ᠲᠡᠯᠡᠶ ᠲᠠᠩᠭᠢᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ
3 ᠰᠠᠷ᠎ᠠ᠎ᠶ᠋ᠢᠨ 16 ᠤ᠋ ᠡᠳᠦᠷ ᠬᠡᠪᠯᠡᠭ᠌ᠳᠡᠬᠰᠡᠨ 6 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭ᠌ᠴᠢ᠂ ᠲᠥᠪ ᠦᠨ ᠴᠡᠷᠢᠭ ᠦᠨ ᠶᠠᠪᠤᠳᠠᠯ ᠤᠨ ᠬᠤᠷᠢᠶ᠎ᠠ᠎ᠵᠢᠨ ᠲᠡᠷᠢᠭᠦᠯᠡᠭ᠌ᠴᠢ ᠰᠢ ᠵᠢᠨ ᠫᠢᠩ ᠦᠨ 《ᠲᠡᠯᠡᠶ ᠲᠠᠩᠭᠢᠰ ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ》 ᠭᠡᠬᠦ᠌ ᠴᠢᠬᠤᠯᠠ ᠵᠣᠬᠢᠶᠠᠯ᠎ᠢ ᠨᠡᠢᠲᠡᠯᠡᠪᠡ᠃
ᠵᠣᠬᠢᠶᠠᠯ ᠳᠤ᠂ ᠮᠠᠨ ᠤ ᠤᠯᠤᠰ ᠳᠠᠯᠠᠢ ᠲᠠᠩᠭᠢᠰ ᠢ ᠡᠵᠡᠮᠳᠡᠨ ᠵᠠᠰᠠᠵᠤ᠂ ᠳᠠᠯᠠᠢ ᠲᠠᠩᠭᠢᠰ ᠢ ᠨᠡᠭᠡᠭᠡᠨ ᠬᠥᠭ᠌ᠵᠢᠭᠦᠯᠦᠭ᠌ᠰᠡᠨ ᠥᠨᠢ ᠤᠳᠠᠭᠠᠨ ᠲᠡᠦᠬᠡ ᠲᠡᠶ ᠶᠤᠮ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠤ ᠳᠠᠷᠠᠭ᠎ᠠ᠂ ᠪᠢᠳᠡ ᠳᠠᠯᠠᠢ ᠲᠠᠩᠭᠢᠰ ᠢ ᠡᠮᠬᠢ ᠵᠢᠷᠤᠮ᠎ᠲᠠᠶ᠎ᠪᠠᠷ ᠨᠡᠭᠡᠭᠡᠨ ᠠᠱᠢᠭ᠍ᠯᠠᠪᠠ᠃ ᠥᠭᠡᠷᠡᠴᠢᠯᠡᠯᠲᠡ ᠨᠡᠭᠡᠭᠡᠯᠲᠡ ᠬᠢᠭ᠌ᠰᠡᠨ ᠦ ᠳᠠᠷᠠᠭ᠎ᠠ᠂ ᠮᠠᠨ᠎ᠤ ᠤᠯᠤᠰ᠎ᠤᠨ ᠲᠡᠯᠡᠶ ᠲᠠᠩᠭᠢᠰ ᠤᠨ ᠠᠵᠤ ᠠᠬᠤᠶ ᠲᠦᠷᠭᠡᠨ ᠬᠥᠭ᠌ᠵᠢᠬᠦ᠌ ᠬᠤᠭᠤᠴᠠᠭᠠᠨ᠎ᠳᠤ ᠣᠷᠣᠵᠡᠢ᠃ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠡᠷᠬᠡᠪᠰᠢ ᠳᠠᠯᠠᠢ ᠲᠠᠩᠭᠢᠰ ᠢ ᠥᠨᠳᠥᠷ ᠪᠦᠲᠦᠮᠵᠢᠲᠡᠢ᠎ᠪᠡᠷ ᠨᠡᠭᠡᠭᠡᠨ ᠠᠱᠢᠭ᠍ᠯᠠᠵᠤ᠂ ᠳᠠᠯᠠᠢ ᠲᠠᠩᠭᠢᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠳᠠᠯᠠᠢ᠎ᠶ᠋ᠢ ᠵᠣᠷᠢᠨ ᠬᠦᠴᠦᠷᠬᠡᠭ᠌ᠵᠢᠬᠦ᠌ ᠵᠠᠮ᠎ᠢᠶᠠᠷ ᠵᠠᠮᠨᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠶᠡᠬᠡ ᠰᠡᠳᠭᠢᠮᠵᠢ ᠶ᠋ᠢᠨ ᠲᠠᠯ᠎ᠠ ᠪᠠᠷ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠨᠡᠩ ᠴᠢᠬᠤᠯᠠᠴᠢᠯᠠᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠳᠦ ᠳᠠᠷᠤᠢᠬᠠᠨ ᠱᠢᠪᠲᠤᠯᠤᠯᠲᠠ ᠭᠠᠷᠭᠠᠵᠤ᠂ ᠲᠠᠯᠠᠢ ᠲᠠᠩᠭᠢᠰ ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠥᠨᠳᠥᠷ ᠲᠦᠪᠱᠢᠨ᠎ᠪᠦᠬᠦᠢ ᠪᠡᠶ᠎ᠡ ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠢ; ᠥᠨᠳᠥᠷ ᠪᠦᠲᠦᠮᠵᠢᠲᠡᠢ᠎ᠪᠡᠷ ᠬᠠᠮᠵᠢᠯᠴᠠᠬᠤ᠎ᠶ᠋ᠢ ᠨᠡᠩ ᠴᠢᠬᠤᠯᠠᠴᠢᠯᠠᠵᠤ᠂ ᠡᠬᠡ ᠬᠠᠭᠤᠷᠠᠢ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠌᠂ ᠠᠭᠤᠯᠠ ᠳᠠᠯᠠᠢ ᠬᠣᠯᠪᠣᠭᠠᠯᠠᠨ ᠬᠥᠳᠡᠯᠦᠯᠴᠡᠬᠦ᠌ ᠶ᠋ᠢ ᠪᠠᠷᠢᠮᠲᠠᠯᠠᠵᠤ᠂ ᠬᠠᠮᠵᠢᠯᠴᠠᠨ ᠬᠥᠭ᠌ᠵᠢᠬᠦ᠌ ᠬᠠᠮᠲᠤᠷᠠᠯ ᠬᠦᠴᠦᠨ᠎ᠢ ᠴᠢᠩᠭᠠᠳᠭᠠᠬᠤ ᠬᠡᠷᠡᠭ᠌ᠲᠡᠢ; ᠠᠵᠤ ᠦᠢᠯᠡᠰ᠎ᠦᠨ ᠱᠢᠨᠡᠴᠢᠯᠡᠯᠲᠡ᠎ᠶ᠋ᠢ ᠨᠡᠩ ᠴᠢᠬᠤᠯᠠᠴᠢᠯᠠᠵᠤ᠂ ᠲᠠᠯᠠᠢ ᠲᠠᠩᠭᠢᠰ᠎ᠤᠨ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠶ᠋ᠢ ᠠᠬᠢᠭᠤᠯᠵᠤ᠂ ᠲᠠᠯᠠᠢ ᠲᠠᠩᠭᠢᠰ ᠤᠨ ᠱᠢᠨ᠎ᠡ᠎ᠪᠡᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭ᠌ᠵᠢᠭᠦᠯᠵᠦ᠍᠂ ᠲᠠᠯᠠᠢ ᠲᠠᠩᠭᠢᠰ ᠤᠨ ᠢᠷᠡᠭᠡᠳᠦᠢ᠎ᠶ᠋ᠢᠨ ᠠᠵᠤ ᠦᠢᠯᠡᠰ ᠢ ᠢᠳᠡᠪᠬᠢᠲᠡᠢ ᠪᠣᠢᠵᠢᠭᠤᠯᠵᠤ᠂ ᠤᠳᠤ ᠦᠶ᠎ᠡ ᠶ᠋ᠢᠨ ᠲᠠᠯᠠᠢ ᠲᠠᠩᠭᠢᠰ᠎ᠤᠨ ᠠᠵᠤ ᠦᠢᠯᠡᠰ᠎ᠦᠨ ᠱᠢᠰᠲ᠋ᠧᠮ ᠢ ᠪᠠᠢᠭᠤᠯᠬᠤ ᠬᠡᠷᠡᠭᠲᠡᠢ; ᠬᠥᠮᠦᠨ ᠳᠠᠯᠠᠢ᠎ᠶ᠋ᠢᠨ ᠡᠶ᠎ᠡ ᠵᠣᠬᠢᠴᠠᠯ᠎ᠢ ᠨᠡᠩ ᠴᠢᠬᠤᠯᠠᠴᠢᠯᠠᠵᠤ᠂ ᠳᠠᠯᠠᠢ ᠲᠠᠩᠭᠢᠰ᠎ᠤᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠬᠠᠮᠠᠭᠠᠯᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠦᠷᠭᠦᠯᠵᠢᠯᠡᠬᠦ᠌ ᠲᠠᠯᠠᠢ ᠲᠠᠩᠭᠢᠰ᠎ᠤᠨ ᠠᠮᠢ ᠠᠬᠤᠢ᠎ᠶ᠋ᠢᠨ ᠣᠷᠴᠢᠨ ᠨᠥᠬᠥᠴᠡᠯ ᠢ ᠪᠦᠳᠦᠭᠡᠨ ᠪᠠᠢᠭᠤᠯᠵᠤ᠂ ᠬᠥᠮᠦᠨ ᠳᠠᠯᠠᠢ᠎ᠶ᠋ᠢᠨ ᠰᠠᠢ᠌ᠨ ᠬᠤᠷᠰᠢᠯᠴᠠᠯ᠎ᠦᠨ ᠱᠢᠨ᠎ᠡ ᠪᠠᠢᠷᠢᠱᠢᠯ ᠢ ᠪᠤᠢ ᠪᠤᠯᠭᠠᠬᠤ ᠬᠡᠷᠡᠭᠲᠡᠢ; ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠨᠡᠩ ᠴᠢᠬᠤᠯᠠᠴᠢᠯᠠᠵᠤ᠂ ᠪᠦᠬᠦ᠌ ᠪᠥᠮᠪᠥᠷᠴᠡᠭ᠎ᠦᠨ ᠲᠠᠯᠠᠢ ᠲᠠᠩᠭᠢᠰ᠎ᠤᠨ ᠵᠠᠰᠠᠯᠲᠠ ᠳᠤ ᠰᠠᠨᠠᠭᠠᠴᠢᠯᠠᠭ᠎ᠠ᠎ᠡᠴᠡ᠎ᠪᠠᠨ ᠣᠷᠣᠯᠴᠠᠵᠤ᠂ ᠲᠠᠯᠠᠢ ᠲᠠᠩᠭᠢᠰ᠎ᠤᠨ ᠡᠨᠧᠷᠭᠢ᠎ᠶ᠋ᠢᠨ ᠡᠬᠢ ᠪᠠᠶᠠᠯᠢᠭ ᠢ ᠬᠠᠮᠲᠤ᠎ᠪᠠᠷ ᠡᠩᠬᠡ ᠲᠠᠢᠪᠤᠩ᠎ᠢᠶᠠᠷ ᠠᠱᠢᠭ᠍ᠯᠠᠵᠤ᠂ ᠮᠠᠨ᠎ᠤ ᠤᠯᠤᠰ᠎ᠤᠨ ᠨᠤᠲᠤᠭ ᠳᠡᠪᠢᠰᠭᠡᠷ᠎ᠦᠨ ᠡᠷᠬᠡ ᠮᠡᠳᠡᠯ ᠪᠣᠯᠤᠨ ᠲᠠᠯᠠᠢ ᠲᠠᠩᠭᠢᠰ᠎ᠤᠨ ᠡᠷᠬᠡ ᠠᠱᠢᠭ᠎ᠢ ᠡᠷᠡᠰ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠪᠣᠳᠠᠲᠠᠢ ᠠᠵᠢᠯ ᠤᠨ ᠲᠠᠯ᠎ᠠ᠎ᠪᠠᠷ᠂ 6 ᠲᠠᠯ᠎ᠠ᠎ᠶ᠋ᠢ ᠭᠣᠣᠯᠳᠠᠯᠭ᠎ᠠ᠎ᠲᠠᠶ ᠰᠠᠢᠲᠤᠷ ᠠᠳᠭᠤᠬᠤ ᠬᠡᠷᠡᠭ᠌ᠲᠡᠢ᠃ ᠨᠢᠭᠡᠳᠦᠭᠡᠷ᠎ᠲᠦ᠂ ᠦᠵᠦ᠍ ᠲᠥᠯᠥᠪᠯᠡᠭᠡ ᠪᠣᠯᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠠᠯᠠᠢ ᠲᠠᠩᠭᠢᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠠᠵᠤ ᠦᠢᠯᠡᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠡᠳ᠋᠎ᠦᠨ ᠵᠠᠰᠠᠭ ᠭᠠᠢᠯᠢ᠂ ᠮᠥᠩᠭᠥᠨ ᠭᠦᠢᠯᠭᠡᠭᠡ ᠵᠡᠷᠭᠡ ᠲᠠᠯ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠵᠤ᠂ ᠨᠡᠢᠭᠡᠮ ᠦᠨ ᠬᠦᠷᠦᠨᠭ᠌ᠭᠡ᠎ᠶ᠋ᠢᠨ ᠲᠠᠯᠠᠢ ᠲᠠᠩᠭᠢᠰ᠎ᠤᠨ ᠠᠵᠤ ᠠᠬᠤᠢ᠎ᠶ᠋ᠢ ᠬᠥᠭ᠌ᠵᠢᠭᠦᠯᠬᠦ᠌᠎ᠳᠦ ᠢᠳᠡᠪᠬᠢᠲᠡᠢ ᠣᠷᠣᠯᠴᠠᠬᠤ᠎ᠶ᠋ᠢ ᠵᠣᠷᠢᠭ᠍ᠵᠢᠭᠤᠯᠤᠨ ᠬᠦᠳᠦᠯᠦᠨ ᠵᠢᠯᠣᠭᠣᠳᠬᠤ ᠬᠡᠷᠡᠭᠲᠡᠢ᠃ ᠬᠣᠶᠠᠳᠤᠭᠠᠷ᠎ᠲᠤ᠂ ᠲᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠲᠡᠢ᠃ ᠳᠠᠯᠠᠢ ᠲᠠᠩᠭᠢᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠢ ᠴᠢᠩᠭᠠᠷᠠᠭᠤᠯᠵᠤ᠂ ᠳᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠪᠠ ᠲᠤᠰᠭᠠᠢᠵᠢᠭᠰᠠᠨ ᠨᠠᠷᠢᠯᠢᠭᠵᠢᠭᠰᠠᠨ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠪᠣᠢᠵᠢᠭᠤᠯᠤᠨ ᠬᠥᠭ᠌ᠵᠢᠭᠦᠯᠬᠦ ᠬᠡᠷᠡᠭᠲᠡᠢ᠃ ᠭᠤᠷᠪᠠᠳᠤᠭᠠᠷ᠎ᠲᠤ᠂ ᠲᠠᠯᠠᠢ ᠲᠠᠩᠭᠢᠰ᠎ᠤᠨ ᠠᠵᠤ ᠦᠢᠯᠡᠰ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ ᠬᠡᠷᠡᠭᠲᠡᠢ᠃ ᠳᠠᠯᠠᠢ ᠳᠡᠭᠡᠷᠡᠬᠢ ᠰᠠᠯᠬᠢᠨ ᠬᠦᠴᠦᠨ ᠦ ᠴᠠᠬᠢᠯᠭᠠᠨ ᠢ ᠵᠢᠷᠤᠮᠵᠢᠯ ᠲᠠᠶ ᠡᠮᠬᠢ ᠵᠢᠷᠤᠮ᠎ᠲᠠᠶ ᠪᠦᠲᠦᠭᠡᠨ ᠪᠠᠢᠭᠤᠯᠬᠤ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠠᠯᠤᠰ ᠳᠠᠯᠠᠢ ᠳᠦ ᠠᠩᠨᠠᠵᠤ ᠱᠦᠭᠦᠬᠦ᠌ᠦᠢᠯᠡᠰᠢ ᠬᠥᠭ᠌ᠵᠢᠭᠦᠯᠵᠦ᠍᠂ ᠳᠠᠯᠠᠢ ᠲᠠᠩᠭᠢᠰ᠎ᠤᠨ ᠠᠮᠢᠳᠤ ᠪᠣᠳᠠᠰ ᠤᠨ ᠡᠮ ᠡᠮᠨᠡᠯᠭᠡ᠂ ᠠᠮᠢᠳᠤ ᠪᠣᠳᠠᠰ᠎ᠤᠨ ᠪᠦᠲᠦᠭᠡᠭ᠌ᠳᠡᠬᠦᠨ᠎ᠢ ᠢᠳᠡᠪᠬᠢᠲᠡᠢ ᠬᠥᠭ᠌ᠵᠢᠭᠦᠯᠵᠦ᠍᠂ ᠳᠠᠯᠠᠢ ᠲᠠᠩᠭᠢᠰ᠎ᠤᠨ ᠤᠨᠴᠠᠯᠢᠬ᠍ᠳᠤ ᠰᠣᠶᠣᠯ ᠪᠠ ᠵᠢᠭᠤᠯᠴᠢᠯᠠᠯ᠎ᠤᠨ ᠬᠠᠷᠠᠯᠲᠠ᠎ᠳᠦ ᠭᠠᠵᠠᠷ᠎ᠢ ᠴᠣᠭ᠍ᠴᠠᠯᠠᠵᠤ᠂ ᠣᠩᠭᠣᠴᠠ ᠰᠠᠯ ᠪᠠ ᠳᠠᠯᠠᠢ ᠲᠠᠩᠭᠢᠰ ᠤᠨ ᠢᠨᠵᠧᠨᠧᠷᠢᠩ᠎ᠦᠨ ᠲᠣᠨᠣᠭ᠍ᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠵᠢᠯᠯᠠᠭ᠎ᠠ᠎ᠶ᠋ᠢ ᠠᠬᠢᠭᠤᠯᠵᠤ᠂ 《ᠲᠣᠭᠠᠴᠢᠯᠠᠭ᠍ᠰᠠᠨ ᠳᠠᠯᠠᠢ ᠲᠠᠩᠭᠢᠰ》᠎ᠤ᠋ᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠳᠠᠯᠠᠢ ᠲᠠᠩᠭᠢᠰ᠎ᠤᠨ ᠲᠡᠭᠡᠭᠡᠪᠦᠷᠢ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠳᠥᠷᠪᠡᠳᠦᠭᠡᠷ᠎ᠲᠦ᠂ ᠭᠣᠣᠯ ᠪᠣᠯᠬᠤ ᠲᠠᠯᠠᠢ᠎ᠶ᠋ᠢᠨ ᠪᠤᠯᠤᠩ ᠤᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠶ᠋ᠢ ᠴᠢᠩᠭᠠᠳᠬᠠᠬᠤ ᠬᠡᠷᠡᠭᠲᠡᠢ᠃ ᠳᠠᠯᠠᠢ ᠳᠠᠭᠠᠤ ᠭᠠᠷᠠᠮ᠎ᠤᠨ ᠪᠦᠯᠦᠭᠵᠢᠯ᠎ᠢ ᠱᠢᠯᠢᠳᠡᠭ᠌ᠵᠢᠭᠦᠯᠦᠨ ᠨᠡᠢᠳᠭᠡᠬᠦ ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠭᠣᠣᠯᠳᠠᠯᠭ᠎ᠠ᠎ᠲᠠᠶ ᠭᠠᠷᠠᠮ᠎ᠤᠨ ᠪᠣᠬᠢᠷᠲᠤᠯ ᠦᠭᠡᠢᠵᠢᠬᠦ᠂ ᠲᠣᠭᠠᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠡᠮᠵᠢᠬᠦ ᠬᠡᠷᠡᠭᠲᠡᠢ᠃ ᠲᠠᠪᠤᠳᠤᠭᠠᠷ᠎ᠲᠤ᠂ ᠲᠠᠯᠠᠢ ᠲᠠᠩᠭᠢᠰ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ ᠶ᠋ᠢ ᠴᠢᠩᠭᠠᠳᠭᠠᠬᠤ ᠬᠡᠷᠡᠭᠲᠡᠢ᠃ ᠳᠠᠯᠠᠢ ᠲᠠᠩᠭᠢᠰ᠎ᠤᠨ ᠣᠷᠴᠢᠨ ᠲᠤᠭᠤᠷᠢᠨ᠎ᠤ ᠠᠶᠤᠯ ᠲᠦᠭ᠌ᠰᠢᠭᠦᠷᠢ ᠶ᠋ᠢ ᠡᠬᠢ ᠡᠭᠦᠰᠦᠯ᠎ᠡᠴᠡ ᠨᠢ ᠰᠡᠷᠭᠡᠢᠯᠡᠬᠦ᠌᠎ᠶ᠋ᠢ ᠴᠢᠩᠭᠠᠳᠭᠠᠵᠤ᠂ ᠭᠣᠣᠯᠳᠠᠯᠭ᠎ᠠ᠎ᠲᠠᠶ ᠳᠠᠯᠠᠢ᠎ᠶ᠋ᠢᠨ ᠣᠷᠣᠨ᠎ᠢ ᠶᠡᠷᠦᠩᠬᠡᠢᠯᠡᠨ ᠵᠠᠰᠠᠬᠤ ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠳᠠᠯᠠᠢ ᠶ᠋ᠢᠨ ᠣᠷᠣᠨ᠎ᠢ ᠳᠠᠪᠬᠤᠷᠭ᠎ᠠ ᠬᠤᠪᠢᠶᠠᠨ ᠪᠣᠰᠣᠭ᠎ᠠ ᠴᠣᠭ᠍ᠴᠠ᠎ᠪᠠᠷ ᠠᠱᠢᠭ᠍ᠯᠠᠬᠤ ᠶ᠋ᠢ ᠢᠳᠡᠪᠬᠢᠲᠡᠢ ᠠᠬᠢᠭᠤᠯᠵᠤ᠂ ᠳᠠᠯᠠᠢ ᠲᠠᠩᠭᠢᠰ ᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠵᠢ ᠬᠢᠨᠠᠨ ᠪᠤᠳᠤᠬᠤ ᠠᠵᠢᠯ ᠢ ᠰᠦᠪᠡᠭ᠌ᠴᠢᠯᠡᠨ ᠥᠷᠨᠢᠭᠦᠯᠬᠦ ᠬᠡᠷᠡᠭᠲᠡᠢ᠃ ᠵᠢᠷᠭᠤᠳᠤᠭᠠᠷ᠎ᠲᠤ᠂ ᠪᠦᠬᠦ᠌ ᠪᠥᠮᠪᠥᠷᠴᠡᠭ ᠦᠨ ᠲᠠᠯᠠᠢ ᠲᠠᠩᠭᠢᠰ᠎ᠤᠨ ᠵᠠᠰᠠᠯᠲᠠ᠎ᠳᠤ ᠭᠦᠨᠵᠡᠭᠡᠢ ᠣᠷᠣᠯᠴᠠᠬᠤ ᠬᠡᠷᠡᠭ᠌ᠲᠡᠢ᠃ ᠪᠦᠬᠦ᠌ ᠪᠥᠮᠪᠥᠷᠴᠡᠭ ᠦᠨ ᠳᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ ᠤ ᠪᠠᠢᠴᠠᠭᠠᠯᠲᠠ᠂ ᠭᠠᠮᠱᠢᠭ ᠢ ᠰᠡᠷᠭᠡᠢᠯᠡᠨ ᠭᠠᠮᠱᠢᠭ᠎ᠢ ᠪᠠᠭᠠᠰᠭᠠᠬᠤ᠂ ᠳᠠᠯᠠᠢ ᠲᠠᠩᠬᠢᠰ ᠤᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ 《ᠨᠢᠭᠡ ᠪᠦᠰᠡ ᠨᠢᠭᠡ ᠵᠠᠮ》 ᠤ᠋ᠨ ᠤᠯᠠᠨ ᠤᠯᠤᠰ ᠤᠨ ᠭᠠᠷᠠᠮ᠎ᠤᠨ ᠬᠣᠯᠪᠣᠭ᠎ᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 15 ᠤ᠋ ᠴᠠᠬᠢᠯᠭᠠᠨ ᠮᠡᠳᠡᠭᠡ )