ᠲᠦᠷᠦᠬᠦᠬᠡᠨ᠂ ᠰᠤᠷᠪᠤᠯᠵᠢᠯᠠᠭᠴᠢ ᠤᠯᠠᠭᠠᠨᠬᠠᠳᠠ ᠬᠤᠲᠠ᠎ᠶ᠋ᠢᠨ ᠪᠠᠭᠠᠷᠢᠨ ᠪᠠᠷᠠᠭᠤᠨ ᠬᠤᠱᠢᠭᠤᠨ ᠤ ᠲᠢᠶᠠᠨ ᠴᠦ᠋ ᠮᠠᠯ ᠠᠵᠤ ᠠᠬᠤᠶ᠎ᠶ᠋ᠢᠨ ᠲᠡᠵᠢᠭᠡᠪᠦᠷᠢ ᠵᠢᠨ ᠰᠠᠭᠤᠷᠢᠨ᠎ᠳᠤ ᠬᠦᠷᠬᠦ ᠳ᠋ᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ᠌ ᠠᠵᠢᠯ ᠨᠢ ᠨᠠᠷᠢᠨ ᠨᠢᠭ᠍ᠲᠠ ᠬᠤᠯᠪᠣᠯᠳᠤᠭ᠍ᠰᠠᠨ ᠣᠶᠤᠨᠴᠢ ᠲᠡᠵᠢᠭᠡᠪᠦᠷᠢ ᠵᠢᠨ ᠱᠢᠰᠲ᠋ᠧᠮ ᠵᠢᠡᠷ ᠤᠷᠤᠯᠠᠭᠳᠠᠭᠰᠠᠨ ᠪᠠᠢᠪᠠ᠃ ᠮᠠᠱᠢᠨ ᠵᠢᠡᠷ ᠲᠡᠵᠢᠭᠡᠯ ᠡᠪᠡᠰᠦ ᠪᠠ ᠲᠡᠵᠢᠭᠡᠯ ᠪᠣᠷᠳᠤᠭ᠎ᠠ᠎ᠶ᠋ᠢ ᠵᠢᠭᠤᠷᠠᠭ᠍ᠰᠠᠨᠤ ᠳᠠᠷᠠᠭ᠎ᠠ᠂ ᠪᠦᠬᠦ ᠡᠳᠦᠷ ᠤᠨ ᠲᠡᠵᠢᠭᠡᠯ ᠪᠣᠷᠳᠤᠭ᠎ᠠ ᠵᠢ ᠳᠠᠮᠵᠢᠭᠤᠯᠬᠤ ᠪᠦᠰᠡ᠎ᠪᠡᠷ ᠴᠠᠬᠢᠯᠭᠠᠨ ᠬᠥᠳᠡᠯᠭᠡᠭᠦᠷᠲᠦ ᠰᠦᠷᠴᠢᠬᠦ᠌ ᠲᠡᠷᠭᠡᠨ᠎ᠳᠤ ᠬᠦᠷᠭᠡᠵᠦ᠍᠂ ᠠᠵᠢᠯᠲᠠᠳ ᠳᠠᠬᠢᠨ ᠴᠠᠬᠢᠯᠭᠠᠨ ᠬᠥᠳᠡᠯᠭᠡᠭᠦᠷᠲᠦ ᠪᠣᠷᠳᠣᠭ᠎ᠠ ᠰᠠᠴᠤᠬᠤ ᠲᠡᠷᠭᠡ᠎ᠶ᠋ᠢ ᠵᠢᠯᠣᠭᠤᠳᠤᠭᠠᠳ ᠬᠤᠨᠢᠨ᠎ᠳᠤ ᠲᠡᠵᠢᠬᠡᠯ ᠪᠤᠷᠳᠤᠭ᠎ᠠ ᠥᠭ᠌ᠴᠤ ᠪᠠᠢᠯ᠎ᠠ᠃
ᠲᠡᠵᠢᠬᠡᠪᠦᠷᠢ ᠵᠢᠨ ᠲᠠᠯᠠᠪᠠᠢ ᠵᠢᠨ ᠬᠠᠷᠢᠭᠤᠴᠠᠯᠭᠠᠳᠠᠨ ᠭᠤᠤ ᠳ᠋ᠢᠶᠠᠨ ᠪᠢᠨ᠄ 《ᠤᠤᠯ᠎ᠨᠢ 2400 ᠭᠠᠷᠤᠶ ᠬᠤᠨᠢ᠎ᠶ᠋ᠢ 4 ᠬᠥᠮᠦᠨ ᠠᠷᠡᠴᠢᠯᠠᠵᠤ ᠪᠠᠢᠭᠰᠠᠨ᠂ ᠤᠳᠤ ᠡᠨᠡ ᠬᠦ᠌ ᠣᠶᠤᠨᠴᠢ ᠲᠡᠵᠢᠭᠡᠪᠦᠷᠢ ᠵᠢᠨ ᠱᠢᠰᠲ᠋ᠧᠮ᠎ᠳᠤ ᠲᠦᠱᠢᠭ᠌ᠯᠡᠬᠡᠳ ᠪᠢ ᠭᠠᠭ᠍ᠴᠠᠭᠠᠷ ᠵᠢᠡᠨ ᠪᠡᠶᠡᠯᠡᠬᠦᠯᠴᠢᠬᠡᠨᠠ᠃ ᠮᠢᠨᠦ ᠡᠨᠡ ᠲᠡᠵᠢᠭᠡᠪᠦᠷᠢ ᠵᠢᠨ ᠰᠠᠭᠤᠷᠢᠨ ᠤᠯᠠᠭᠠᠨᠬᠠᠳᠠ ᠬᠤᠳᠠ ᠵᠢᠨ 〈ᠮᠠᠯ᠎ᠤᠨ ᠡᠭᠦᠯᠳᠡᠷ ᠢ ᠰᠣᠩᠭᠤᠨ᠂ ᠶᠠᠰᠤ ᠴᠢᠨᠠᠷ᠎ᠢ ᠳᠡᠭᠡᠭ᠌ᠰᠢᠯᠡᠭᠦᠯᠵᠦ᠂ ᠦᠷ᠎ᠡ ᠠᠱᠢᠭ᠎ᠢ ᠨᠡᠮᠡᠭᠳᠡᠬᠦᠯᠦᠭᠰᠡᠨ〉 42 ᠨᠠᠢᠳᠡᠯᠢᠭ ᠰᠠᠭᠤᠷᠢᠨ ᠵᠢᠡᠷ ᠰᠤᠡᠭᠭᠤᠭᠳᠠᠵᠠᠢ》 ᠭᠡᠵᠤ ᠰᠤᠷᠪᠤᠯᠵᠢᠯᠠᠭᠴᠢ᠎ᠳᠤ ᠲᠠᠨᠢᠯᠴᠠᠭᠤᠯᠪᠠ᠃
ᠥᠪᠥᠷ ᠮᠣᠩᠭᠤᠯ ᠤᠨ ᠮᠠᠯ ᠠᠵᠤ ᠠᠬᠤᠶ᠎ᠶ᠋ᠢᠨ ᠲᠣᠮᠣ ᠬᠤᠲᠠ ᠪᠣᠯᠤᠭ᠍ᠰᠠᠨ᠎ᠤ ᠬᠤᠪᠢ᠎ᠳᠤ᠂ ᠤᠯᠠᠭᠠᠨᠬᠠᠳᠠ ᠬᠤᠲᠠ᠎ᠶ᠋ᠢᠨ ᠮᠠᠯ ᠤᠨ ᠲᠤᠭ᠎ᠠ ᠲᠣᠯᠣᠭᠠᠶ ᠣᠷᠳᠣ ᠬᠤᠭᠤᠴᠠᠭᠠᠪᠥᠬᠦ᠌ ᠣᠷᠣᠨ ᠳ᠋ᠤ ᠲᠦᠷᠦᠭᠦᠯᠡᠵᠦ᠂ 2025 ᠣᠨ ᠤ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠬᠤᠲᠠ᠎ᠶ᠋ᠢᠨ ᠮᠠᠯ᠎ᠤᠨ ᠲᠤᠭ᠎ᠠ ᠲᠣᠯᠣᠭᠠᠶ 2409.5 ᠲᠦᠮᠡᠨ ᠲᠣᠯᠣᠭᠠᠢ᠂ ᠮᠢᠬᠠᠨ ᠤ ᠲᠥᠷᠥᠯ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ ᠤᠨ ᠴᠢᠳᠠᠪᠤᠷᠢ 70.4 ᠲᠦᠮᠡᠨ ᠲᠣᠨ᠂ ᠵᠢᠭᠦᠷᠲᠡᠨ᠎ᠤ ᠥᠨᠳᠡᠭᠡᠨ᠎ᠤ ᠶᠡᠷᠦᠩᠬᠡᠶ ᠭᠠᠷᠤᠯᠲᠠ 19.4 ᠲᠦᠮᠡᠨ ᠲᠣᠨ᠎ᠳᠤ ᠬᠦᠷᠦᠭ᠌ᠰᠡᠨ ᠪᠣᠯᠪᠠᠴᠤ᠌ ᠡᠬᠦᠯᠳᠡᠷ ᠤ᠋ᠨ ᠲᠠᠯ᠎ᠠ ᠪᠠᠷ ᠬᠤᠴᠣᠷᠤᠩᠭᠤᠶ᠂ ᠮᠡᠷᠭᠡᠵᠢᠯ ᠪᠦᠳᠦᠭᠦᠯᠢᠭ ᠵᠡᠷᠭᠡ ᠠᠰᠠᠭᠤᠳᠠᠯ᠎ᠨᠢ ᠠᠵᠤ ᠦᠢᠯᠡᠰ᠎ᠤᠨ ᠲᠠᠰ ᠳᠡᠪᠱᠢᠬᠦ᠌᠎ᠶ᠋ᠢ ᠬᠢᠵᠠᠭᠠᠷᠯᠠᠵᠤ ᠪᠠᠢᠪᠠ᠃
ᠬᠥᠭ᠌ᠵᠢᠯᠲᠡ᠎ᠶ᠋ᠢᠨ ᠪᠣᠭᠤᠮᠢ᠎ᠶ᠋ᠢ ᠰᠢᠪᠲᠤᠯᠬᠤ᠎ᠶ᠋ᠢᠨ ᠲᠥᠯᠥᠭᠡ᠂ ᠤᠯᠠᠭᠠᠨᠬᠠᠳᠠ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠤᠨ᠂ 《ᠮᠠᠯ ᠢ ᠦᠵᠡᠵᠦ ᠡᠭᠦᠯᠳᠡᠷ ᠰᠤᠩᠭᠤᠨ᠂ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠦᠷ᠎ᠡ ᠠᠱᠢᠭ ᠢ ᠨᠡᠮᠡᠭ᠌ᠳᠡᠭᠦᠯᠬᠦ᠌》ᠠᠵᠢᠯᠯᠠᠭ᠎ᠠ ᠶ᠋ᠢ ᠭᠤᠤᠯᠳᠠᠯᠭ᠎ᠠ᠎ᠲᠠᠢ ᠠᠵᠢᠯ ᠪᠣᠯᠭᠠᠵᠤ᠂ ᠬᠤᠶᠠᠷ ᠤᠳᠠᠭᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠢ ᠲᠤᠰᠭᠠᠶ ᠰᠡᠳᠦᠪ᠎ᠢᠶᠠᠷ ᠰᠤᠳᠤᠯᠤᠨ ᠪᠠᠢᠷᠢᠯᠠᠭᠤᠯᠵᠤ᠂ ᠲᠤᠰᠭᠠᠶ ᠪᠠᠯᠠ ᠮᠥᠩᠭᠦ᠎ᠶ᠋ᠢ ᠭᠦᠢᠴᠡᠳ ᠪᠠᠲᠤᠯᠠᠨ᠂ ᠬᠡᠷᠡᠭ᠌ᠵᠢᠭᠦᠯᠬᠦ᠌ ᠲᠥᠰᠦᠯ ᠢ ᠲᠦᠷᠦᠭᠦᠯᠡᠨ ᠲᠤᠭᠤᠷᠪᠢᠬᠤ᠎ᠶ᠋ᠢᠨ ᠬᠠᠮᠲᠤ ᠥᠷᠭᠡᠨ᠎ᠢᠶᠠᠷ ᠰᠠᠨᠠᠯ ᠬᠤᠷᠢᠶᠠᠵᠤ᠂ 42 ᠮᠢᠬᠠᠨ᠎ᠤ ᠦᠬᠡᠷ ᠮᠢᠬᠠᠨ᠎ᠤ ᠬᠤᠨᠢᠨ᠎ᠤ 《ᠮᠠᠯ᠎ᠢ ᠦᠵᠡᠵᠦ ᠡᠭᠦᠯᠳᠡᠷ ᠰᠤᠩᠭᠤᠨ᠂ ᠶᠠᠰᠤ ᠴᠢᠨᠠᠷ ᠢ ᠳᠡᠭᠡᠭ᠌ᠰᠢᠯᠡᠭᠦᠯᠦᠨ᠂ ᠦᠷ᠎ᠡ ᠠᠱᠢᠭ᠎ᠢ ᠨᠡᠮᠡᠭ᠌ᠳᠡᠭᠦᠯᠬᠦ᠌》 ᠦᠵᠡᠭᠦᠯᠭᠡ᠎ᠶ᠋ᠢᠨ ᠰᠠᠭᠤᠷᠢᠨ ᠢ ᠨᠠᠷᠢᠯᠢᠭ ᠰᠣᠩᠭᠤᠭᠠᠳ᠂ ᠲᠠᠰ ᠳᠠᠪᠬᠤᠷᠭ᠎ᠠ ᠲᠣᠳᠣᠷᠬᠠᠶ ᠵᠢᠱ᠌ᠢᠶ᠎ᠡ ᠦᠵᠡᠭᠦᠯᠬᠦ᠌ ᠱᠢᠰᠲ᠋ᠧᠮ᠎ᠢ ᠪᠠᠢᠭᠤᠯᠪᠠ᠃
ᠠᠵᠢᠯᠯᠠᠭ᠎ᠠ᠎ᠶ᠋ᠢᠨ ᠱᠢᠨ᠎ᠡ᠎ᠶ᠋ᠢ ᠡᠭᠦᠳᠬᠦ᠌᠎ᠳᠤ 《ᠬᠤᠲᠠ᠎ᠶ᠋ᠢᠨ ᠳᠣᠲᠣᠷ᠎ᠠ ᠳᠤᠭᠤᠷᠢᠨ ᠦᠵᠡᠬᠦ + ᠬᠤᠲᠠ᠎ᠶ᠋ᠢᠨ ᠭᠠᠳᠠᠨ᠎ᠠ ᠱᠢᠨᠵᠢᠯᠡᠨ ᠪᠠᠢᠴᠠᠭᠠᠬᠤ》 ᠵᠠᠭ᠍ᠪᠤᠷ ᠢ ᠬᠡᠷᠡᠭ᠌ᠯᠡᠵᠦ᠍᠂ ᠲᠡᠵᠢᠭᠡᠨ ᠦᠷᠡᠵᠢᠭᠦᠯᠬᠦ᠌ ᠨᠢ ᠯᠠᠪᠳᠠᠭᠤᠨ ᠪᠠᠲᠤᠲᠠᠶ᠂ ᠳᠠᠢᠴᠢᠯᠠᠬᠤ ᠦᠢᠯᠡᠳᠦᠯ᠎ᠨᠢ ᠴᠢᠩᠭ᠎ᠠ 45 ᠲᠡᠵᠢᠭᠡᠪᠦᠷᠢ ᠵᠢᠨ ᠭᠤᠤᠯ ᠴᠣᠭ᠍ᠴᠠ ᠵᠢᠴᠢ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠠᠵᠢᠯᠲᠠᠨ᠎ᠢ ᠱᠢᠯᠢᠨ ᠰᠣᠩᠭᠤᠭᠠᠳ᠂ ᠬᠤᠶᠠᠷ ᠬᠤᠭᠤᠴᠠᠭ᠎ᠠ ᠬᠤᠪᠢᠶᠠᠨ᠂ ᠬᠤᠲᠠ᠎ᠶ᠋ᠢᠨ ᠳᠣᠲᠣᠷ᠎ᠠ ᠲᠣᠭᠤᠷᠢᠨ ᠦᠵᠡᠬᠦ᠌ ᠠᠵᠢᠯ ᠥᠷᠨᠢᠭᠦᠯᠵᠦ᠍᠂ ᠮᠢᠬᠠᠨ᠎ᠤ ᠦᠬᠡᠷ᠂ ᠮᠢᠬᠠᠨ ᠤ ᠬᠤᠨᠢᠨ᠎ᠤ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠬᠠᠮᠤᠷᠤᠭ᠍ᠰᠠᠨ ᠬᠤᠲᠠ ᠶ᠋ᠢᠨ ᠲᠠᠰ ᠤᠨ ᠨᠡᠢᠲᠡᠯᠢᠭ ᠵᠢᠱ᠌ᠢᠶ᠎ᠡ ᠦᠵᠡᠭᠦᠯᠬᠦ᠌ ᠰᠠᠭᠤᠷᠢᠨ᠎ᠢ 14 ᠲᠣᠭ᠍ᠲᠠᠭᠠᠪᠠ᠃ 20 ᠲᠡᠵᠢᠭᠡᠪᠦᠷᠢ ᠵᠢᠨ ᠭᠤᠤᠯ ᠴᠣᠭ᠍ᠴᠠ᠎ᠶ᠋ᠢᠨ ᠬᠠᠷᠢᠭᠤᠴᠠᠯᠭᠠᠲᠠᠨ ᠵᠢᠴᠢ ᠠᠵᠢᠯ ᠲᠥᠷᠥᠯ ᠤᠨ ᠭᠤᠤᠯᠯᠠᠭ᠍ᠴᠢ ᠬᠦᠴᠦᠨ᠎ᠢ ᠵᠣᠬᠢᠶᠠᠨ ᠪᠠᠢᠭᠤᠯᠤᠭᠠᠳ ᠶᠦᠨᠨᠠᠨ᠂ ᠲᠢᠶᠠᠨᠵᠢᠨ᠂ ᠱᠠᠨᠳᠦ᠋ᠩ ᠵᠡᠷᠭᠡ ᠭᠠᠵᠠᠷ ᠲᠤ ᠬᠦᠷᠴᠦ᠍᠂ 8 ᠠᠵᠤ ᠠᠬᠤᠢᠯᠠᠯ᠎ᠳᠤ ᠭᠦᠨᠵᠡᠭᠡᠶ ᠱᠢᠨᠵᠢᠯᠡᠨ ᠪᠠᠢᠴᠠᠭᠠᠯᠲᠠ ᠬᠢᠵᠦ᠍᠂ ᠡᠭᠦᠯᠳᠡᠷ ᠪᠣᠢᠵᠢᠭᠤᠯᠬᠤ᠂ ᠤᠶᠤᠨᠴᠢ ᠪᠡᠷ ᠲᠡᠵᠢᠭᠡᠨ ᠦᠷᠡᠵᠢᠭᠦᠯᠬᠦ᠌ ᠵᠡᠷᠭᠡ ᠭᠤᠤᠯᠯᠠᠬᠤ ᠮᠡᠷᠭᠡᠵᠢᠯ ᠢ ᠲᠤᠬᠠᠶ᠎ᠶ᠋ᠢᠨ ᠭᠠᠵᠠᠷ᠎ᠲᠤᠨᠢ ᠰᠤᠷᠤᠯᠴᠠᠪᠠ᠃ ᠱᠢᠨᠵᠢᠯᠡᠨ ᠪᠠᠢᠴᠠᠭᠠᠬᠤ ᠬᠤᠭᠤᠴᠠᠭᠠᠨ᠎ᠳᠤ ᠤᠯᠠᠭᠠᠨᠬᠠᠳᠠᠬᠤᠲᠠ ᠪᠠᠰᠠ ᠲᠢᠶᠠᠨᠵᠢᠨ᠎ᠤ ᠤᠣ ᠴᠢᠶᠦ᠋ᠨ ᠮᠠᠯ ᠠᠵᠤ ᠠᠬᠤᠢ᠎ᠵᠢᠨ ᠺᠤᠮᠫᠠᠨᠢ ᠲᠠᠢ ᠡᠭᠦᠯᠳᠡᠷ᠎ᠤᠨ ᠬᠤᠨᠢ ᠣᠷᠣᠭᠤᠯᠬᠤ ᠪᠠ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠨᠢᠭᠡ ᠴᠣᠭ᠍ᠴᠠᠵᠢᠭᠤᠯᠬᠤ ᠲᠠᠯ᠎ᠠ ᠪᠡᠷ ᠬᠠᠮᠲᠤᠷᠠᠨ ᠠᠵᠢᠯᠯᠠᠬᠤ᠂ ᠱᠠᠨᠳᠦ᠋ᠩ ᠤᠨ ᠯᠢᠨ ᠴᠢᠩ ᠷᠦᠨ ᠯᠢᠨ ᠮᠠᠯ ᠠᠵᠤ ᠠᠬᠤᠢ᠎ᠵᠢᠨ ᠺᠤᠮᠫᠠᠨᠢ ᠲᠠᠢ ᠡᠪᠡᠰᠦ ᠪᠣᠷᠳᠤᠭ᠎ᠠ ᠬᠠᠩᠭᠠᠬᠤ ᠵᠦᠪᠳᠡᠯᠴᠡᠭᠡᠷ ᠲᠣᠭ᠍ᠲᠠᠵᠠᠢ᠃
ᠲᠤᠬᠠᠶ᠎ᠶ᠋ᠢᠨ ᠭᠠᠵᠠᠷ᠎ᠲᠤᠨᠢ ᠲᠣᠭᠤᠷᠢᠨ ᠦᠵᠡᠬᠦ᠌᠎ᠪᠠᠷ ᠳᠡᠮᠵᠢᠨ᠂ ᠠᠤᠬᠠᠨ᠎ᠤ ᠵᠢᠤᠢ ᠼᠠᠢ ᠮᠠᠯ ᠠᠵᠤ ᠠᠬᠤᠶ᠎ᠵᠢᠨ ᠺᠤᠮᠫᠠᠨᠢ ᠥᠨᠳᠥᠷ ᠤᠭᠤᠷᠠᠭ᠍ᠲᠤ ᠣᠯᠠᠨ ᠡᠱᠢᠲᠦ ᠲᠡᠵᠢᠭᠡᠯ ᠪᠣᠷᠳᠤᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠮᠢᠬᠠᠨ ᠤ ᠬᠤᠨᠢᠨ᠎ᠤ ᠦᠨ᠎ᠡ ᠵᠢ 200 ᠢᠯᠡᠭᠦᠦ ᠲᠥᠭᠦᠷᠢᠭ ᠦᠰᠭᠡᠵᠡᠢ᠃ ᠣᠩᠨᠢᠭᠤᠳ ᠬᠤᠱᠢᠭᠤᠨ ᠤ ᠸᠠᠩ ᠱᠢᠩ ᠬᠤᠷᠱᠢᠶᠠᠢᠰᠭᠡᠭ᠌ᠰᠡᠨ ᠲᠡᠵᠢᠭᠡᠯ ᠪᠣᠷᠳᠤᠭ᠎ᠠ ᠵᠢ ᠳᠡᠯᠭᠡᠷᠡᠭᠦᠯᠵᠦ᠍᠂ ᠮᠢᠬᠠᠨ ᠤ ᠦᠬᠡᠷ᠎ᠤᠨ ᠲᠡᠵᠢᠭᠡᠯ ᠪᠣᠷᠳᠣᠭ᠎ᠠ ᠱᠢᠩᠭᠡᠭᠡᠬᠦ ᠨᠣᠷᠮ᠎ᠠ᠎ᠶ᠋ᠢ 10% ᠪᠠᠷ ᠳᠡᠭᠡᠭ᠌ᠰᠢᠯᠡᠭᠦᠯᠵᠦ᠍᠂ ᠲᠡᠵᠢᠭᠡᠯ ᠪᠣᠷᠳᠣᠭᠠᠨ᠎ᠤ ᠥᠪᠡᠷ᠎ᠤᠨ ᠥᠷᠲᠡᠭ᠎ᠢ 15% ᠪᠠᠷ ᠪᠠᠭᠤᠷᠠᠭᠤᠯᠪᠠ᠃ ᠦᠨᠡᠨ ᠪᠣᠳᠠᠲᠠᠶ ᠬᠡᠷᠡᠭ᠎ᠤᠨ ᠵᠢᠱ᠌ᠢᠶ᠎ᠡ᠎ᠨᠢ ᠲᠡᠵᠢᠭᠡᠪᠦᠷᠢ ᠵᠢᠨ ᠡᠷᠦᠬᠡ᠎ᠳᠤ ᠡᠭᠦᠯᠳᠡᠷ᠎ᠤᠨ ᠢᠷᠡᠯᠲᠡ ᠪᠣᠯ ᠠᠵᠤ ᠦᠢᠯᠡᠰ᠎ᠤᠨ ᠦᠨᠳᠦᠰᠦ᠂ ᠮᠡᠷᠭᠡᠵᠢᠯ ᠪᠣᠯ ᠦᠷ᠎ᠡ ᠠᠱᠢᠭ᠎ᠢ ᠨᠡᠮᠡᠭ᠌ᠳᠡᠭᠦᠯᠬᠦ᠌ ᠵᠠᠩᠭᠢᠯᠠᠭ᠎ᠠ ᠮᠥᠨ ᠭᠡᠳᠡᠭ᠎ᠢ ᠭᠦᠨᠵᠡᠭᠡᠶ ᠲᠠᠨᠢᠭᠤᠯᠤᠭᠰᠠᠨ ᠪᠠᠢᠨ᠎ᠠ᠃
ᠳᠤᠭᠠᠴᠢᠯᠠᠯᠳᠠ ᠤᠶᠤᠨᠴᠢᠯᠠᠯᠳᠠ ᠤᠯᠠᠮᠵᠢᠯᠠᠯᠲᠤ ᠲᠡᠵᠢᠭᠡᠪᠦᠷᠢ ᠵᠢᠨ ᠦᠢᠯᠡᠰ ᠲᠤ᠌ ᠰᠢᠨ᠎ᠠ ᠠᠮᠢᠵᠢᠷᠠᠯ᠎ᠤ᠋ᠨ ᠬᠦᠴᠦᠨ ᠤᠯᠭᠤᠪᠠ᠃ ᠠᠷᠤ ᠬᠤᠷᠴᠢᠨ ᠬᠤᠱᠢᠭᠤᠨ ᠤ ᠬᠤᠨᠲᠤ ᠪᠠᠯᠭᠠᠰᠤᠨ᠎ᠤ ᠤᠰᠤᠡᠡᠬᠢ ᠭᠠᠴᠠᠭᠠᠨ ᠤ ᠮᠠᠯᠴᠢᠨ ᠪᠠᠶᠠᠨᠪᠦ᠋ᠬᠡ ᠭᠠᠷ ᠤᠲᠠᠰᠤᠨ ᠳᠡᠭᠡᠷ᠎ᠡ 《ᠲᠠᠯ᠎ᠠ ᠨᠤᠲᠤᠭ᠎ᠤᠨ ᠡᠭᠦᠯᠡᠨ ᠮᠠᠯᠵᠢᠯ》 ᠤ᠋ᠨ ᠵᠢᠵᠢᠭ ᠫᠷᠤᠭ᠌ᠷᠠᠮ᠎ᠢ ᠨᠡᠭᠡᠭᠡᠵᠦ᠍᠂ ᠦᠬᠡᠷ ᠪᠦᠷᠢ᠎ᠶ᠋ᠢᠨ ᠤᠳᠤᠮ ᠴᠠᠳᠢᠭ᠎ᠤᠨ ᠲᠠᠩᠰᠠ ᠡᠪᠬᠡᠮᠡᠯ᠂ ᠡᠷᠡᠭᠦᠯ ᠮᠡᠨᠳᠦ᠍᠎ᠶ᠋ᠢᠨ ᠪᠠᠢᠳᠠᠯ᠎ᠢ ᠣᠢᠯᠠᠭᠠᠵᠤ᠄ 《ᠥᠩᠭᠡᠷᠡᠭ᠌ᠰᠡᠨ᠎ᠳᠤ ᠣᠢᠷ᠎ᠠ ᠤᠳᠤᠮ ᠵᠢᠡᠷ ᠦᠷᠡᠵᠢᠭᠦᠯᠬᠦ᠌᠎ᠶ᠋ᠢ ᠰᠠᠨᠠᠭᠠᠱᠢᠷᠠᠵᠤ ᠪᠠᠢᠵᠠᠢ᠂ ᠣᠲᠣ ᠲᠣᠮᠣ ᠳ᠋ᠠᠢᠲ᠋ᠠ᠎ᠪᠠᠷ ᠬᠠᠪᠰᠤᠷᠤᠨ ᠵᠣᠬᠢᠴᠠᠭᠤᠯᠵᠤ᠂ ᠡᠭᠦᠯᠳᠡᠷ ᠰᠣᠩᠭᠤᠬᠤ᠎ᠳᠤ ᠣᠨᠣᠪᠴᠢᠲᠠᠶ ᠪᠣᠯᠤᠯ᠎ᠠ》 ᠬᠡᠵᠦ ᠶᠠᠷᠢᠨ᠎ᠠ᠃
ᠳᠤᠭᠤᠷᠢᠨ ᠰᠤᠷᠤᠯᠴᠠᠬᠤ ᠠᠵᠢᠯᠯᠠᠭ᠎ᠠ᠎ᠶ᠋ᠢᠨ ᠳᠤᠮᠳᠠ᠂ ᠲᠢᠶᠠᠨᠵᠢᠨ᠎ᠤ ᠤᠣ ᠴᠢᠶᠦ᠋ᠨ ᠮᠠᠯ ᠠᠵᠤ ᠠᠬᠤᠶ᠎ᠶ᠋ᠢᠨ ᠺᠤᠮᠫᠠᠨᠢ ᠵᠢᠨ ᠲᠤᠭ᠎ᠠ ᠪᠠᠷᠢᠮᠲᠠ᠎ᠶ᠋ᠢ ᠵᠠᠳᠠᠯᠤᠨ ᠰᠣᠩᠭᠤᠨ ᠪᠤᠢᠵᠢᠭᠤᠯᠬᠤ ᠪᠤᠯᠤᠨ ᠱᠠᠨᠳᠦ᠋ᠩ᠎ᠤᠨ ᠯᠢ᠎ᠶ᠋ᠢᠨ ᠲᠠᠨ ᠶᠠᠩ ᠲᠡᠵᠢᠭᠡᠪᠦᠷᠢ ᠵᠢᠨ ᠬᠦᠷᠢᠶᠡᠯᠡᠩ ᠲᠣᠭᠤᠷᠢᠭ᠎ᠤᠨ《ᠨᠢᠭᠡ ᠬᠥᠮᠦᠨ ᠮᠢᠩᠭᠠᠨ ᠬᠤᠨᠢ᠎ᠶ᠋ᠢ ᠠᠷᠠᠴᠢᠯᠠᠬᠤ》 ᠵᠠᠭ᠍ᠪᠤᠷ᠎ᠨᠢ ᠲᠡᠵᠢᠭᠡᠪᠦᠷᠢ ᠵᠢᠨ ᠡᠷᠦᠬᠡ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠦᠴᠦᠨ᠎ᠢ ᠱᠢᠭᠤᠳ ᠮᠡᠳᠡᠷᠡᠭᠦᠯᠪᠡ᠃
ᠣᠳᠣᠬᠠᠨ᠎ᠳᠤ᠂ ᠤᠯᠠᠭᠠᠨᠬᠠᠳᠠ ᠬᠤᠲᠠ᠎ᠶ᠋ᠢᠨ 《ᠳᠤᠭᠠᠴᠢᠯᠠᠯᠳᠠ ᠤᠶᠤᠨᠴᠢᠯᠠᠯᠳᠠ ᠵᠢᠨ ᠮᠠᠯᠵᠢᠯ ᠤ᠋ᠨ ᠵᠠᠮ》 ᠲᠣᠮᠣ ᠳ᠋ᠠᠢᠲ᠋ᠠ᠎ᠶ᠋ᠢᠨ ᠲᠠᠪᠴᠠᠩ᠎ᠳᠤ ᠨᠢᠭᠡᠨᠲᠡ 234.6 ᠲᠦᠮᠡᠨ ᠮᠢᠬᠠᠨ᠎ᠤ ᠦᠬᠡᠷ᠎ᠤᠨ ᠮᠡᠳᠡᠭᠡ ᠵᠠᠩᠭᠢ᠎ᠶ᠋ᠢ ᠣᠷᠣᠭᠤᠯᠵᠤ᠂ 11.4 ᠲᠦᠮᠡᠨ ᠲᠡᠵᠢᠭᠡᠪᠦᠷᠢ ᠵᠢᠨ ᠲᠠᠯᠠᠪᠠᠶ ᠡᠷᠦᠬᠡ᠎ᠶ᠋ᠢ ᠬᠠᠮᠤᠷᠤᠭᠰᠠᠨ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ ᠤᠯᠠᠭᠠᠨᠬᠠᠳᠠ ᠬᠤᠲᠠ᠎ᠶ᠋ᠢᠨ 《ᠮᠠᠯ᠎ᠤᠨ ᠡᠭᠦᠯᠳᠡᠷ ᠰᠤᠡᠭᠭᠤᠬᠤ》 ᠰᠠᠭᠤᠷᠢᠨ᠎ᠢ ᠲᠣᠰ ᠲᠠᠪᠴᠠᠩ᠎ᠳᠤ ᠣᠷᠣᠭᠤᠯᠵᠤ᠂ ᠡᠬᠦᠯᠳᠡᠷ ᠤ᠋ᠨ ᠮᠠᠯ᠎ᠤᠨ ᠴᠢᠳᠠᠮᠵᠢ᠎ᠶ᠋ᠢ ᠣᠶᠤᠨᠴᠢ᠎ᠪᠠᠷ ᠵᠣᠬᠢᠴᠠᠭᠤᠯᠬᠤ᠂ ᠦᠷ᠎ᠡ ᠠᠱᠢᠭ᠎ᠢ ᠵᠠᠳᠠᠯᠤᠨ ᠲᠥᠰᠦᠭᠡᠯᠡᠬᠦ᠂ ᠰᠦᠯᠵᠢᠶᠡᠨ ᠳᠡᠭᠡᠷ᠎ᠡ ᠮᠡᠷᠭᠡᠵᠢᠯ᠎ᠤᠨ ᠵᠥᠪᠯᠡᠯᠭᠡ ᠥᠭ᠌ᠬᠦ ᠵᠡᠷᠭᠡ ᠬᠡᠰᠡᠭ᠎ᠢ ᠱᠢᠨ᠎ᠡ᠎ᠪᠠᠷ ᠨᠡᠮᠡᠵᠦ᠍᠂ 《ᠮᠠᠯ ᠤᠨ ᠡᠭᠦᠯᠳᠡᠷ ᠰᠤᠡᠭᠭᠤᠬᠤ》 ᠵᠢ 《ᠳᠤᠭᠠᠴᠢᠯᠠᠯᠳᠠ ᠤᠶᠤᠨᠴᠢᠯᠠᠯᠳᠠ ᠪᠠᠷ ᠡᠬᠦᠯᠳᠡᠷ ᠰᠣᠩᠭᠤᠬᠤ》 ᠪᠤᠯᠭᠠᠨ ᠳᠡᠰ ᠳᠡᠪᠱᠢᠭᠦᠯᠬᠦ᠌ ᠶ᠋ᠢ ᠠᠬᠢᠭᠤᠯᠵᠠᠢ᠃
ᠵᠠᠰᠠᠭ ᠠᠵᠤ ᠠᠬᠤᠢᠯᠠᠯ ᠬᠠᠮᠵᠢᠯᠴᠠᠨ᠂ ᠬᠥᠭ᠌ᠵᠢᠯᠲᠡ᠎ᠶ᠋ᠢᠨ ᠬᠠᠮᠲᠤ ᠵᠢᠨ ᠬᠦᠴᠦᠨ᠎ᠢ ᠨᠢᠭ᠍ᠲᠠᠷᠠᠭᠤᠯᠪᠠ᠃ ᠯᠢᠨᠰᠢ ᠱᠢᠶᠠᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠲᠣᠪᠴᠢᠶ᠎ᠠ ᠲᠣᠭᠤᠷᠢᠨ ᠦᠵᠡᠬᠦ᠌ ᠳᠤᠮᠳᠠ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠮᠢᠬᠠᠨ᠎ᠤ ᠬᠤᠨᠢᠨ᠎ᠤ ᠡᠭᠦᠯᠳᠡᠷ ᠰᠠᠢᠵᠢᠷᠠᠭᠤᠯᠬᠤ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ ᠪᠥᠬᠦ᠌ ᠱᠢᠶᠠᠨ᠎ᠤ ᠡᠭᠦᠯᠳᠡᠷ ᠰᠠᠢᠵᠢᠷᠠᠭᠤᠯᠬᠤ᠎ᠶ᠋ᠢ ᠠᠬᠢᠭᠤᠯᠬᠤ᠎ᠪᠠᠷ ᠲᠥᠯᠥᠪᠯᠡᠵᠦ᠍ ᠪᠣᠶ;ᠤᠯᠠᠭᠠᠨᠬᠠᠳᠠ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠢ᠎ᠪᠠ ᠬᠦᠳᠡᠭᠡ ᠲᠤᠰᠬᠤᠨ ᠲᠠᠷᠢᠶᠠᠯᠠᠬᠤ ᠤᠷᠤᠨ ᠤ᠋ ᠲᠣᠪᠴᠢᠶ᠎ᠠ ᠮᠡᠷᠭᠡᠵᠢᠯ᠎ᠤᠨ ᠬᠦᠴᠦᠨ᠎ᠢ ᠨᠡᠢᠯᠡᠭᠦᠯᠵᠦ᠍᠂ ᠮᠢᠬᠠᠨ ᠤ ᠦᠬᠡᠷ᠂ ᠮᠢᠬᠠᠨ᠎ᠤ ᠬᠤᠨᠢᠨ᠎ᠤ ᠲᠤᠰᠭᠠᠶ ᠠᠩᠭᠢ ᠪᠠᠢᠭᠤᠯᠵᠤ᠂ 《ᠬᠠᠨᠳᠤᠯᠭᠠᠲᠤ ᠮᠠᠶᠢᠭ》 ᠤ᠋ᠨ ᠪᠣᠯᠪᠠᠰᠤᠷᠠᠯ ᠥᠷᠨᠢᠭᠦᠯᠵᠦ᠍᠂ ᠮᠡᠷᠭᠡᠵᠢᠯ᠎ᠤᠨ ᠦᠢᠯᠡᠴᠢᠯᠡᠭᠡ᠎ᠶ᠋ᠢ ᠨᠡᠢᠳᠡᠮ ᠪᠦᠷᠬᠦᠭᠦᠯᠬᠦ᠌᠎ᠶ᠋ᠢ ᠠᠬᠢᠭᠤᠯᠪᠠ᠃
《2026 ᠣᠨ᠎ᠳᠤ᠂ ᠪᠢᠳᠡ ᠦᠷᠭᠦᠯᠵᠢᠯᠡᠨ 〈ᠮᠠᠯ᠎ᠤᠨ ᠡᠭᠦᠯᠳᠡᠷ᠎ᠢ ᠰᠣᠩᠭᠤᠨ᠂ ᠶᠠᠰᠤ ᠴᠢᠨᠠᠷ᠎ᠢ ᠳᠡᠭᠡᠭ᠌ᠰᠢᠯᠡᠭᠦᠯᠵᠦ᠂ ᠦᠷ᠎ᠡ ᠠᠱᠢᠭ ᠢ ᠨᠡᠮᠡᠭ᠌ᠳᠡᠭᠦᠯᠬᠦ᠌〉ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠨᠡᠢᠲᠡᠯᠢᠭ ᠰᠠᠭᠤᠷᠢᠨ ᠢ 60 ᠡᠷᠦᠬᠡ᠎ᠠᠴᠠ ᠳᠡᠭᠡᠭ᠌ᠰᠢ ᠪᠠᠢᠭᠤᠯᠵᠤ᠂ 50 ᠤᠳᠠᠭ᠎ᠠ᠎ᠠᠴᠠ ᠳᠡᠭᠡᠭ᠌ᠰᠢ ᠵᠣᠬᠢᠶᠠᠨ ᠪᠠᠢᠭᠤᠯᠤᠨ ᠲᠣᠭᠤᠷᠢᠨ ᠦᠵᠡᠨ᠎ᠡ᠃ 2030 ᠣᠨ ᠪᠣᠯᠬᠤ᠎ᠳᠤ ᠭᠤᠣᠯ ᠡᠭᠦᠯᠳᠡᠷ ᠪᠤᠢᠵᠢᠭᠤᠯᠬᠤ ᠲᠠᠯᠠᠪᠠᠢ᠎ᠶ᠋ᠢᠨ ᠰᠠᠢᠨ ᠡᠭᠦᠯᠳᠡᠷ᠎ᠤᠨ ᠬᠠᠩᠭᠠᠯᠭ᠎ᠠ᠎ᠵᠢ ᠬᠤᠲᠠ᠎ᠶ᠋ᠢᠨ ᠳᠣᠲᠣᠷᠠᠬᠢ ᠬᠡᠷᠡᠭ᠌ᠴᠡᠭᠡ᠎ᠶ᠋ᠢ ᠬᠠᠩᠭᠠᠵᠦ ᠳᠡᠢᠯᠬᠦ ᠪᠤᠯᠭᠠᠨ᠂ ᠮᠢᠬᠠᠨ᠎ᠤ ᠦᠭᠡᠷ ᠦᠬᠡᠷ ᠮᠢᠬᠠᠨ᠎ᠤ ᠬᠤᠨᠢ᠎ᠶ᠋ᠢᠨ ᠰᠠᠢᠨ ᠡᠭᠦᠯᠳᠡᠷ᠎ᠤᠨ ᠥᠭᠡᠷᠡᠴᠢᠯᠡᠯᠲᠡ ᠵᠢᠨ ᠨᠤᠷᠮ᠎ᠠ᠎ᠶ᠋ᠢ 97%᠎ᠠᠴᠠ ᠳᠡᠭᠡᠭ᠌ᠰᠢ᠎ᠳᠤ ᠬᠦᠷᠭᠡᠵᠦ᠍᠂ ᠲᠡᠵᠢᠭᠡᠪᠦᠷᠢ ᠵᠢᠨ ᠦᠷ᠎ᠡ ᠠᠱᠢᠭ᠎ᠢ 10%᠎ᠠᠴᠠ ᠳᠡᠭᠡᠭ᠌ᠰᠢ ᠨᠡᠮᠡᠭ᠌ᠳᠡᠭᠦᠯᠦᠨ᠎ᠡ》 ᠬᠡᠵᠤ ᠤᠯᠠᠭᠠᠨᠬᠠᠳᠠ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠢ᠎ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶᠠᠨ᠎ᠤ ᠳᠡᠳ᠋ ᠳᠠᠷᠤᠭ᠎ᠠ ᠸᠠᠩ ᠵᠢᠨ ᠬᠤᠸᠠᠨ ᠲᠦᠯᠦᠪᠯᠡᠬᠡ ᠪᠠᠨ ᠲᠠᠨᠢᠯᠴᠠᠭᠤᠯᠵᠠᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ ᠵᠢᠨ ᠬᠠᠷᠠᠯᠳᠠ ᠵᠢ ᠲᠣᠭ᠍ᠲᠠᠭᠠᠵᠤ᠂ ᠤᠯᠠᠭᠠᠨᠬᠠᠳᠠ ᠬᠤᠳᠠ 《ᠱᠢᠯᠢᠳᠡᠭ ᠡᠬᠦᠯᠳᠡᠷ ᠤ᠋ᠨ ᠦᠬᠡᠷ᠎ᠤᠨ ᠢᠨᠵᠧᠨᠧᠷᠢᠩ》᠂ 《ᠰᠢᠯᠢᠳᠡᠭ ᠡᠬᠦᠯᠳᠡᠷ ᠤ᠋ᠨ ᠬᠤᠨᠢ ᠵᠢᠨ ᠢᠨᠵᠧᠨᠧᠷᠢᠩ》 ᠵᠡᠷᠭᠡ ᠴᠢᠬᠤᠯᠠ ᠶᠡᠭᠡ ᠲᠥᠷᠥᠯ ᠵᠦᠢᠯ᠎ᠢ ᠬᠡᠷᠡᠭ᠌ᠵᠢᠭᠦᠯᠵᠦ᠍᠂ 《ᠰᠠᠢᠨ ᠡᠭᠦᠯᠳᠡᠷ᠎ᠢ ᠦᠷᠡᠵᠢᠭᠦᠯᠦᠨ ᠪᠤᠢᠵᠢᠭᠤᠯᠬᠤ — ᠣᠶᠤᠨᠴᠢ ᠪᠡᠷ ᠲᠡᠵᠢᠭᠡᠨ ᠦᠷᠡᠵᠢᠭᠦᠯᠬᠦ᠌ — ᠨᠠᠷᠢᠯᠢᠭ ᠭᠦᠨᠵᠡᠭᠡᠶ ᠡᠳ᠋ᠱᠢᠭᠦᠯᠬᠦ᠌ — ᠲᠦᠷᠦᠯ ᠲᠡᠮᠳᠡᠭ᠌ ᠢ ᠡᠵᠡᠩᠨᠡᠨ ᠪᠣᠷᠣᠯᠠᠭᠤᠯᠬᠤ》 ᠪᠦᠬᠦ᠌ ᠠᠵᠤ ᠦᠢᠯᠡᠰ᠎ᠤᠨ ᠬᠡᠯᠬᠢᠶ᠎ᠡ ᠶ᠋ᠢ ᠲᠦᠷᠭᠡᠳᠭᠡᠨ ᠪᠠᠢᠭᠤᠯᠵᠤ᠂ 《ᠮᠠᠯ ᠢ ᠦᠵᠡᠵᠦ ᠡᠭᠦᠯᠳᠡᠷ ᠰᠤᠩᠭᠤᠨ᠂ ᠶᠠᠰᠤ ᠴᠢᠨᠠᠷ᠎ᠢ ᠳᠡᠭᠡᠭ᠌ᠰᠢᠯᠡᠭᠦᠯᠵᠦ᠂ ᠦᠷ᠎ᠡ ᠠᠱᠢᠭ ᠢ ᠨᠡᠮᠡᠭ᠌ᠳᠡᠭᠦᠯᠬᠦ᠌》 ᠦᠷ᠎ᠡ ᠪᠦᠲᠦᠭᠡᠯ ᠢ ᠮᠠᠯ ᠠᠵᠤ ᠠᠬᠤᠶ᠎ᠪᠠᠷ ᠠᠷᠠᠳ᠎ᠢᠶᠠᠨ ᠪᠠᠶᠠᠵᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠯᠠᠪᠳᠠᠭᠤᠨ ᠤᠷᠤᠭ᠍ᠰᠢᠯᠠᠨ᠎ᠠ᠃