ᠪᠦᠦ ᠭᠠᠩ ᠪᠠᠶᠠᠨᠨᠠᠭᠤᠷ ᠬᠤᠳᠠ᠎ᠳᠤ ᠪᠠᠢᠴᠠᠭᠠᠨ ᠰᠤᠳᠤᠯᠤᠯᠲᠠ ᠬᠢᠪᠡ
2026-03-16 09:45:53
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

3 ᠰᠠᠷ᠎ᠠ ᠎ᠶ᠋ᠢᠨ 14 ᠡᠴᠡ 15 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ ᠪᠠᠶᠠᠨᠨᠠᠭᠤᠷ ᠬᠤᠳᠠ᠎ᠳᠤ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠂ ᠬᠠᠳᠤᠨ ᠭᠣᠣᠯ᠎ᠤᠨ ᠰᠦᠩ ᠢ᠋ ᠰᠡᠷᠭᠡᠢᠯᠡᠵᠦ᠍ ᠭᠣᠣᠯ᠎ᠭᠡᠰᠬᠦ᠌᠂ ᠤᠯᠠᠭᠠᠨᠰᠤᠬᠠᠢ ᠵᠢᠨ ᠠᠮᠢ ᠠᠬᠤᠢ᠎ᠶ᠋ᠢᠨ ᠵᠠᠰᠠᠯᠲᠠ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠬᠠᠯᠬᠠᠪᠴᠢ ᠤᠢ᠎ᠶ᠋ᠢᠨ ᠪᠦᠳᠦᠭᠡᠨ ᠪᠠᠢᠭᠤᠯᠤᠯᠲᠠ᠂ ᠲᠠᠷᠢᠶᠠᠯᠠᠩ᠎ᠤᠨ ᠲᠡᠭᠡᠲᠤ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠤᠨ ᠪᠦᠳᠦᠭᠡᠨ ᠪᠠᠢᠭᠤᠯᠤᠯᠲᠠ ᠵᠡᠷᠭᠡ ᠠᠵᠢᠯ᠎ᠢ ᠪᠠᠢᠴᠠᠭᠠᠨ ᠰᠤᠳᠤᠯᠪᠠ᠃

ᠪᠠᠶᠠᠨᠨᠠᠭᠤᠷ᠎ᠤᠨ ᠬᠠᠪᠤᠷ᠎ᠤᠨ ᠲᠠᠷᠢᠶᠠᠯᠠᠭ᠎ᠠ ᠨᠢᠭᠡᠨᠲᠡ ᠡᠬᠢᠯᠡᠵᠦ᠍᠂ ᠪᠦᠦ ᠭᠠᠩ ᠯᠢᠨ ᠾᠧ ᠲᠠᠷᠢᠶᠠᠯᠠᠩ ᠎ᠤᠨ ᠲᠠᠯᠠᠪᠠᠢ᠎ᠶ᠋ᠢᠨ ᠲᠠᠷᠢᠶᠠᠨ ᠭᠠᠵᠠᠷ ᠲᠤ᠌ ᠬᠦᠷᠴᠦ᠍᠂ ᠦᠷ᠎ᠡ᠂ ᠪᠤᠷᠳᠤᠭᠤᠷ ᠵᠡᠷᠭᠡ ᠲᠠᠷᠢᠶᠠᠯᠠᠩ ᠎ᠤᠨ ᠬᠡᠷᠡᠭ᠌ᠰᠡᠯ ᠎ᠦᠨ ᠪᠡᠯᠡᠳᠭᠡᠯ ᠠᠵᠢᠯ ᠎ᠢ ᠨᠠᠷᠢᠨ ᠣᠢᠯᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠎ᠤᠨ ᠪᠦᠳᠦᠭᠡᠨ ᠪᠠᠢᠭᠤᠯᠤᠯᠲᠠ᠎ᠶ᠋ᠢᠨ ᠠᠬᠢᠴᠠ ᠪᠣᠯᠤᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠪᠠᠢᠳᠠᠯ᠎ᠢ ᠯᠠᠪᠯᠠᠨ ᠠᠰᠠᠭᠤᠪᠠ᠃ ᠬᠠᠲᠤᠨ ᠭᠤᠤᠯ᠎ᠤᠨ ᠥᠪᠥᠷ ᠮᠣᠩᠭᠣᠯ ᠎ᠳᠠᠬᠢ ᠬᠡᠰᠡᠭ ᠶᠠᠭ ᠭᠡᠰᠴᠦ᠍ ᠪᠣᠶ᠂ ᠲᠡᠷᠡ ᠮᠠ ᠴᠠᠩ ᠳ᠋ᠢ᠎ᠶ᠋ᠢᠨ 68 ᠳᠤᠭᠤᠢᠯᠠᠩ᠎ᠤᠨ ᠪᠠᠷᠲᠠᠭᠠᠲᠤ ᠪᠠᠷᠢᠯᠭ᠎ᠠ ᠵᠢᠨ ᠬᠡᠰᠡᠭ᠎ᠲᠦ᠂ ᠲᠤᠬᠠᠶ᠎ᠶ᠋ᠢᠨ ᠲᠠᠯᠠᠪᠠᠶ᠎ᠳᠤ ᠤᠷᠤᠰᠭᠠᠯ᠎ᠤᠨ ᠬᠤᠪᠢᠷᠠᠯᠲᠠ᠎ᠶ᠋ᠢ ᠦᠵᠡᠵᠦ᠍᠂ ᠡᠷᠭᠢ᠎ᠲᠠᠭᠠᠤ ᠶ᠋ᠢᠨ ᠮᠥᠰᠥ᠍ ᠬᠠᠢᠯᠤᠬᠰᠠᠨ ᠬᠡᠮᠵᠢᠶ᠎ᠡ᠎ᠶ᠋ᠢ ᠪᠠᠢᠴᠠᠭᠠᠪᠠ᠃ ᠤᠯᠠᠭᠠᠨᠰᠤᠬᠠᠢ ᠵᠢᠨ ᠤᠯᠠᠯᠵᠢ ᠤᠰᠤ ᠵᠠᠯᠠᠬᠤ ᠬᠠᠭᠠᠯᠲᠠ᠎ᠳᠤ᠂ ᠪᠦᠦ ᠭᠠᠩ ᠤᠯᠠᠭᠠᠨᠰᠤᠬᠠᠢ ᠵᠢᠨ ᠤᠰᠤᠨ᠎ᠤ ᠬᠡᠮᠵᠢᠶ᠎ᠡ᠂ COD ᠵᠢᠨ ᠥᠳᠭᠡᠴᠡ᠂ ᠠᠽᠣᠲ ᠹᠣᠰᠹᠣᠷ᠎ᠤᠨ ᠥᠳᠭᠡᠴᠡ᠂ ᠤᠰᠤᠨ᠎ᠤ ᠠᠮᠢᠳᠤ ᠪᠣᠳᠠᠰ᠎ᠤᠨ ᠲᠦᠷᠦᠯ ᠵᠦᠢᠯ ᠵᠡᠷᠭᠡ ᠭᠦᠢᠴᠡᠳᠭᠡᠯ ᠲᠣᠭ᠎ᠠ᠎ᠶ᠋ᠢ ᠨᠠᠷᠢᠨ ᠣᠢᠯᠠᠭᠠᠵᠤ᠂ ᠤᠯᠠᠨ ᠡᠬᠢᠳᠤ ᠪᠣᠬᠢᠷᠲᠤᠯ ᠎ᠢ ᠰᠡᠷᠭᠡᠢᠯᠡᠨ ᠵᠠᠰᠠᠬᠤ᠂ ᠤᠰᠤᠯᠠᠯᠲᠠ᠎ᠶ᠋ᠢᠨ ᠣᠷᠣᠨ ᠎ᠤ ᠤᠰᠤ ᠠᠷᠪᠢᠯᠠᠬᠤ ᠵᠡᠷᠭᠡ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠤᠯᠠᠭᠠᠨᠪᠤᠬ᠎ᠠ ᠵᠢᠨ ᠡᠯᠡᠰᠦ᠎ᠶ᠋ᠢ ᠶᠡᠷᠦᠩᠬᠡᠢᠯᠡᠨ ᠵᠠᠰᠠᠬᠤ ᠵᠢᠱ᠌ᠢᠢ᠎ᠡ ᠦᠵᠡᠭᠦᠯᠬᠦ᠌ ᠲᠤᠭᠤᠷᠢᠭ ᠲᠤ᠌᠂ ᠪᠦᠦ ᠭᠠᠩ 《ᠤᠮᠠᠷᠠᠲᠤ᠎ᠶ᠋ᠢᠨ ᠭᠤᠷᠪᠠᠨ ᠣᠷᠣᠨ》 ᠤ᠋ ᠬᠠᠯᠬᠠᠪᠴᠢ ᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠤᠬᠠᠢ᠎ᠶ᠋ᠢᠨ ᠭᠠᠵᠠᠷ᠎ᠲᠤᠨᠢ ᠣᠢᠯᠠᠭᠠᠵᠤ᠂ ᠴᠢᠬᠢ ᠮᠣᠳᠣᠨ ᠎ᠤ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠵᠦ᠍᠂ ᠶᠡᠷᠦᠩᠬᠡᠢ ᠱᠦᠵᠢ ᠰᠢ ᠵᠢᠨ ᠫᠢᠩ ᠎ᠦᠨ ᠪᠡᠶ᠎ᠡ᠎ᠪᠡᠷ᠎ᠢᠶᠡᠨ ᠪᠠᠢᠷᠢᠯᠠᠭᠤᠯᠤᠭ᠍ᠰᠠᠨ ᠬᠠᠳᠤᠨ ᠭᠣᠣᠯ ᠎ᠤᠨ 《ᠶᠡᠬᠡ ᠲᠤᠬᠤᠢ ᠤᠷᠤᠨ》 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠬᠦ᠌ ᠬᠡᠷᠡᠭ᠌ᠲᠡᠢ ᠭᠡᠵᠦ᠍ ᠵᠠᠬᠢᠪᠠ᠃

ᠪᠠᠶᠠᠨᠨᠠᠭᠤᠷ᠎ᠤᠨ ᠲᠠᠷᠢᠶᠠᠯᠠᠩ᠎ᠤᠨ ᠲᠡᠭᠡᠲᠤ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠲᠤᠭᠤᠷᠢᠭ ᠲᠤ᠌᠂ ᠪᠦᠦ ᠭᠠᠩ ᠤᠷᠢᠳ ᠬᠣᠵᠢᠳ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠪᠠᠶᠠᠨᠨᠠᠭᠤᠷ᠎ᠤᠨ ᠰᠤᠳᠤᠯᠭᠠᠨ᠎ᠤ ᠬᠦᠷᠢᠶᠡᠯᠡᠩ᠂ ᠹᠦ᠋ ᠴᠤᠸᠠᠨ ᠲᠡᠵᠢᠭᠡᠨ ᠦᠷᠡᠵᠢᠭᠦᠯᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠺᠣᠮᠫᠠᠨᠢ᠎ᠳᠤ ᠬᠦᠷᠴᠦ᠍᠂ ᠬᠠᠳᠤᠨ ᠭᠣᠣᠯ ᠎ᠤᠨ ᠤᠰᠤ ᠵᠢ ᠲᠠᠲᠠᠬᠤ ᠤᠰᠤᠯᠠᠯᠲᠠ᠎ᠶ᠋ᠢᠨ ᠣᠷᠣᠨ᠎ᠤ ᠤᠰᠤᠨ᠎ᠤ ᠠᠮᠢ ᠠᠬᠤᠢ᠂ ᠮᠢᠬᠠᠨ᠎ᠤ ᠬᠤᠨᠢᠨ ᠎ᠤ ᠰᠠᠢ᠌ᠨ ᠡᠭᠦᠯᠳᠡᠷ ᠎ᠢ ᠦᠷᠡᠵᠢᠭᠦᠯᠦᠨ ᠪᠣᠢᠵᠢᠭᠤᠯᠬᠤ᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠲᠡᠮᠳᠡᠭ᠎ᠢ ᠡᠭᠦᠳᠬᠦ᠌ ᠵᠡᠷᠭᠡ ᠪᠠᠢᠳᠠᠯ᠎ᠢ ᠨᠠᠷᠢᠨ ᠣᠢᠯᠠᠭᠠᠬᠤ᠎ᠶ᠋ᠢᠨ ᠬᠠᠮᠲᠤ ᠮᠠᠯ ᠠᠵᠤ ᠠᠬᠤᠢ ᠲᠠᠷᠢᠶᠠᠯᠠᠩ᠎ᠤᠨ ᠲᠤᠰᠭᠠᠢ ᠮᠡᠷᠭᠡᠵᠢᠯᠲᠡᠨ᠂ ᠠᠵᠤ ᠠᠬᠤᠢᠯᠠᠯ᠎ᠤᠨ ᠬᠠᠷᠢᠭᠤᠴᠠᠯᠭᠠᠲᠠᠨ ᠵᠡᠷᠭᠡ᠎ᠲᠡᠶ ᠶᠠᠷᠢᠯᠴᠠᠵᠤ᠂ ᠲᠠᠷᠢᠶᠠᠯᠠᠩ᠎ᠤᠨ ᠲᠡᠭᠡᠲᠤ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠠᠷᠭ᠎ᠠ ᠵᠠᠮ ᠠᠷᠭ᠎ᠠ ᠬᠡᠮᠵᠢᠢ᠎ᠡ᠎ᠶ᠋ᠢ ᠬᠠᠮᠲᠤ᠎ᠪᠠᠷ ᠵᠥᠪᠳᠡᠯᠴᠡᠪᠡ᠃ ᠲᠡᠷᠡ᠂ ᠪᠠᠶᠠᠨᠨᠠᠭᠤᠷ᠎ᠤᠨ ᠲᠠᠷᠢᠶᠠᠯᠠᠩ᠎ᠤᠨ ᠲᠡᠭᠡᠲᠤ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠨᠢ ᠤᠯᠤᠰ᠎ᠤᠨ ᠲᠠᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠲᠤᠭᠤᠷᠢᠭ ᠪᠣᠯᠤᠭ᠍ᠰᠠᠨ᠎ᠤ ᠬᠤᠪᠢ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠴᠢᠨᠠᠷ ᠰᠠᠢᠲᠠᠶ ᠰᠠᠢᠲᠤᠷ ᠲᠥᠯᠥᠪᠵᠢᠭᠦᠯᠵᠦ᠍᠂ ᠬᠠᠲᠠᠭᠤᠯᠢᠭ ᠪᠣᠭᠣᠳᠠᠶ ᠪᠠ ᠮᠢᠬᠠᠨ᠎ᠤ ᠬᠣᠨᠢ ᠵᠡᠷᠭᠡ ᠭᠤᠤᠯᠯᠠᠬᠤ ᠠᠵᠤ ᠦᠶ᠋ᠯᠡᠰ᠎ᠦᠨ ᠲᠣᠭᠣᠷᠢᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠡᠷᠴᠢᠮ᠎ᠢᠶᠡᠨ ᠴᠢᠩᠭᠠᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠥᠷᠲᠡᠭ᠎ᠦᠨ ᠬᠡᠯᠬᠢᠶ᠎ᠡ᠎ᠶ᠋ᠢ ᠤᠷᠲᠤᠳᠭᠠᠵᠤ᠂ ᠪᠥᠬᠥ᠌ ᠤᠯᠤᠰ ᠴᠢᠨᠠᠭ᠍ᠰᠢᠯᠠᠪᠠᠯ ᠳᠡᠯᠡᠬᠡᠶ ᠳ᠋ᠠᠬᠢᠨ᠎ᠳᠤ ᠬᠠᠨᠳᠤᠬᠰᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠥᠷᠥᠯ ᠲᠡᠮᠳᠡᠭ ᠎ᠢ ᠬᠦᠴᠦᠯᠡᠨ ᠡᠭᠦᠳᠴᠦ᠍᠂ ᠮᠠᠨ᠎ᠤ ᠤᠯᠤᠰ᠎ᠤᠨ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠳᠦ ᠥᠪᠥᠷ ᠮᠣᠩᠭᠣᠯ᠎ᠤᠨ ᠬᠤᠪᠢ ᠨᠡᠮᠡᠷᠢ᠎ᠪᠡᠨ ᠦᠵᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠳᠠᠢᠴᠢᠨ ᠠᠵᠢᠯᠯᠠᠭ᠎ᠠ ᠎ᠳᠦ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号