠶᠠᠪᠤᠳᠠᠯ᠎ᠤᠨ 6 ᠴᠢᠬᠤᠯᠠ ᠪᠠᠯᠭᠠᠰᠤ᠎ᠶ᠋ᠢ ᠪᠠᠢᠭᠤᠯᠵᠤ᠂ ᠡᠨᠡ ᠨᠢ ᠲᠤᠰ ᠲᠤᠰ ᠸᠸ ᠶᠧ᠂ ᠬᠤᠸᠠᠢ ᠱᠦᠸᠸ᠂ ᠦᠴᠦᠸᠠᠨ᠂ ᠹᠦ᠋ ᠮᠢᠩ᠂ ᠷᠸᠦ ᠱᠢᠤᠸᠠᠨ᠂ ᠬᠤᠸᠠᠢ ᠬᠤᠸᠠᠩ ᠪᠠᠯᠭᠠᠰᠤ ᠪᠣᠯᠤᠨ᠎ᠠ᠂ ᠡᠭᠦᠨ᠎ᠢ ᠲᠡᠦᠬᠡᠨ ᠳᠡᠭᠡᠷ᠎ᠡ 《ᠤᠮᠠᠷᠠᠲᠤ ᠸᠧᠢ ᠤᠯᠤᠰ᠎ᠤᠨ ᠵᠢᠷᠭᠤᠭᠠᠨ ᠪᠠᠯᠭᠠᠰᠤ》 ᠭᠡᠳᠡᠭ᠃

ᠤᠮᠠᠷᠠᠲᠤ ᠸᠧᠶ ᠤᠯᠤᠰ ᠸᠸ ᠶᠧ ᠵᠸᠨ ᠪᠠᠯᠭᠠᠰᠤ᠎ᠶ᠋ᠢ 《ᠵᠢᠷᠭᠤᠭᠠᠨ ᠪᠠᠯᠭᠠᠰᠤ》 ᠶ᠋ᠢᠨ ᠨᠢᠭᠡ ᠪᠣᠯᠭᠠᠭ᠍ᠰᠠᠨ ᠨᠢ ᠲᠡᠭᠦᠨ᠎ᠦ ᠭᠠᠵᠠᠷ ᠵᠦᠶ᠎ᠶ᠋ᠢᠨ ᠪᠠᠢᠷᠢᠯᠠᠯ ᠨᠢ ᠲᠤᠢᠯ᠎ᠤᠨ ᠴᠢᠬᠤᠯᠠ᠎ᠡᠴᠡ ᠪᠣᠯᠤᠭ᠍ᠰᠠᠨ ᠶᠤᠮ᠃ ᠸᠸ ᠶᠧ ᠵᠸᠨ ᠪᠠᠯᠭᠠᠰᠤ ᠨᠢ ᠭᠤᠷᠪᠠᠨ ᠲᠠᠯ᠎ᠠ᠎ᠪᠠᠷ᠎ᠢᠶᠠᠨ ᠠᠭᠤᠯᠠ᠎ᠪᠠᠷ ᠬᠦᠷᠢᠶᠡᠯᠡᠭ᠌ᠳᠡᠭ᠌ᠰᠡᠨ ᠥᠷᠭᠡᠨ ᠠᠭᠤᠳᠠᠮ ᠲᠠᠯ᠎ᠠ ᠭᠠᠵᠠᠷ᠎ᠲᠤ ᠪᠠᠢᠷᠢᠯᠠᠵᠤ ᠪᠠᠢᠬᠤ ᠪᠥᠭᠡᠳ ᠪᠤᠬᠳᠠ ᠠᠭᠤᠯᠠᠨ᠎ᠤ ᠡᠯ᠎ᠡ ᠠᠭᠤᠯᠠᠨ ᠵᠢᠯᠠᠭ᠎ᠠ᠎ᠡᠴᠡ ᠡᠮᠦᠨᠡᠰᠢ ᠣᠷᠣᠬᠤ ᠪᠠ ᠵᠡᠭᠦᠨᠰᠢ ᠣᠷᠣᠬᠤ ᠵᠠᠮ᠎ᠢ ᠡᠵᠡᠮᠱᠢᠵᠦ᠍᠂ ᠤᠮᠠᠷᠠᠲᠤ ᠸᠧᠶ ᠤᠯᠤᠰ᠎ᠤᠨ ᠴᠡᠷᠢᠭ᠎ᠦᠨ ᠭᠣᠣᠯ ᠬᠦᠴᠦᠨ᠎ᠦ ᠮᠣᠩᠭᠣᠯ᠎ᠤᠨ ᠥᠨᠳᠥᠷᠯᠢᠭ᠎ᠲᠦ ᠰᠠᠭᠤᠬᠤ ᠭᠣᠣᠯ ᠭᠠᠵᠠᠷ᠎ᠤᠨ ᠨᠢᠭᠡ ᠪᠣᠯᠵᠤ᠂ 《ᠤᠮᠠᠷᠠᠲᠤ ᠸᠧᠶ ᠤᠯᠤᠰ᠎ᠤᠨ ᠨᠢᠭᠡᠳᠦᠭᠡᠷ ᠪᠠᠯᠭᠠᠰᠤ》 ᠬᠡᠮᠡᠭᠳᠡᠬᠰᠡᠨ ᠪᠠᠢᠨ᠎ᠠ᠃ ᠸᠸ ᠶᠧ ᠵᠸᠨ ᠪᠠᠯᠭᠠᠰᠤᠨ᠎ᠤ 《ᠵᠢᠷᠭᠤᠭᠠᠨ ᠪᠠᠯᠭᠠᠰᠤ》 ᠵᠢᠨ ᠲᠤᠳᠤᠷᠡᠬᠢ ᠪᠠᠢᠷᠢ ᠰᠠᠭᠤᠷᠢ ᠨᠢ ᠦᠵᠡᠳᠡᠯ᠎ᠡ ᠢᠯᠡᠷᠬᠡᠶ᠃

《ᠤᠮᠠᠷᠠᠲᠤ ᠸᠧᠶ ᠤᠯᠤᠰ᠎ᠤᠨ ᠰᠡᠭᠦᠯᠴᠢ᠎ᠶ᠋ᠢᠨ ᠦᠶ᠎ᠡ᠎ᠶ᠋ᠢᠨ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠪᠣᠰᠣᠯᠭ᠎ᠠ᠎ᠶ᠋ᠢᠨ ᠵᠢᠷᠤᠭ》᠎ᠢ᠋ ᠦᠵᠡᠭᠡᠳ᠂ ᠵᠠᠯᠭᠠᠭᠠᠳ 《 ᠵᠢᠷᠭᠤᠭᠠᠨ ᠪᠠᠯᠭᠠᠰᠤᠨ᠎ᠤ ᠪᠣᠰᠣᠯᠭ᠎ᠠ》 ᠵᠢᠨ ᠲᠤᠬᠠᠢ ᠲᠠᠨᠢᠯᠴᠠᠭᠤᠯᠪᠠ᠃ ᠵᠢᠶᠠᠩ ᠴᠧᠨ ᠄ 《ᠤᠮᠠᠷᠠᠲᠤ ᠸᠧᠢ ᠤᠯᠤᠰ᠎ᠤᠨ ᠰᠡᠭᠦᠯᠴᠢ᠎ᠪᠡᠷ᠂ ᠡᠯ᠎ᠡ ᠵᠦᠢᠯ᠎ᠦᠨ ᠵᠥᠷᠢᠴᠡᠯ ᠤᠷᠢᠳ ᠡᠮᠦᠨ᠎ᠡ ᠪᠠᠢᠭ᠎ᠠ ᠦᠭᠡᠢ ᠬᠤᠷᠴᠠ ᠱᠢᠷᠦᠭᠦᠨ ᠪᠤᠯᠵᠤ᠂ ᠸᠸ ᠶᠧ ᠵᠸᠨ ᠪᠠᠯᠭᠠᠰᠤᠨ᠎ᠳᠤ 〈ᠵᠢᠷᠭᠤᠭᠠᠨ ᠪᠠᠯᠭᠠᠰᠤᠨ᠎ᠤ ᠪᠣᠰᠣᠯᠭ᠎ᠠ〉 ᠡᠭᠦᠰᠪᠡ᠂ ᠪᠣᠰᠣᠯᠭ᠎ᠠ ᠨᠢ ᠤᠷᠢᠳ ᠬᠤᠵᠢᠳ 6 ᠵᠢᠯ ᠦᠷᠭᠦᠯᠵᠢᠯᠡᠵᠦ᠍᠂ ᠬᠥᠮᠦᠨ᠎ᠦ ᠲᠣᠭ᠎ᠠ ᠵᠠᠭᠤᠨ ᠲᠦᠮᠡ᠎ᠳᠦ ᠬᠦᠷᠴᠦ᠍᠂ ᠤᠮᠠᠷᠠᠲᠤ ᠸᠧᠢ ᠤᠯᠤᠰ᠎ᠤᠨ ᠲᠦᠷᠦ ᠵᠠᠰᠠᠭ᠎ᠤᠨ ᠬᠥᠭ᠌ᠵᠢᠯ᠎ᠡᠴᠡ ᠪᠠᠭᠤᠷᠠᠯ᠎ᠳᠤ ᠱᠢᠯᠵᠢᠭ᠌ᠰᠡᠨ ᠴᠢᠬᠤᠯᠠ ᠡᠷᠭᠢᠯᠲᠡ᠎ᠶ᠋ᠢᠨ ᠴᠡᠭ ᠪᠣᠯᠵᠠᠢ》 ᠭᠡᠪᠡ᠃

20 ᠳ᠋ᠤᠭᠠᠷ ᠵᠠᠭᠤᠨ᠎ᠤ ᠲᠠᠪᠢᠭᠠᠳ ᠣᠨ᠎ᠳᠤ᠂ ᠸᠸ ᠶᠧ ᠵᠸᠨ ᠪᠠᠯᠭᠠᠰᠤ ᠨᠢ ᠬᠠᠭᠤᠴᠢ ᠰᠤᠳᠤᠯᠤᠯ᠎ᠤᠨ ᠠᠵᠢᠯᠲᠠᠳ᠎ᠤᠨ ᠬᠠᠷᠠᠭᠠᠨ᠎ᠳᠤ ᠣᠷᠣᠪᠠ᠃ 20 ᠳ᠋ᠤᠭᠠᠷ ᠵᠠᠭᠤᠨ᠎ᠤ ᠳᠠᠯᠠᠭᠠᠳ ᠣᠨ᠎ᠳᠤ᠂ ᠸᠸ ᠶᠧ ᠵᠸᠨ ᠪᠠᠯᠭᠠᠰᠤᠨ᠎ᠤ ᠬᠠᠭᠤᠴᠢ ᠰᠤᠳᠤᠯᠤᠯ᠎ᠤᠨ ᠪᠠᠢᠴᠠᠭᠠᠯᠲᠠ᠎ᠶ᠋ᠢᠨ ᠠᠵᠢᠯ ᠠᠯᠭᠤᠷ ᠨᠡᠮᠡᠭ᠌ᠳᠡᠵᠦ᠍᠂ ᠱᠢᠯᠭᠠᠨ ᠪᠠᠲᠤᠯᠠᠬᠤ ᠶᠠᠪᠤᠴᠠ᠎ᠳᠤ ᠸᠸ ᠶᠧ ᠵᠸᠨ ᠪᠠᠯᠭᠠᠰᠤ ᠬᠣᠶᠠᠷ ᠤᠳᠠᠭ᠎ᠠ ᠨᠡᠭᠦᠵᠦ ᠦᠩᠭᠡᠷᠡᠭᠰᠡᠨ᠎ᠢ ᠢᠯᠡᠷᠡᠬᠦᠯᠪᠡ᠃ ᠬᠠᠭᠤᠴᠢ ᠰᠤᠳᠤᠯᠤᠯ᠎ᠤᠨ ᠭᠡᠷᠡᠴᠢᠯᠡᠭ᠌ᠰᠡᠨ᠎ᠢᠶᠡᠷ᠂ ᠸᠸ ᠶᠧ ᠵᠸᠨ ᠪᠠᠯᠭᠠᠰᠤ᠎ᠲᠠᠶ ᠬᠤᠯᠪᠤᠭᠳᠠᠯ᠎ᠲᠠᠶ ᠡᠷᠲᠡᠨ᠎ᠦ ᠬᠣᠲᠠ ᠭᠤᠷᠪᠠ ᠪᠠᠢᠨ᠎ᠠ᠄ ᠨᠤᠭᠤᠭᠠᠨ ᠡᠷᠲᠡᠨ᠎ᠦ ᠬᠣᠲᠠ ᠪᠣᠯ ᠸᠸ ᠶᠧ ᠵᠸᠨ ᠪᠠᠯᠭᠠᠰᠤᠨ᠎ᠤ ᠬᠠᠮᠤᠭ᠎ᠤᠨ ᠡᠷᠲᠡᠨ᠎ᠦ ᠬᠣᠲᠠ᠂ ᠳᠠᠷᠤᠶ ᠬᠠᠨ ᠤᠯᠤᠰ᠎ᠤᠨ ᠦᠶ᠎ᠡ᠎ᠳᠦ ᠪᠠᠢᠭᠤᠯᠤᠭ᠍ᠰᠠᠨ ᠸᠸ ᠶᠧ ᠱᠢᠶᠠᠨ ᠪᠣᠯᠤᠨ᠎ᠠ᠂ ᠣᠳᠣᠬᠠᠨ᠎ᠳᠤ ᠲᠡᠭᠦᠨ᠎ᠦ ᠪᠠᠭᠤᠷᠢ ᠨᠢ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤᠨ ᠬᠤᠶᠠᠷ ᠮᠤᠳᠤ ᠪᠠᠯᠭᠠᠰᠤᠨ᠎ᠤ ᠨᠤᠭᠤᠭᠠᠨ ᠡᠷᠲᠡᠨ᠎ᠦ ᠬᠣᠲᠠ ᠪᠣᠯᠬᠤ᠎ᠶ᠋ᠢ ᠦᠨᠳᠦᠰᠦᠨ᠎ᠳᠡᠭᠡᠨ ᠨᠤᠲᠠᠯᠠᠵᠠᠶ; ᠬᠣᠶᠠᠳᠤᠭᠠᠷ ᠬᠣᠲᠠ ᠨᠢ ᠱᠢᠷ᠎ᠠ ᠵᠣᠣ᠎ᠶ᠋ᠢᠨ ᠡᠷᠲᠡᠨ᠎ᠦ ᠬᠣᠲᠠ᠂ ᠤᠮᠠᠷᠠᠲᠤ ᠸᠧᠶ ᠤᠯᠤᠰ᠎ᠤᠨ ᠲᠠᠢ ᠾᠧ᠎ᠶ᠋ᠢᠨ ᠠᠷᠪᠠᠳᠤᠭᠠᠷ ᠣᠨ (486 ᠣᠨ) ᠳ᠋ᠤ ᠸᠸ ᠶᠧ ᠵᠸᠨ ᠪᠠᠯᠭᠠᠰᠤ ᠨᠢ ᠬᠠᠨ ᠤᠯᠤᠰ᠎ᠤᠨ ᠦᠶ᠎ᠡ᠎ᠶ᠋ᠢᠨ ᠱᠦᠸᠸ ᠹᠠᠩ᠎ᠤᠨ ᠬᠠᠭᠤᠴᠢᠨ ᠬᠣᠲᠠ ᠳ᠋ᠤ ᠨᠡᠭᠦᠵᠦ᠂ ᠣᠲᠣ᠎ᠶ᠋ᠢᠨ ᠣᠷᠳᠣᠰ ᠬᠣᠲᠠ᠎ᠶ᠋ᠢᠨ ᠬᠠᠩᠭᠢᠨ ᠬᠣᠱᠢᠭᠤᠨ᠎ᠤ ᠱᠢᠷ᠎ᠠ ᠵᠣᠣ᠎ᠶ᠋ᠢᠨ ᠡᠷᠲᠡᠨ᠎ᠦ ᠬᠣᠲᠠ ᠪᠣᠯᠤᠨ᠎ᠠ; ᠭᠤᠷᠪᠠᠳᠤᠭᠠᠷ ᠡᠷᠲᠡᠨ᠎ᠦ ᠬᠣᠲᠠ ᠨᠢ ᠤᠷᠠᠳ᠎ᠤᠨ ᠡᠮᠦᠨᠡᠲᠦ ᠬᠣᠱᠢᠭᠤᠨ᠎ᠤ ᠰᠣᠳᠠᠯ ᠤ᠋ᠨ ᠬᠤᠳᠳᠤᠭ ᠪᠠᠯᠭᠠᠰᠤᠨ᠎ᠤ ᠭᠧᠨ ᠽᠢ ᠴᠠᠩ ᠲᠣᠰᠭᠣᠨ᠎ᠤ ᠭᠧᠨ ᠽᠢ ᠴᠠᠩ᠎ᠤᠨ ᠡᠷᠲᠡᠨ᠎ᠦ ᠬᠣᠲᠠ ᠪᠣᠯᠤᠨ᠎ᠠ᠂ ᠵᠸᠩ ᠱᠢ ᠵᠢᠨ ᠡᠬᠢᠨ᠎ᠦ ᠵᠢᠯ (504 ᠣᠨ) ᠳ᠋ᠤ ᠡᠨᠳᠡ ᠨᠡᠭᠦᠵᠦ᠍᠂ ᠸᠸ ᠶᠧ ᠵᠸᠨ ᠪᠠᠯᠭᠠᠰᠤᠨ᠎ᠤ ᠬᠠᠮᠤᠭ᠎ᠤᠨ ᠡᠴᠦᠰ᠎ᠦᠨ ᠪᠠᠢᠷᠢ᠎ᠲᠣᠭ᠍ᠲᠠᠭᠠᠭ᠍ᠳᠠᠵᠠᠢ᠃ ᠸᠸ ᠶᠧ ᠵᠸᠨ ᠪᠠᠯᠭᠠᠰᠤᠨ᠎ᠤ ᠨᠡᠭᠦᠳᠡᠯ ᠨᠢ ᠤᠮᠠᠷᠠᠲᠤ ᠸᠧᠶ ᠤᠯᠤᠰ᠎ᠤᠨ ᠦᠶ᠎ᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠣᠬᠢᠷᠠᠭᠤᠯᠤᠯᠲᠠ᠎ᠶ᠋ᠢᠨ ᠪᠤᠳᠤᠯᠢᠶᠠᠨᠲᠤ ᠴᠢᠨᠠᠷ᠎ᠢ ᠲᠤᠰᠭᠠᠵᠠᠶ᠃ ᠮᠢᠩᠭᠠᠨ ᠣᠨ᠎ᠤ ᠡᠷᠲᠡᠨ᠎ᠦ ᠪᠠᠯᠭᠠᠰᠤ᠎ᠨᠢ ᠳᠠᠷᠢ᠎ᠶ᠋ᠢᠨ ᠤᠲᠤᠭ᠎ᠠ ᠵᠢᠨ ᠲᠤᠮᠳᠠ ᠬᠠᠭᠤᠴᠢᠷᠠᠨ ᠢᠳᠡᠭᠳᠡᠭᠰᠡᠨ ᠴᠤ᠌ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠪᠠᠭᠤᠷᠢ᠎ᠶ᠋ᠢ ᠢᠯᠡᠷᠡᠭᠦᠯᠦᠭ᠌ᠰᠡᠨ ᠨᠢ ᠤᠮᠠᠷᠠᠲᠤ ᠸᠧᠶ ᠤᠯᠤᠰ᠎ᠤᠨ ᠦᠶ᠎ᠡ᠎ᠶ᠋ᠢᠨ ᠴᠡᠷᠢᠭ᠎ᠦᠨ ᠶᠠᠪᠤᠳᠠᠯ᠎ᠤᠨ ᠴᠢᠬᠤᠯᠠ ᠪᠠᠯᠭᠠᠰᠤ᠎ᠶ᠋ᠢᠨ ᠪᠠᠢᠷᠢᠯᠠᠭᠤᠯᠤᠯᠲᠠ ᠵᠢᠴᠢ ᠰᠦᠶ ᠤᠯᠤᠰ ᠲᠠᠩ ᠤᠯᠤᠰ᠎ᠤᠨ ᠦᠶ᠎ᠡ᠎ᠶ᠋ᠢᠨ ᠤᠯᠤᠰ ᠲᠥᠷᠥ᠍᠂ ᠠᠵᠤ ᠠᠬᠤᠶ᠂ ᠰᠣᠶᠣᠯ᠎ᠢ ᠰᠤᠳᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠡᠭᠦᠨ᠎ᠡᠴᠡ ᠭᠠᠳᠠᠨ᠎ᠠ᠂ ᠸᠸ ᠶᠧ ᠵᠸᠨ ᠪᠠᠯᠭᠠᠰᠤ ᠨᠢ ᠪᠣᠷᠣᠲᠣᠬᠣᠶ᠎ᠶ᠋ᠢᠨ ᠲᠠᠯ᠎ᠠ ᠭᠠᠵᠠᠷ᠂ ᠬᠠᠲᠤᠨ ᠭᠤᠤᠯ᠎ᠤᠨ ᠬᠠᠭᠤᠴᠢᠨ ᠵᠠᠮ ᠳᠠᠭᠠᠤ ᠣᠷᠣᠱᠢᠵᠤ᠂ ᠡᠷᠬᠢᠨ ᠲᠣᠭᠣᠷᠢᠨ᠎ᠤ ᠪᠠᠢᠭᠠᠯᠢ᠎ᠶ᠋ᠢᠨ ᠣᠷᠴᠢᠨ ᠲᠣᠭᠣᠷᠢᠨ᠂ ᠭᠤᠤᠯ ᠮᠥᠷᠡᠨ᠎ᠦ ᠬᠤᠪᠢᠷᠠᠯᠲᠠ᠎ᠶ᠋ᠢᠨ ᠰᠤᠳᠤᠯᠭᠠᠨ᠎ᠳᠤ ᠴᠢᠬᠤᠯᠠ ᠮᠠᠲ᠋ᠧᠷᠢᠶᠠᠯ ᠬᠠᠩᠭᠠᠭ᠍ᠰᠠᠨ ᠪᠠᠢᠨ᠎ᠠ᠃

ᠨᠠᠷᠠᠠ ᠰᠠᠷᠠᠠ ᠤᠷᠴᠢᠵᠦ᠂ ᠣᠨ ᠵᠢᠯ ᠤᠯᠠᠷᠢᠬᠰᠠᠭᠠᠷ᠂ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠬᠡᠷᠡᠮ ᠬᠡᠳᠦᠢᠪᠡᠷ ᠲᠡᠦᠬᠡ᠎ᠶ᠋ᠢᠨ ᠣᠷᠳᠣ ᠠᠶᠠᠨ᠎ᠳᠤ ᠠᠷᠢᠯᠤᠨ ᠵᠠᠮᠬᠠᠷᠠᠭᠰᠠᠨ ᠪᠣᠯᠪᠠᠴᠤ᠌ ᠪᠦᠷᠦᠭ ᠪᠠᠷᠤᠭ ᠬᠠᠷᠠᠭᠳᠠᠬᠤ ᠶᠡᠬᠡ ᠲᠦᠯᠦᠪ ᠨᠢ ᠲᠡᠦᠬᠡ᠎ᠶ᠋ᠢᠨ ᠤᠯᠠᠷᠢᠯ ᠬᠤᠪᠢᠰᠤᠯ᠎ᠢ ᠲᠡᠮᠳᠡᠭ᠌ᠯᠡᠨ ᠦᠯᠡᠳᠡᠬᠡᠵᠡᠢ᠃ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ ᠨᠢ ᠡᠮᠦᠨᠡᠲᠦ ᠤᠮᠠᠷᠠᠲᠤ ᠲᠥᠷᠥ᠎ᠶ᠋ᠢᠨ ᠡᠷᠲᠡᠨ᠎ᠦ ᠪᠠᠭᠤᠷᠢ ᠪᠣᠯᠤᠭ᠍ᠰᠠᠨ᠎ᠤ ᠬᠤᠪᠢ᠎ᠳᠤ᠂ 2006 ᠣᠨ᠎ᠳᠤ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠢᠷᠭᠤᠳᠤᠭᠠᠷ ᠪᠦᠯᠦᠭ᠎ᠦᠨ ᠪᠥᠬᠥ᠌ ᠤᠯᠤᠰ᠎ᠤᠨ ᠭᠤᠤᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠳᠦ ᠵᠢᠭ᠍ᠰᠠᠭᠠᠭ᠍ᠳᠠᠪᠠ᠃

ᠲᠡᠦᠬᠡ ᠰᠣᠶᠣᠯ᠎ᠤᠨ ᠦᠯᠡᠳᠡᠭᠳᠡᠯ᠎ᠢ ᠬᠢᠮᠠᠭᠠᠳᠠᠨ ᠬᠠᠮᠠᠭᠠᠯᠠᠨ᠎ᠠ

ᠡᠳᠦᠭᠡ᠂ ᠭᠸᠨ ᠽᠢ ᠴᠠᠩ ᠲᠣᠰᠭᠣᠨ᠎ᠤ ᠠᠷᠠᠳ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠭ᠍ᠴᠢ ᠪᠤᠯᠵᠤ ᠦᠷᠬᠦᠯᠵᠢ ᠸᠸ ᠶᠧ ᠵᠸᠨ ᠪᠠᠯᠭᠠᠰᠤ᠎ᠶ᠋ᠢᠨ ᠬᠠᠭᠤᠴᠢᠨ ᠬᠤᠳᠠ᠎ᠶ᠋ᠢᠨ ᠪᠠᠭᠤᠷᠢ᠎ᠶ᠋ᠢ ᠴᠠᠭ᠍ᠳᠠᠨ ᠲᠤᠭᠤᠷᠢᠵᠤ ᠬᠠᠮᠠᠭᠠᠯᠠᠵᠤ ᠪᠠᠢᠬᠤ᠎ᠶ᠋ᠢ ᠣᠯᠵᠤ ᠬᠠᠷᠠᠳᠠᠭ ᠪᠤᠯᠪᠠ᠃ 2025 ᠣᠨ᠎ᠤ 6 ᠰᠠᠷ᠎ᠠ᠎ᠳᠤ᠂ ᠭᠸᠨ ᠽᠢ ᠴᠠᠩ ᠲᠣᠰᠭᠣᠨ᠎ᠤ ᠬᠣᠶᠠᠷ ᠵᠥᠪᠯᠡᠯ᠎ᠦᠨ ᠰᠣᠩᠭᠣᠭᠤᠯᠢ᠎ᠪᠠᠷ ᠲᠠᠮᠵᠢᠨ ᠲᠣᠰᠭᠣᠨ᠎ᠤ ᠠᠷᠠᠳ ᠸᠠᠩ ᠪᠥᠸᠧ ᠵᠢ ᠸᠸ ᠶᠧ ᠵᠸᠨ ᠪᠠᠯᠭᠠᠰᠤ᠎ᠶ᠋ᠢᠨ ᠬᠠᠭᠤᠴᠢᠨ ᠬᠤᠳᠠ᠎ᠶ᠋ᠢᠨ ᠪᠠᠭᠤᠷᠢ᠎ᠶ᠋ᠢᠨ ᠴᠠᠭᠳᠠᠨ ᠬᠠᠮᠠᠭᠠᠯᠠᠭ᠍ᠴᠢ ᠪᠣᠯᠭᠠᠪᠠ᠃

ᠸᠠᠩ ᠪᠥᠸᠧ᠄ 《ᠴᠠᠬᠳᠠᠨ ᠬᠠᠮᠠᠭᠠᠯᠠᠬᠴᠢ ᠪᠡᠷ ᠰᠣᠩᠭᠣᠭ᠍ᠳᠠᠭ᠍ᠰᠠᠨ ᠮᠠᠨ᠎ᠤ ᠲᠣᠰᠭᠣᠨ᠎ᠤ 3 ᠬᠦᠮᠦᠨ ᠭᠠᠷᠠᠭ ᠪᠦᠷᠢ ᠬᠠᠭᠤᠴᠢᠨ ᠬᠤᠳᠠ᠎ᠶ᠋ᠢᠨ ᠪᠠᠭᠤᠷᠢ᠎ᠵᠢ ᠨᠢᠭᠡ ᠤᠳᠠᠭ᠎ᠠ ᠲᠣᠭᠣᠷᠢᠨ ᠦᠵᠡᠬᠦ ᠪᠦᠭᠡᠳ ᠤᠳᠠᠭ᠎ᠠ ᠪᠦᠷᠢ ᠪᠠᠭᠤᠷᠢ᠎ᠶ᠋ᠢᠨ ᠡᠷᠭᠢᠨ ᠲᠣᠭᠣᠷᠢᠨ᠎ᠢᠶᠠᠷ ᠲᠣᠭᠣᠷᠢᠨ ᠬᠠᠮᠠᠭᠠᠯᠠᠵᠤ᠂ ᠪᠠᠭᠤᠷᠢ᠎ᠶ᠋ᠢᠨ ᠣᠳᠣᠬᠢ ᠪᠠᠢᠳᠠᠯ᠎ᠢ ᠠᠵᠢᠭ᠍ᠯᠠᠵᠤ᠂ ᠠᠮᠤᠷ ᠲᠦᠪᠱᠢᠨ᠎ᠦ ᠭᠡᠮ ᠰᠤᠭᠤᠭ᠎ᠢ ᠵᠢᠭ᠍ᠰᠠᠭᠠᠨ ᠪᠠᠢᠴᠠᠭᠠᠨ᠎ᠠ᠃ ᠬᠡᠷᠪᠡ ᠵᠣᠷᠢᠭᠤᠳᠠ ᠡᠪᠳᠡᠬᠦ᠌ ᠪᠤᠶᠤ ᠪᠣᠷᠣᠭᠠᠨ᠎ᠤ ᠤᠰᠤᠨ᠎ᠳᠤ ᠤᠷᠤᠰᠭᠠᠭ᠍ᠳᠠᠬᠤ ᠵᠡᠷᠬᠡ ᠪᠠᠢᠳᠠᠯ᠎ᠢ ᠢᠯᠡᠷᠡᠬᠦᠯᠪᠡᠯ ᠴᠠᠭ ᠲᠤᠬᠠᠶ᠎ᠳᠤᠨᠢ ᠳᠡᠭᠡᠭ᠌ᠰᠢ ᠮᠡᠳᠡᠭᠦᠯᠦᠨ᠎ᠡ》 ᠭᠡᠪᠡ᠃

ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ᠎ᠶ᠋ᠢᠨ ᠲᠥᠯᠥᠭᠡ ᠲᠤᠬᠠᠶ᠎ᠶ᠋ᠢᠨ ᠭᠠᠵᠠᠷ᠎ᠤᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠠᠰᠠ ᠠᠯᠢ ᠣᠯᠠᠨ ᠠᠷᠭ᠎ᠠ ᠬᠡᠮᠵᠢᠶ᠎ᠡ ᠠᠪᠴᠠᠶ᠃ 2024 ᠣᠨ᠎ᠳᠤ᠂ ᠤᠷᠠᠳ᠎ᠤᠨ ᠡᠮᠦᠨᠡᠲᠦ ᠬᠣᠱᠢᠭᠤᠨ᠎ᠤ ᠮᠦᠽᠧᠶ᠎ᠶ᠋ᠢᠨ ᠭᠤᠶᠤᠴᠢᠯᠠᠭ᠍ᠰᠠᠨ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢ ᠬᠦᠷᠢᠶᠡᠯᠡᠨ ᠬᠠᠮᠠᠭᠠᠯᠠᠬᠤ ᠲᠥᠷᠥᠯ ᠵᠦᠶ᠋ᠯ ᠤᠯᠤᠰ᠎ᠤᠨ ᠴᠣᠬᠣᠯᠠᠪᠤᠷᠢ᠎ᠶ᠋ᠢ ᠤᠯᠪᠠ᠃ ᠲᠣᠰ ᠲᠥᠷᠥᠯ ᠵᠦᠶ᠋ᠯ᠎ᠨᠢ ᠡᠮᠦᠨᠡᠬᠢ ᠬᠤᠭᠤᠴᠠᠭᠠᠨ᠎ᠤ ᠬᠠᠭᠤᠴᠢ ᠰᠤᠳᠤᠯᠤᠯ᠎ᠤᠨ ᠪᠠᠢᠴᠠᠭᠠᠯᠲᠠ᠎ᠶ᠋ᠢ ᠴᠢᠩᠭᠠᠳᠭᠠᠬᠤ᠎ᠪᠠᠷ ᠳᠠᠮᠵᠢᠨ᠂ ᠡᠷᠲᠡᠨ᠎ᠦ ᠬᠣᠲᠠ᠎ᠶ᠋ᠢᠨ ᠬᠡᠷᠡᠮ ᠤ᠋ᠨ ᠦᠨᠳᠦᠰᠦᠨ ᠲᠠᠷᠬᠠᠯᠲᠠ᠎ᠶ᠋ᠢᠨ ᠪᠠᠢᠳᠠᠯ᠎ᠢ ᠲᠣᠳᠣᠷᠬᠠᠢᠯᠠᠭ᠍ᠰᠠᠨ ᠪᠥᠭᠡᠳ ᠪᠠᠢᠴᠠᠭᠠᠯᠲᠠ᠎ᠶ᠋ᠢᠨ ᠦᠷ᠎ᠡ ᠳ᠋ᠦᠩ᠎ᠢ ᠦᠨᠳᠦᠰᠦᠯᠡᠨ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠪᠠᠭᠤᠷᠢ᠎ᠶ᠋ᠢ ᠬᠦᠷᠢᠶᠡᠯᠡᠨ ᠬᠠᠮᠠᠭᠠᠯᠠᠬᠤ ᠬᠡᠪᠴᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠲᠡᠦᠬᠡ ᠰᠣᠶᠣᠯ᠎ᠤᠨ ᠥᠪ᠎ᠢ ᠬᠠᠮᠠᠭᠠᠯᠠᠬᠤ᠎ᠶ᠋ᠢᠨ ᠬᠠᠮᠲᠤ ᠪᠠᠰᠠ ᠲᠤᠬᠠᠶ᠎ᠶ᠋ᠢᠨ ᠭᠠᠵᠠᠷ᠎ᠤᠨ ᠲᠠᠷᠢᠶᠠᠯᠠᠩ ᠦᠶ᠋ᠯᠡᠳᠪᠦᠷᠢᠯᠡᠯ᠎ᠦᠨ ᠬᠡᠷᠡᠭ᠌ᠴᠡᠭᠡ᠎ᠶ᠋ᠢ ᠬᠠᠩᠭᠠᠭ᠍ᠰᠠᠨ ᠪᠠᠢᠨ᠎ᠠ᠃

《ᠪᠢᠳᠡ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠲᠡᠶ ᠬᠠᠮᠵᠢᠯᠴᠠᠨ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠸᠸ ᠶᠧ ᠵᠸᠨ ᠪᠠᠯᠭᠠᠰᠤ᠎ᠶ᠋ᠢᠨ ᠬᠠᠭᠤᠴᠢᠨ ᠬᠣᠲᠠ᠎ᠶ᠋ᠢᠨ ᠪᠠᠭᠤᠷᠢ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠣᠭᠣᠷᠢᠨ ᠪᠠᠢᠴᠠᠭᠠᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠡᠷᠬᠢᠨ ᠲᠣᠭᠣᠷᠢᠨ᠎ᠤ ᠣᠷᠴᠢᠨ ᠲᠣᠭᠣᠷᠢᠨ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠴᠡᠪᠡᠷᠯᠡᠨ ᠴᠢᠮᠡᠭ᠌ᠯᠡᠵᠦ᠍᠂ ᠬᠡᠪ᠎ᠦᠨ ᠪᠤᠰᠤ ᠪᠠᠢᠳᠠᠯ᠎ᠢ ᠢᠯᠡᠷᠡᠬᠦᠯᠪᠡᠯ ᠳᠠᠷᠤᠶ ᠲᠦᠷᠭᠡᠨ ᠳᠡᠭᠡᠳᠦ ᠱᠠᠲᠤᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ᠎ᠡ᠃ ᠡᠭᠦᠨ᠎ᠦ ᠬᠠᠮᠲᠤ᠂ ᠪᠢᠳᠡ ᠪᠠᠰᠠ ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠲᠡᠦᠬᠡ᠎ᠶ᠋ᠢᠨ ᠦᠨ᠎ᠡ ᠥᠷᠲᠡᠭ ᠪᠠ ᠰᠣᠶᠣᠯ᠎ᠤᠨ ᠠᠭᠤᠯᠤᠭ᠍ᠳᠠᠬᠤᠨ᠎ᠤ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠰᠠᠭᠤᠭᠠᠯᠢ ᠠᠷᠠᠳ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ ᠤᠬᠠᠮᠰᠠᠷ᠎ᠢ ᠦᠨᠡᠨ ᠬᠦ᠌ ᠳᠡᠭᠡᠭ᠌ᠰᠢᠯᠡᠭᠦᠯᠪᠡ》 ᠭᠡᠵᠦ᠍ ᠰᠤᠳᠠᠯ᠎ᠤᠨ ᠬᠤᠳᠳᠤᠭ ᠪᠠᠯᠭᠠᠰᠤᠨ ᠳ᠋ᠤ ᠲᠤᠱᠢᠶᠠᠯ ᠡᠭᠦᠷᠭᠡᠯᠡᠭ᠌ᠰᠡᠨ ᠺᠠᠳ᠋ᠷ ᠯᠢ ᠶᠤᠸᠠᠨ ᠶᠤᠸᠠᠨ ᠲᠠᠨᠢᠯᠴᠠᠭᠤᠯᠪᠠ᠃

ᠸᠸ ᠶᠧ ᠵᠸᠨ ᠪᠠᠯᠭᠠᠰᠤᠨ᠎ᠤ ᠬᠠᠭᠤᠴᠢᠨ ᠬᠤᠳᠠ᠎ᠶ᠋ᠢᠨ ᠪᠠᠭᠤᠷᠢ ᠭᠡᠬᠦ᠌ ᠡᠨᠡ ᠬᠦ᠌ ᠲᠡᠦᠬᠡ ᠰᠣᠶᠣᠯ᠎ᠤᠨ ᠦᠨᠡᠲᠦ ᠡᠷᠳᠡᠨᠢ᠎ᠲᠡᠶ ᠰᠤᠳᠠᠯ ᠤ᠋ᠨ ᠬᠤᠳᠳᠤᠭ ᠪᠠᠯᠭᠠᠰᠤ ᠬᠠᠮᠠᠭᠠᠯᠠᠯᠲᠠ᠎ᠪᠠᠨ ᠰᠠᠢᠲᠤᠷ ᠬᠢᠬᠦ᠌᠎ᠶ᠋ᠢᠨ ᠬᠠᠮᠲᠤ᠂ ᠲᠡᠦᠬᠡ ᠰᠣᠶᠣᠯ᠎ᠤᠨ ᠰᠤᠳᠠᠰᠤ᠎ᠶ᠋ᠢᠨ 《ᠤᠯᠠᠮᠵᠢᠯᠠᠯ ᠪᠠ ᠠᠮᠢᠯᠠᠯ》 ᠢ᠋ ᠢᠳᠡᠪᠬᠢᠲᠡᠢ ᠰᠦᠪᠡᠭ᠌ᠴᠢᠯᠡᠵᠦ᠍᠂ ᠲᠡᠦᠬᠡ ᠰᠣᠶᠣᠯ᠎ᠢ ᠬᠤᠳᠠ ᠵᠢᠨ ᠬᠦᠷ ᠬᠦᠭᠵᠢᠶᠡᠨ᠎ᠯᠤᠭᠡ ᠨᠢᠭᠡ ᠴᠣᠭ᠍ᠴᠠ ᠪᠣᠯᠭᠠᠨ ᠠᠭᠤᠰᠤᠯᠴᠠᠭᠤᠯᠪᠠ᠃

ᠣᠳᠣᠬᠠᠨ᠎ᠳᠤ᠂ ᠰᠤᠳᠠᠯ ᠤ᠋ᠨ ᠬᠤᠳᠳᠤᠭ ᠪᠠᠯᠭᠠᠰᠤ ᠶᠠᠭ ᠸᠸ ᠶᠧ ᠵᠸᠨ ᠤ᠋ ᠬᠡᠪ ᠨᠠᠮᠪᠠ·ᠤᠯᠠᠭᠠᠨᠰᠤᠬᠠᠢ᠎ᠶ᠋ᠢᠨ ᠬᠥᠳᠡᠭᠡ ᠠᠵᠤ ᠠᠬᠤᠶ ᠵᠢᠭᠤᠯᠴᠢᠯᠠᠯ᠎ᠢ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ᠌ ᠣᠷᠣᠨ᠎ᠢ ᠲᠥᠯᠥᠪᠵᠢᠭᠦᠯᠦᠨ ᠮᠡᠳᠡᠭᠦᠯᠵᠦ᠍᠂ 《ᠸᠸ ᠶᠧ ᠵᠸᠨ ᠪᠠᠯᠭᠠᠰᠤ ᠵᠢᠨ ᠡᠷᠲᠡᠨ᠎ᠦ ᠬᠤᠳᠠ ᠵᠢᠨ ᠰᠣᠶᠣᠯ ᠵᠢᠭᠤᠯᠴᠢᠯᠠᠯ᠎ᠤᠨ ᠪᠦᠰᠡ》 ᠶ᠋ᠢ ᠪᠠᠢᠭᠤᠯᠵᠤ᠂ ᠤᠮᠠᠷᠠᠲᠤ ᠸᠧᠶ ᠤᠯᠤᠰ᠎ᠤᠨ ᠪᠠᠭᠤᠷᠢ᠂ ᠰᠡᠬᠡᠭᠡᠲᠡᠨ ᠵᠠᠯᠠᠭᠤᠴᠤᠳ᠎ᠤᠨ ᠬᠠᠭᠤᠴᠢᠨ ᠰᠠᠭᠤᠴᠠ᠂ ᠴᠢᠨ ᠤᠯᠤᠰ᠎ᠤᠨ ᠣᠷᠳᠣ ᠴᠠᠭᠠᠨ ᠬᠡᠷᠡᠮ ᠵᠢᠴᠢ 500 ᠮᠥ᠍ ᠣᠶᠤᠨᠴᠢ ᠴᠢᠬᠢ ᠮᠣᠳᠣ ᠪᠣᠢᠵᠢᠭᠤᠯᠬᠤ ᠰᠠᠭᠤᠷᠢᠨ᠂ ᠠᠮᠢ ᠠᠬᠤᠶ᠎ᠶ᠋ᠢᠨ ᠭᠠᠷᠠᠮ᠎ᠢ ᠬᠣᠯᠪᠣᠵᠤ᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠰᠣᠶᠣᠯ᠎ᠢᠶᠠᠷ ᠴᠢᠳᠠᠪᠤᠷᠢ ᠣᠯᠭᠣᠬᠤ᠂ ᠭᠤᠷᠪᠠᠨ ᠠᠵᠤ ᠦᠶ᠋ᠯᠡᠰ᠎ᠢ ᠠᠭᠤᠰᠤᠯᠴᠠᠭᠤᠯᠬᠤ》 ᠪᠠᠷ ᠭᠤᠤᠯ ᠣᠢᠯᠠᠭᠠᠭ᠍ᠳᠠᠬᠤᠨ ᠪᠣᠯᠭᠠᠵᠤ᠂ ᠡᠷᠲᠡᠨ᠎ᠦ ᠪᠠᠯᠭᠠᠰᠤ᠎ᠶ᠋ᠢᠨ ᠰᠣᠶᠣᠯ᠎ᠢ ᠪᠡᠶᠡᠴᠢᠯᠡᠨ ᠣᠢᠯᠠᠭᠠᠬᠤ᠂ ᠣᠲᠣ ᠦᠶ᠎ᠡ᠎ᠶ᠋ᠢᠨ ᠲᠠᠷᠢᠶᠠᠯᠠᠩ᠎ᠢ ᠲᠣᠭᠣᠷᠢᠨ ᠦᠵᠡᠬᠦ᠌᠂ ᠤᠰᠤᠨ ᠳᠡᠭᠡᠷᠡᠬᠢ ᠰᠡᠯᠡᠭᠦᠴᠡᠯ ᠵᠤᠭ᠎ᠠ ᠴᠡᠩᠭᠡᠯ᠂ ᠠᠮᠢ ᠠᠬᠤᠶ ᠵᠢᠭᠠᠰᠤᠨ ᠠᠵᠤ ᠠᠬᠤᠶ᠎ᠶ᠋ᠢ ᠰᠤᠳᠤᠯᠤᠨ ᠰᠤᠷᠤᠯᠴᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠬᠥᠳᠡᠭᠡ ᠠᠵᠤ ᠠᠬᠤᠶ ᠰᠤᠶᠤᠯ ᠵᠢᠭᠤᠯᠴᠢᠯᠠᠯ ᠤ᠋ᠨ ᠦᠵᠡᠮᠵᠢᠳᠦ ᠤᠷᠤᠨ᠎ᠢ᠋ ᠪᠠᠢᠭᠤᠯᠵᠤ᠂ ᠭᠦᠨᠵᠠᠬᠡᠢ ᠤᠢᠯᠠᠭᠠᠬᠤ ᠮᠠᠶᠢᠭ ᠤ᠋ᠨ ᠰᠤᠳᠤᠯᠤᠨ ᠰᠤᠷᠤᠯᠴᠠᠬᠤ ᠱᠤᠭᠤᠮ ᠢ᠋ ᠪᠦᠷᠢᠯᠳᠦᠬᠦᠯᠪᠡ᠃

ᠸᠸ ᠶᠧ ᠵᠸᠨ ᠪᠠᠯᠭᠠᠰᠤᠨ᠎ᠤ ᠬᠠᠭᠤᠴᠢᠨ ᠬᠣᠲᠠ᠎ᠶ᠋ᠢᠨ ᠪᠠᠭᠤᠷᠢ ᠪᠣᠯ ᠲᠡᠦᠬᠡ ᠡᠴᠡ ᠬᠣᠵᠢᠮ᠎ᠤᠨ ᠬᠥᠮᠦᠰ᠎ᠲᠦ ᠦᠯᠡᠳᠡᠭᠡᠵᠦ᠍ ᠥᠭ᠌ᠭᠦᠭ᠌ᠰᠡᠨ ᠡᠷᠬᠢᠮ ᠨᠠᠨᠳᠢᠨ ᠰᠣᠶᠣᠯ᠎ᠤᠨ ᠥᠪ ᠪᠣᠯᠤᠨ᠎ᠠ᠃ ᠰᠤᠳᠠᠯ ᠤ᠋ᠨ ᠬᠤᠳᠳᠤᠭ ᠪᠠᠯᠭᠠᠰᠤ ᠭᠦᠨ ᠵᠤᠵᠠᠭᠠᠨ ᠲᠡᠦᠬᠡ᠎ᠶ᠋ᠢᠨ ᠬᠤᠷᠠᠮᠳᠤᠯ ᠪᠣᠯᠤᠨ ᠣᠯᠠᠨ ᠡᠱᠢᠲᠦ ᠰᠣᠶᠣᠯ᠎ᠤᠨ ᠠᠭᠤᠰᠤᠯᠴᠠᠯ᠂ ᠠᠮᠢ ᠠᠬᠤᠶ᠎ᠶ᠋ᠢᠨ ᠡᠬᠢ ᠪᠠᠶᠠᠯᠢᠭ ᠪᠣᠯᠤᠨ ᠣᠲᠣ ᠦᠶ᠎ᠡ᠎ᠶ᠋ᠢᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ᠂ ᠥᠪᠡᠷᠮᠢᠴᠡ ᠣᠨᠴᠠᠯᠢᠭ᠎ᠲᠠᠶ ᠰᠣᠶᠣᠯ᠎ᠤᠨ ᠲᠡᠮᠳᠡᠭ᠎ᠢ ᠠᠯᠬᠤᠮ ᠠᠯᠬᠤᠮ᠎ᠢᠶᠠᠷ ᠪᠠᠢᠭᠤᠯᠵᠤ᠂ ᠢᠯᠡ ᠲᠣᠳᠣ ᠣᠷᠣᠨ ᠪᠦᠰᠡ᠎ᠶ᠋ᠢᠨ ᠣᠨᠴᠠᠯᠢᠭ ᠲᠠᠶ ᠰᠣᠶᠣᠯ᠎ᠤᠨ ᠬᠥᠭ᠌ᠵᠢᠯᠲᠡ᠎ᠶ᠋ᠢᠨ ᠵᠠᠭ᠍ᠪᠤᠷ᠎ᠢ ᠪᠦᠷᠢᠯᠳᠦᠭᠦᠯᠵᠦ᠍᠂ ᠳᠤᠮᠳᠠᠳᠤ᠎ᠶ᠋ᠢᠨ ᠰᠣᠶᠣᠯ᠎ᠤᠨ ᠭᠦᠨ ᠵᠤᠵᠠᠭᠠᠨ ᠠᠭᠤᠯᠤᠭ᠍ᠳᠠᠬᠤᠨ ᠰᠤᠳᠠᠯ ᠤ᠋ᠨ ᠬᠤᠳᠳᠤᠭ ᠪᠠᠯᠭᠠᠰᠤᠨ᠎ᠳᠤ ᠦᠨᠳᠦᠰᠦ ᠬᠠᠳᠭᠤᠨ ᠴᠡᠴᠡᠭ᠌ᠯᠡᠵᠦ᠍ ᠵᠢᠮᠢᠰᠯᠡᠬᠦ᠌᠎ᠶ᠋ᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号