ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ ᠦᠨ ᠪᠦᠯᠬᠦᠮ ᠳᠦ᠄
14 ᠳ᠋ᠤᠭᠡᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ ᠤᠨ ᠴᠤᠭ᠍ᠯᠠᠭᠠᠨ ᠳᠡᠭᠡᠷ᠎ᠡ᠂ ᠮᠠᠨ ᠤ ᠤᠯᠤᠰ᠎ᠤᠨ ᠵᠡᠮᠳᠡᠭ ᠲᠠᠮᠢᠷᠴᠢᠳ 15 ᠠᠯᠲᠠᠨ ᠮᠧᠳᠠᠯ᠂ 13 ᠮᠥᠩᠭᠥᠨ ᠮᠧᠳᠠᠯ᠂ 16 ᠬᠦᠷᠡᠯ ᠮᠧᠳᠠᠯ ᠨᠡᠢᠲᠡ 44 ᠱᠠᠩᠨᠠᠯ᠎ᠤᠨ ᠮᠧᠳᠠᠯ ᠣᠯᠵᠤ᠂ ᠠᠯᠲᠠᠨ ᠮᠧᠳᠠᠯ᠎ᠤᠨ ᠵᠢᠭ᠍ᠰᠠᠭᠠᠯᠲᠠ᠂ ᠱᠠᠩᠨᠠᠯ᠎ᠤᠨ ᠮᠧᠳᠠᠯ᠎ᠤᠨ ᠵᠢᠭ᠍ᠰᠠᠭᠠᠯᠲᠠ᠎ᠳᠤ ᠨᠢᠭᠡᠳᠦᠭᠡᠷ᠎ᠲᠦ ᠣᠷᠣᠵᠤ᠂ ᠳᠠᠮᠢᠷ᠎ᠤᠨ ᠬᠦᠳᠡᠯᠭᠡᠭᠡᠨ᠎ᠦ ᠬᠢᠷᠢ ᠪᠦᠲᠦᠮᠵᠢ ᠪᠤᠯᠤᠨ ᠣᠶᠤᠨ᠎ᠤ ᠪᠣᠯᠪᠠᠰᠤᠨ᠎ᠤ ᠬᠣᠣᠰ ᠠᠮᠵᠢᠯᠲᠠ᠎ᠶ᠋ᠢ ᠪᠡᠶᠡᠯᠡᠭᠦᠯᠵᠦ᠍᠂ ᠡᠬᠡ ᠤᠯᠤᠰ ᠪᠠ ᠠᠷᠠᠳ ᠲᠦᠮᠡᠨ᠎ᠳᠡᠭᠡᠨ ᠢᠷᠠᠭᠤ ᠠᠯᠳᠠᠷ᠎ᠢ ᠣᠯᠵᠤ ᠦᠭᠴᠡᠢ᠃ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠲᠠᠨᠠᠷ᠎ᠲᠤ ᠬᠠᠯᠠᠭᠤᠨ ᠪᠠᠶᠠᠷ ᠬᠦᠷᠭᠡᠵᠦ᠍ ᠳᠣᠲᠣᠨᠣ ᠪᠡᠷ ᠲᠣᠬᠣᠨᠢᠭᠤᠯᠵᠤ ᠪᠠᠢᠨ᠎ᠠ!
ᠲᠤᠰ ᠬᠤᠭᠤᠴᠠᠭᠠᠨ ᠤ ᠡᠪᠦᠯ ᠦᠨ ᠤᠯᠠᠷᠢᠯ ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠲᠠ᠎ᠨᠠᠷ ᠨᠠᠮ ᠪᠣᠯᠤᠨ ᠠᠷᠠᠳ ᠲᠦᠮᠡᠨ ᠦ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ ᠶ᠋ᠢᠨ ᠪᠡᠶ᠎ᠡ ᠶ᠋ᠢᠨ ᠲᠠᠮᠢᠷ᠎ᠤᠨ ᠵᠣᠷᠢᠭ ᠰᠠᠨᠠᠭ᠎ᠠ᠂ ᠪᠡᠭᠡᠵᠢᠩ᠎ᠦᠨ ᠡᠪᠦᠯ᠎ᠦᠨ ᠤᠯᠠᠷᠢᠯ ᠤᠨ ᠣᠯᠢᠮᠫᠢᠺ ᠤᠨ ᠲᠠᠮᠢᠷ᠎ᠤᠨ ᠴᠤᠭ᠍ᠯᠠᠭᠠᠨ᠎ᠤ ᠵᠣᠷᠢᠭ ᠰᠠᠨᠠᠭ᠎ᠠ᠂ ᠵᠡᠮᠳᠡᠭ᠌ᠴᠦᠳ᠎ᠦᠨ ᠣᠯᠢᠮᠫᠢᠺ ᠤᠨ ᠲᠠᠮᠢᠷ ᠤᠨ ᠴᠤᠭ᠍ᠯᠠᠭᠠᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠰᠢᠷᠭᠠᠭᠤ ᠴᠢᠷᠮᠠᠢᠵᠤ᠂ ᠳᠦᠷᠦᠭᠦᠯᠡᠬᠦ ᠪᠡᠷ ᠡᠷᠡᠯᠬᠡᠭᠯᠡᠨ ᠳᠡᠮᠡᠴᠡᠵᠦ᠂ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠵᠡᠮᠳᠡᠭ᠌ᠴᠦᠳ ᠦᠨ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠪᠠᠶᠠᠰᠤᠩᠭᠤᠢ ᠤᠷᠤᠭ᠍ᠰᠢᠯᠠᠨ ᠲᠠᠪᠱᠢᠬᠤ ᠰᠠᠢ᠌ᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ ᠢ ᠢᠯᠡᠷᠡᠭᠦᠯᠪᠡ᠃ ᠲᠠ᠎ᠨᠠᠷ ᠳᠡᠯᠡᠬᠡᠢ᠎ᠶ᠋ᠢᠨ ᠡᠯ᠎ᠡ ᠤᠯᠤᠰ ᠡᠯ᠎ᠡ ᠭᠠᠵᠠᠷ ᠣᠷᠣᠨ᠎ᠤ ᠲᠠᠮᠢᠷᠴᠢᠳ᠎ᠲᠠᠶ ᠡᠷᠬᠡ ᠲᠡᠭ᠌ᠰᠢ᠎ᠪᠡᠷ ᠦᠷᠢᠰᠦᠯᠳᠦᠵᠦ᠍᠂ ᠨᠥᠬᠥᠷᠰᠡᠭ᠎ᠢᠶᠡᠷ ᠰᠣᠯᠢᠯᠴᠠᠵᠤ᠂ ᠨᠥᠬᠥᠷᠯᠡᠯ᠎ᠢᠶᠡᠨ ᠵᠤᠵᠠᠭᠠᠳᠭᠠᠵᠤ᠂ ᠳᠤᠮᠳᠠᠳᠤ ᠤᠯᠤᠰ᠎ᠤᠨ ᠦᠯᠢᠬᠡᠷ ᠪᠣᠯᠤᠨ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠦᠯᠢᠬᠡᠷ᠎ᠢ ᠢᠳᠡᠪᠬᠢᠲᠡᠢ ᠰᠠᠢᠲᠤᠷ ᠶᠠᠷᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ ᠶ᠋ᠢᠨ ᠬᠥᠪᠡᠭᠦᠳ ᠥᠬᠢᠳ ᠦᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ ᠪᠣᠯᠤᠨ ᠲᠡᠮᠡᠴᠡᠯ ᠦᠨ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠬᠥᠭ᠌ᠵᠢᠭᠡᠪᠡ᠃
ᠲᠠ ᠨᠠᠷ ᠰᠢ ᠵᠢᠨ ᠫᠢᠩ ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠲᠠᠭᠠᠨ ᠢᠷᠠᠭᠤ ᠠᠯᠳᠠᠷ ᠨᠡᠮᠡᠷᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠡᠩ ᠤᠯᠠᠨ ᠲᠠᠮᠢᠷ᠎ᠤᠨ ᠬᠥᠳᠡᠯᠭᠡᠭᠡᠨ᠎ᠦ ᠱᠢᠯᠢᠳᠡᠭ ᠠᠮᠵᠢᠯᠲᠠ᠎ᠶ᠋ᠢ ᠡᠭᠦᠳᠴᠦ᠍᠂ ᠮᠠᠨ᠎ᠤ ᠤᠯᠤᠰ᠎ᠤᠨ ᠵᠡᠮᠳᠡᠭ᠌ᠴᠦᠳ᠎ᠦᠨ ᠦᠢᠯᠡᠰ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠂ ᠴᠢᠨᠠᠷ ᠰᠠᠢᠲᠠᠢ ᠬᠥᠭ᠌ᠵᠢᠯᠲᠡ᠎ᠶ᠋ᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ!
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ
ᠲᠥᠷᠥ᠎ᠶ᠋ᠢᠨ ᠶᠠᠪᠤᠳᠠᠯ᠎ᠤᠨ ᠬᠣᠷᠢᠶ᠎ᠠ
2026 ᠣᠨ᠎ᠤ 3 ᠰᠠᠷ᠎ᠠ᠎ᠶ᠋ᠢᠨ 15 ᠤ᠋ ᠡᠳᠦᠷ
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 15 ᠤ᠋ ᠴᠠᠬᠢᠯᠭᠠᠨ ᠮᠡᠳᠡᠭᠡ)