3 ᠰᠠᠷ᠎ᠠ᠎ᠶᠢᠨ 14 ᠤ᠋ ᠡᠳᠦᠷ᠂ ᠰᠠᠶᠢᠬᠠᠨ ᠪᠦᠬᠦ ᠤᠯᠤᠰ᠎ᠤᠨ ᠬᠣᠶᠠᠷ ᠬᠤᠷᠠᠯ᠎ᠳᠤ ᠣᠷᠣᠯᠴᠠᠭᠠᠳ ᠨᠤᠲᠤᠭ᠎ᠲᠠᠭᠠᠨ ᠪᠤᠴᠠᠭᠰᠠᠨ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ ᠦ ᠭᠡᠰᠢᠭᠦᠨ᠂ ᠮᠠᠨᠵᠤᠤᠷ ᠬᠤᠳᠠ᠎ᠶᠢᠨ ᠤᠯᠤᠰ ᠲᠦᠷᠦ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ ᠳᠦ ᠮᠢᠩ ᠶᠠᠨ ᠮᠠᠨᠵᠤᠤᠷ᠎ᠤᠨ ᠬᠢᠯᠢ᠎ᠪᠡᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ᠎ᠶᠢᠨ ᠪᠠᠢᠴᠠᠭᠠᠬᠤ ᠦᠷᠳᠡᠭᠡ ᠳᠦ ᠬᠦᠷᠴᠦ᠂ 《ᠤᠯᠤᠰ᠎ᠤᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠠᠷᠠᠳ ᠤᠨ ᠲᠦᠯᠦᠭᠡ ᠡᠭᠦᠷᠭᠡ ᠬᠠᠷᠢᠭᠤᠴᠠᠯᠭ᠎ᠠ ᠪᠡᠨ ᠪᠡᠶᠡᠯᠡᠭᠦᠯᠦᠶ᠎ᠡ — 2026 ᠣᠨ ᠤ ᠬᠣᠶᠠᠷ ᠬᠤᠷᠠᠯ ᠤᠨ ᠵᠣᠷᠢᠭ᠋ ᠰᠠᠨᠠᠭ᠎ᠠ ᠶᠢ ᠤᠬᠠᠭᠤᠯᠤᠨ ᠲᠠᠢᠯᠪᠤᠷᠢᠯᠠᠬᠤᠢ》 ᠰᠡᠳᠦᠪ᠎ᠢᠶᠡᠷ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠂ ᠨᠠᠮ᠎ᠤᠨ ᠠᠷᠠᠳ᠎ᠲᠤ ᠠᠰᠢᠭ᠋ ᠬᠦᠷᠲᠡᠭᠡᠵᠦ ᠬᠢᠯᠢ ᠬᠢᠵᠠᠭᠠᠷ ᠢᠶᠠᠨ ᠬᠦᠴᠦᠷᠬᠡᠭᠵᠢᠭᠦᠯᠬᠦ ᠲᠦᠷᠦ᠎ᠶᠢᠨ ᠪᠣᠳᠣᠯᠭ᠎ᠠ᠎ᠶᠢ ᠤᠯᠤᠰ᠎ᠤᠨ ᠡᠭᠦᠳᠡᠨ ᠦ ᠡᠮᠦᠨ᠎ᠡ ᠹᠷᠣᠨᠲ ᠲᠤ ᠳᠠᠮᠵᠢᠭᠤᠯᠪᠠ᠃
ᠬᠣᠶᠠᠷ ᠬᠤᠭᠤᠴᠠᠭ᠎ᠠ ᠦᠷᠭᠦᠯᠵᠢᠯᠡᠨ ᠲᠤᠰᠢᠶᠠᠯ ᠬᠠᠷᠢᠭᠤᠴᠠᠭᠰᠠᠨ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ ᠦ ᠭᠡᠰᠢᠭᠦᠨ ᠪᠣᠯᠤᠭᠰᠠᠨ᠎ᠤ ᠬᠤᠪᠢ᠎ᠳᠤ᠂ ᠳᠦ ᠮᠢᠩ ᠶᠠᠨ ᠶᠢᠰᠦᠳᠦᠭᠡᠷ ᠤᠳᠠᠭ᠎ᠠ ᠬᠤᠷᠠᠯ ᠳᠤ ᠣᠷᠣᠯᠴᠠᠭᠰᠠᠨ ᠥᠩᠭᠡᠷᠡᠯᠲᠡ᠎ᠲᠠᠢ᠎ᠪᠡᠨ ᠤᠶᠠᠯᠳᠤᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠤᠭ ᠰᠠᠨᠠᠭ᠎ᠠ ᠪᠣᠯᠣᠨ ᠬᠤᠷᠠᠯ ᠳ᠋ᠤ ᠣᠷᠣᠯᠴᠠᠭᠰᠠᠨ ᠲᠥᠷᠥᠭᠳᠡᠯ᠎ᠢᠶᠡᠨ ᠬᠤᠪᠢᠶᠠᠯᠴᠠᠯ᠎ᠠ᠃ 《ᠲᠥᠷᠥ ᠶᠢᠨ ᠶᠠᠪᠤᠳᠠᠯ᠎ᠳᠤ ᠣᠷᠣᠯᠴᠠᠵᠤ ᠲᠥᠷᠥ᠎ᠶᠢᠨ ᠶᠠᠪᠤᠳᠠᠯ᠎ᠢ ᠵᠥᠪᠯᠡᠬᠦ᠂ ᠤᠯᠤᠰ᠎ᠤᠨ ᠶᠠᠪᠤᠳᠠᠯ᠎ᠢ ᠬᠠᠮᠲᠤ᠎ᠪᠠᠷ ᠵᠥᠪᠳᠡᠯᠴᠡᠬᠦ ᠨᠢ ᠮᠢᠨᠤ ᠡᠷᠬᠢᠮ ᠳᠡᠭᠡᠳᠦ ᠢᠷᠠᠭᠤ ᠠᠯᠳᠠᠷ ᠪᠥᠭᠡᠳ ᠨᠡᠩ ᠴᠤ᠌ ᠠᠷᠠᠳ ᠲᠦᠮᠡᠨ᠎ᠡᠴᠡ ᠣᠯᠭᠣᠭᠰᠠᠨ ᠬᠠᠷᠢᠭᠤᠴᠠᠯᠭ᠎ᠠ ᠮᠥᠨ》᠃ ᠲᠡᠷᠡ᠂ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠨᠤᠲᠤᠭ᠎ᠲᠠᠭᠠᠨ ᠠᠪᠴᠢᠷᠠᠨ᠂ ᠦᠨᠳᠦᠰᠦᠨ ᠱᠠᠲᠤᠨ ᠳᠤ ᠤᠯᠠᠮᠵᠢᠯᠠᠬᠤ ᠪᠣᠯ ᠥᠪᠡᠷ᠎ᠦᠨ ᠡᠷᠬᠡᠪᠰᠢ ᠪᠡᠶᠡᠯᠡᠭᠦᠯᠬᠦ ᠶᠤᠰᠤᠳᠠᠢ 《ᠭᠡᠰᠢᠭᠦᠨ᠎ᠦ ᠳᠠᠰᠬᠠᠯ》 ᠮᠥᠨ ᠭᠡᠵᠦ ᠰᠡᠳᠬᠢᠯᠭᠡᠭᠦᠨ ᠶᠠᠷᠢᠪᠠ᠃
ᠤᠬᠠᠭᠤᠯᠤᠨ ᠲᠠᠢᠯᠪᠤᠷᠢᠯᠠᠬᠤ ᠶᠠᠪᠤᠴᠠ᠎ᠳᠤ᠂ ᠳᠦ ᠮᠢᠩ ᠶᠠᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠢᠨᠵᠢ ᠴᠢᠨᠠᠷ ᠪᠠᠢᠷᠢ ᠲᠣᠭᠲᠠᠭᠠᠯᠲᠠ᠂ ᠪᠦᠬᠦ ᠤᠯᠤᠰ᠎ᠤᠨ ᠬᠣᠶᠠᠷ ᠬᠤᠷᠠᠯ᠎ᠤᠨ ᠭᠣᠣᠯ ᠵᠣᠷᠢᠭ᠋ ᠰᠠᠨᠠᠭ᠎ᠠ᠂ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠬᠦ ᠦᠢᠯᠡᠳᠦᠯᠭᠡ ᠵᠡᠷᠭᠡ ᠲᠠᠯ᠎ᠠ᠎ᠪᠠᠷ ᠰᠢᠰᠲ᠋ᠸᠮ ᠲᠠᠢ ᠲᠠᠢᠯᠤᠮᠵᠢ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠬᠢᠯᠢ ᠬᠢᠵᠠᠭᠠᠷ ᠤᠨ ᠵᠠᠰᠠᠯᠲᠠ ᠵᠡᠷᠭᠡ ᠴᠢᠬᠤᠯᠠ ᠶᠡᠬᠡ ᠪᠠᠢᠷᠢᠯᠠᠭᠤᠯᠤᠯᠲᠠ᠎ᠶᠢ ᠭᠦᠨᠵᠡᠭᠡᠢ ᠲᠠᠢᠯᠪᠤᠷᠢᠯᠠᠬᠤ᠎ᠶᠢᠨ ᠬᠠᠮᠲᠤ ᠮᠠᠨᠵᠤᠤᠷ ᠤᠨ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ᠎ᠶᠢ ᠪᠠᠶ᠋ᠢᠭᠤᠯᠬᠤ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠬᠢᠯᠢ᠎ᠶᠢᠨ ᠪᠠᠢᠴᠠᠭᠠᠯᠲᠠ᠎ᠶᠢᠨ ᠠᠵᠢᠯ᠎ᠤᠨ ᠬᠦᠴᠦᠯᠡᠬᠦ ᠴᠢᠭᠯᠡᠯ᠎ᠢ ᠲᠣᠳᠣᠷᠬᠠᠢᠯᠠᠪᠠ᠃
ᠬᠤᠷᠠᠯ᠎ᠤᠨ ᠲᠠᠯᠠᠪᠠᠢ᠎ᠳᠤ᠂ ᠠᠷᠠᠳ ᠤᠨ ᠴᠠᠭᠳᠠᠭ᠎ᠠ ᠨᠠᠷ ᠨᠠᠷᠢᠨ ᠬᠢᠨᠠᠮᠠᠭᠠᠢ ᠰᠣᠨᠣᠰᠴᠤ᠂ ᠰᠤᠷᠤᠯᠴᠠᠯᠭ᠎ᠠ᠎ᠶᠢᠨ ᠠᠭᠤᠷ ᠠᠮᠢᠰᠬᠤᠯ ᠭᠦᠨ ᠵᠤᠵᠠᠭᠠᠨ ᠪᠠᠢᠯ᠎ᠠ᠃《ᠤᠬᠠᠭᠤᠯᠤᠨ ᠲᠠᠢᠯᠪᠤᠷᠢᠯᠠᠯᠲᠠ ᠨᠢ ᠪᠢᠳᠡᠨ᠎ᠳᠦ ᠬᠣᠶᠠᠷ ᠬᠤᠷᠠᠯ ᠤᠨ ᠵᠣᠷᠢᠭ᠋ ᠰᠠᠨᠠᠭᠠᠨ᠎ᠤ ᠲᠤᠬᠠᠢ ᠨᠡᠩ ᠭᠦᠨᠵᠡᠭᠡᠢ ᠣᠢᠯᠠᠭᠠᠯᠲᠠ ᠲᠠᠢ ᠪᠣᠯᠭᠠᠭᠰᠠᠨ ᠪᠥᠭᠡᠳ ᠡᠭᠦᠷᠭᠡ ᠬᠠᠷᠢᠭᠤᠴᠠᠯᠭ᠎ᠠ ᠵᠢ ᠨᠡᠩ ᠲᠣᠳᠣᠷᠬᠠᠢ ᠪᠣᠯᠭᠠᠵᠠᠢ》᠃ ᠵᠢᠵᠢᠭᠦᠷᠯᠡᠬᠦ ᠨᠢᠭᠡᠳᠦᠭᠡᠷ ᠠᠩᠭᠢ᠎ᠶᠢᠨ ᠳᠡᠳ᠋ ᠳᠠᠷᠤᠭ᠎ᠠ ᠼᠤᠤ ᠬᠤᠢ ᠮᠢᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠰᠤᠷᠤᠯᠴᠠᠭᠰᠠᠨ ᠦᠷ᠎ᠡ ᠪᠦᠲᠦᠭᠡᠯ᠎ᠢᠶᠡᠨ ᠬᠢᠯᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠂ ᠪᠣᠭᠣᠮᠲᠠ ᠥᠩᠭᠡᠷᠡᠬᠦ ᠦᠢᠯᠡᠴᠢᠯᠡᠭᠡ᠎ᠶᠢ ᠰᠢᠯᠢᠳᠡᠭᠵᠢᠭᠦᠯᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠨᠡᠨᠴᠢ ᠰᠢᠳᠤᠷᠭᠤ ᠬᠠᠷᠢᠭᠤᠴᠠᠯᠭ᠎ᠠ ᠡᠬᠦᠷᠭᠡᠯᠡᠯ ᠵᠢᠡᠷ ᠤᠯᠤᠰ᠎ᠤᠨ ᠡᠭᠦᠳᠡᠨ᠎ᠦ ᠠᠮᠤᠷ ᠲᠦᠪᠰᠢᠨ ᠢ ᠰᠠᠬᠢᠨ ᠬᠠᠮᠠᠭᠠᠯᠠᠨ᠎ᠠ ᠭᠡᠵᠦ ᠢᠯᠡᠳᠬᠡᠪᠡ᠃
ᠵᠢᠵᠢᠭᠦᠷᠯᠡᠬᠦ ᠵᠢᠷᠭᠤᠳᠤᠭᠠᠷ ᠠᠩᠭᠢ᠎ᠶᠢᠨ ᠳᠡᠳ᠋ ᠳᠠᠷᠤᠭ᠎ᠠ ᠸᠠᠩ ᠸᠧᠢ᠂ ᠤᠷᠤᠰ ᠯᠤᠭ᠎ᠠ ᠵᠢᠨ ᠬᠠᠮᠤᠭ᠎ᠤᠨ ᠲᠣᠮᠣ᠌ ᠬᠠᠭᠤᠷᠠᠢ ᠵᠠᠮ ᠤᠨ ᠬᠢᠯᠢ ᠵᠢᠨ ᠪᠣᠭᠣᠮᠲᠠ᠎ᠶᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ ᠪᠣᠯᠤᠭᠰᠠᠨ ᠤ ᠬᠤᠪᠢ᠎ᠳᠤ᠂ ᠬᠥᠭᠵᠢᠯᠲᠡ ᠪᠣᠯᠣᠨ ᠠᠮᠤᠷ ᠲᠦᠪᠰᠢᠨ᠎ᠦ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠣᠭᠣᠮᠲᠠ ᠥᠩᠭᠡᠷᠡᠬᠦ ᠠᠵᠢᠯ᠎ᠤᠨ ᠶᠠᠪᠤᠴᠠ ᠵᠢ ᠦᠷᠭᠦᠯᠵᠢᠯᠡᠨ ᠰᠢᠯᠢᠳᠡᠭᠵᠢᠭᠦᠯᠵᠦ᠂ ᠪᠠᠢᠴᠠᠭᠠᠨ ᠰᠢᠯᠭᠠᠬᠤ ᠴᠢᠳᠠᠪᠬᠢ᠎ᠶᠢ ᠳᠡᠭᠡᠭᠰᠢᠯᠡᠭᠦᠯᠵᠦ᠂ ᠨᠠᠮ ᠪᠣᠯᠣᠨ ᠠᠷᠠᠳ ᠲᠦᠮᠡᠨ ᠢ ᠰᠡᠳᠬᠢᠯ ᠠᠮᠤᠷ ᠪᠠᠢᠯᠭᠠᠬᠤ ᠤᠯᠤᠰ᠎ᠤᠨ ᠡᠭᠦᠳᠡᠨ᠎ᠦ ᠬᠠᠮᠠᠭᠠᠯᠠᠭ᠍ᠴᠢ ᠪᠣᠯᠣᠨ᠎ᠠ ᠭᠡᠵᠦ ᠢᠯᠡᠳᠬᠡᠪᠡ᠃
ᠳᠦ ᠮᠢᠩ ᠶᠠᠨ᠂ ᠨᠠᠮ ᠤᠨ ᠲᠠᠭᠤᠨ ᠢ ᠲᠡᠷᠡ ᠳᠠᠷᠤᠢ ᠳ᠋ᠤᠨᠢ ᠤᠯᠤᠰ᠎ᠤᠨ ᠡᠭᠦᠳᠡᠨ᠎ᠦ ᠬᠠᠮᠠᠭᠠᠯᠠᠭ᠍ᠴᠢ᠎ᠳᠤ ᠳᠠᠮᠵᠢᠭᠤᠯᠵᠤ ᠪᠠᠢᠭ᠎ᠠ ᠨᠢ ᠳᠠᠷᠤᠢ ᠬᠢᠯᠢ ᠬᠢᠵᠠᠭᠠᠷ ᠢ ᠪᠦᠲᠦᠭᠡᠨ ᠪᠠᠶ᠋ᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ ᠢ ᠨᠢᠭ᠍ᠲᠠᠷᠠᠭᠤᠯᠬᠤ ᠶᠢᠨ ᠲᠥᠯᠥᠭᠡ ᠶᠤᠮ᠃ ᠳᠠᠷᠠᠭᠠᠴᠢ᠎ᠶᠢᠨ ᠠᠯᠬᠤᠮ ᠳᠤ᠂ ᠦᠷᠭᠦᠯᠵᠢᠯᠡᠨ ᠦᠨᠳᠦᠰᠦᠨ ᠱᠠᠲᠤᠨ ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠬᠣᠶᠠᠷ ᠬᠤᠷᠠᠯ᠎ᠤᠨ ᠵᠣᠷᠢᠭ᠋ ᠰᠠᠨᠠᠭ᠎ᠠ ᠶᠢ ᠬᠢᠯᠢ ᠵᠢᠨ ᠪᠣᠭᠣᠮᠲᠠ᠎ᠶᠢᠨ ᠡᠮᠦᠨ᠎ᠡ ᠹᠷᠣᠨᠲ᠎ᠲᠤ ᠦᠨᠳᠦᠰᠦᠯᠡᠭᠦᠯᠵᠦ᠂ ᠮᠠᠨᠵᠤᠤᠷ᠎ᠤᠨ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ᠎ᠶᠢ ᠪᠠᠢᠭᠤᠯᠬᠤ᠂ ᠳᠤᠮᠳᠠᠳᠤ ᠤᠷᠤᠰ ᠤᠨ ᠠᠷᠠᠯᠵᠢᠶᠠᠨ ᠤ ᠬᠥᠭᠵᠢᠯ ᠴᠡᠴᠡᠭᠯᠡᠯ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠬᠡᠵᠡᠢ᠃