ᠪᠣᠳᠠᠲᠤ ᠴᠣᠭ᠍ᠴᠠ᠎ᠶ᠋ᠢᠨ ᠠᠵᠤ ᠠᠬᠤᠢ ᠪᠣᠯ ᠲᠤᠮᠤ ᠤᠯᠤᠰ᠎ᠤᠨ ᠦᠨᠳᠦᠰᠦ ᠰᠠᠭᠤᠷᠢ ᠮᠥᠨ᠃
2025 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ 《ᠪᠣᠳᠠᠲᠤ ᠴᠣᠭ᠍ᠴᠠ᠎ᠶ᠋ᠢᠨ ᠠᠵᠤ ᠠᠬᠤᠢ ᠭᠡᠬᠦ᠌ ᠡᠨᠡ ᠬᠦ᠌ ᠰᠠᠭᠤᠷᠢ᠎ᠶ᠋ᠢ ᠪᠠᠲᠤ ᠰᠠᠬᠢᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠨᠢᠭᠡ ᠵᠢᠯ᠎ᠦᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠠᠵᠤ ᠠᠬᠤᠢ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠢ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠤ ᠦᠢᠯᠡᠰ᠎ᠢ᠋ ᠤᠶᠤᠨᠴᠢᠯᠠᠬᠤ᠂ ᠪᠣᠬᠢᠷᠲᠤᠯ ᠦᠭᠡᠢᠵᠢᠬᠦᠯᠬᠦ᠂ ᠠᠭᠤᠰᠤᠯᠴᠠᠭᠤᠯᠬᠤ ᠵᠢ ᠦᠷᠬᠦᠯᠵᠢᠯᠡᠨ ᠠᠬᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠤᠨ ᠪᠠᠢᠭᠤᠯᠤᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃
ᠪᠤᠳᠠᠳᠤ ᠴᠤᠬᠴᠠ ᠵᠢᠨ ᠠᠵᠤ ᠠᠬᠤᠢ ᠵᠢ ᠬᠥᠭ᠌ᠵᠢᠭᠦᠯᠬᠦ᠌ ᠵᠠᠮ᠎ᠢᠶᠠᠷ ᠵᠠᠮᠨᠠᠪᠠ
ᠴᠠᠭᠠᠨ ᠰᠠᠷ᠎ᠠ᠎ᠡᠴᠡ ᠡᠮᠦᠨᠡᠬᠡᠨ᠂ ᠯᠦᠸᠧᠶᠠᠩ᠎ᠤᠨ ᠬᠣᠯᠬᠣᠪᠴᠢ᠎ᠶ᠋ᠢᠨ ᠪᠦᠯᠦᠭ᠌ᠯᠡᠯᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠯ᠎ᠦᠨ ᠲᠠᠰᠤᠭ᠎ᠲᠤ᠂ ᠬᠦᠷ ᠬᠦᠭᠵᠢᠶᠠᠨᠳᠤ ᠠᠭᠤᠷ ᠠᠮᠢᠰᠭᠤᠯ ᠳᠠᠬᠢᠨᠲᠠ ᠢᠯᠡᠷᠡᠯ᠎ᠡ᠄ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠢᠵᠢᠭᠠᠳᠠᠷ ᠳ᠋ᠢᠶᠠᠮᠧᠲ᠋ᠷ᠎ᠨᠢ 4.6 ᠮᠧᠲ᠋ᠷ᠎ᠦᠨ ᠲᠤᠮᠤ ᠬᠡᠯᠪᠡᠷᠢ ᠵᠢᠨ 3 ᠮᠥᠷ ᠦᠨᠭ᠌ᠬᠦᠷᠢᠬᠦᠯᠳᠤ ᠬᠦᠷᠳᠦ᠍᠎ᠶ᠋ᠢᠨ ᠬᠣᠯᠬᠣᠪᠴᠢ ᠵᠢᠵᠢᠨᠭᠭᠢᠨᠢ ᠪᠡᠷ ᠦᠢᠯᠡᠳᠪᠦᠷᠢᠯᠡᠵᠤ ᠭᠠᠷᠭᠠᠪᠠ᠃
ᠡᠨᠡ ᠬᠦ᠌ 《ᠠᠪᠤᠷᠭᠤ ᠲᠤᠮᠤ》 ᠬᠣᠯᠬᠣᠪᠴᠢ ᠪᠣᠯ ᠪᠦᠬᠦ᠌ ᠪᠥᠮᠪᠥᠷᠴᠡᠭ᠎ᠦᠨ ᠬᠠᠮᠤᠭ᠎ᠤᠨ ᠲᠣᠮᠣ 120 ᠮᠧᠲ᠋ᠷ᠎ᠦᠨ ᠳ᠋ᠢᠶᠠᠮᠧᠲ᠋ᠷ᠎ᠲᠡᠶ ᠪᠦᠷᠢᠨ ᠬᠥᠳᠡᠯᠭᠡᠭᠡᠨᠲᠦ ᠷᠠᠳᠢᠣ᠋ ᠳᠤᠷᠠᠨ᠎ᠤ ᠭᠣᠣᠯ ᠰᠡᠯᠪᠢᠭ ᠲᠣᠨᠣᠭ ᠪᠣᠯᠤᠨ᠎ᠠ᠃ 《ᠰᠤᠳᠤᠯᠤᠨ ᠨᠡᠭᠡᠭᠡᠬᠦ᠌ ᠪᠦᠯᠬᠦᠮ ᠠᠯᠢ ᠣᠯᠠᠨ ᠮᠡᠷᠭᠡᠵᠢᠯ᠎ᠦᠨ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍᠂ ᠦᠶ᠋ᠯᠡᠳᠬᠦᠨ᠎ᠢ ᠨᠢᠭᠡ ᠯᠡ ᠤᠳᠠᠭ᠎ᠠ᠎ᠳᠤ ᠠᠮᠵᠢᠯᠳᠠ ᠲᠠᠢ ᠱᠢᠯᠭᠠᠨ ᠠᠪᠬᠤ᠎ᠵᠢ ᠪᠠᠶᠠᠯᠡᠬᠦᠯᠵᠤ᠂ ᠤᠯᠤᠰ᠎ᠤᠨ ᠳᠣᠲᠣᠭᠠᠳᠤ᠎ᠶ᠋ᠢᠨ ᠣᠨᠴᠠ ᠲᠣᠮᠣ ᠬᠡᠯᠪᠡᠷᠢ᠎ᠶ᠋ᠢᠨ ᠳᠡᠭᠡᠳᠦ ᠳᠠᠭᠠᠭᠠᠴᠠᠲᠤ ᠳᠤᠷᠠᠨ᠎ᠤ ᠣᠷᠣᠨ ᠪᠠᠢᠷᠢ᠎ᠶ᠋ᠢᠨ ᠬᠣᠯᠬᠣᠪᠴᠢ᠎ᠶ᠋ᠢ ᠰᠤᠳᠤᠯᠤᠨ ᠦᠶ᠋ᠯᠡᠳᠬᠦ᠌ ᠬᠣᠭᠣᠰᠣᠨ᠎ᠢ ᠨᠥᠬᠥᠪᠥᠷᠢᠯᠠᠵᠠᠢ》 ᠭᠡᠵᠦ᠍ ᠯᠦᠸᠧᠶᠠᠩ ᠤ᠋ᠨ ᠬᠤᠯᠬᠤᠪᠴᠢ ᠵᠢᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠱᠢᠨ ᠶᠢᠩ ᠬᠡᠯᠡᠪᠡ᠃
ᠬᠣᠯᠬᠣᠪᠴᠢ ᠨᠢ ᠠᠵᠤ ᠦᠢᠯᠡᠳᠪᠦᠷᠢ᠎ᠶ᠋ᠢᠨ 《ᠦᠶ᠎ᠡ ᠭᠡᠱᠢᠭᠦᠦ》 ᠬᠡᠮᠡᠭᠳᠡᠳᠡᠭ᠃ ᠦᠢᠯᠡᠳᠪᠦᠷᠢ᠎ᠶ᠋ᠢᠨ ᠲᠣᠭᠣᠷᠢᠭ᠎ᠲᠠᠬᠢ 《ᠦᠨᠳᠦᠰᠦᠲᠡᠨ᠎ᠦ ᠬᠣᠯᠬᠣᠪᠴᠢ᠎ᠶ᠋ᠢᠨ ᠠᠵᠤ ᠦᠢᠯᠡᠳᠪᠦᠷᠢ᠎ᠶ᠋ᠢᠨ ᠰᠦᠷ ᠬᠦᠴᠦᠨ᠎ᠢ ᠮᠠᠨᠳᠤᠭᠤᠯᠤᠶ᠎ᠠ》 ᠬᠡᠬᠦ 11 ᠲᠤᠮᠤ ᠠᠯᠳᠠᠨ ᠦᠰᠦᠭ ᠨᠢ ᠯᠦᠸᠸᠶᠠᠩ ᠤ᠋ᠨ ᠬᠤᠯᠬᠤᠪᠴᠢ ᠵᠢᠨ ᠪᠦᠯᠦᠭᠯᠡᠯ ᠤ᠋ᠨ 70 ᠭᠠᠷᠤᠢ ᠵᠢᠯ᠎ᠦᠨ ᠪᠠᠲᠤ ᠰᠠᠬᠢᠵᠤ ᠡᠷᠡᠮᠡᠭᠡᠢᠯᠡᠨ ᠲᠡᠮᠡᠴᠡᠭ᠌ᠰᠡᠨ ᠲᠡᠦᠬᠡ᠎ᠵᠢ ᠬᠡᠷᠡᠴᠢᠯᠡᠨ᠎ᠠ᠃ ᠱᠢᠨ᠎ᠡ ᠳᠤᠮᠳᠠᠳᠤ ᠤᠯᠤᠰ᠎ᠤᠨ ᠬᠦᠭᠵᠢᠯᠳᠠ ᠵᠢᠨ ᠪᠠᠢᠷᠢᠱᠢᠭᠤᠯᠤᠯᠲᠠ᠎ᠶ᠋ᠢᠨ ᠲᠦᠷᠦᠬᠦᠤ ᠪᠦᠯᠦᠭ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠯᠦᠸᠧᠶᠠᠩ ᠤ᠋ᠨ ᠬᠣᠯᠬᠣᠪᠴᠢ᠎ᠵᠢᠨ ᠪᠦᠯᠦᠭᠯᠡᠯ ᠬᠤᠯᠬᠤᠪᠴᠢ ᠦᠢᠯᠡᠳᠬᠦ ᠦᠢᠯᠡᠰ ᠲᠤ᠌ ᠬᠦᠨᠵᠡᠭᠡᠢᠷᠠᠨ ᠬᠦᠭᠵᠢᠵᠤ᠂ 《ᠳᠤᠮᠳᠠᠳᠤ ᠤᠯᠤᠰ᠎ᠤᠨ ᠬᠣᠯᠬᠣᠪᠴᠢ》 ᠶ᠋ᠢᠨ ᠠᠯᠲᠠᠨ ᠥᠰᠥᠭ᠎ᠳᠤ ᠲᠡᠮᠳᠡᠭ ᠱᠤᠰᠢᠭ᠎ᠠ ᠵᠢ ᠡᠭᠦᠳᠪᠡ᠃
2025 ᠣᠨ᠎ᠤ 5 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠡᠨᠳᠡ ᠢᠷᠡᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠶᠠᠪᠤᠴᠠ᠎ᠶ᠋ᠢ ᠣᠢᠯᠠᠭᠠᠵᠤ᠂ ᠦᠶ᠋ᠯᠡᠳᠬᠦᠨ᠎ᠦ ᠬᠡᠷᠡᠭ᠌ᠴᠡᠭᠡ ᠪᠣᠯᠤᠨ ᠦᠢᠯᠡᠳᠦᠯ ᠴᠢᠳᠠᠮᠵᠢ᠎ᠶ᠋ᠢᠨ ᠲᠠᠨᠢᠯᠴᠠᠭᠤᠯᠭ᠎ᠠ᠎ᠶ᠋ᠢ ᠰᠣᠨᠣᠰᠴᠤ᠌᠂ ᠦᠶ᠋ᠯᠡᠳᠪᠦᠷᠢᠯᠡᠯ᠎ᠦᠨ ᠶᠠᠪᠤᠴᠠ᠎ᠶ᠋ᠢ ᠪᠠᠢᠴᠠᠭᠠᠨ ᠦᠵᠡᠪᠡ᠃ 《ᠪᠢᠳᠠ ᠪᠡᠶ᠎ᠡ᠎ᠪᠡᠨ ᠳᠠᠭᠠᠭᠠᠵᠤ ᠠᠵᠤ ᠦᠢᠯᠡᠰ᠎ᠢᠶᠡᠨ ᠬᠥᠭ᠌ᠵᠢᠭᠦᠯᠬᠦ᠌ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠥᠪᠡᠷ᠎ᠦᠨ ᠬᠦᠴᠦᠨ᠎ᠳᠡᠭᠡᠨ ᠲᠦᠱᠢᠭ᠌ᠯᠡᠨ ᠠᠵᠤ ᠦᠢᠯᠡᠳᠪᠦᠷᠢ᠂ ᠦᠢᠯᠡᠳᠬᠦ᠌ ᠦᠢᠯᠡᠰ᠎ᠢ ᠬᠥᠭ᠌ᠵᠢᠭᠦᠯᠪᠠ᠂ ᠡᠨᠡ ᠵᠠᠮ᠎ᠢᠶᠠᠷ ᠵᠠᠮᠨᠠᠬᠰᠡᠨ ᠨᠢ ᠵᠥᠪ ᠪᠣᠯᠵᠠᠢ!》 ᠭᠡᠵᠦ᠍ ᠶᠡᠷᠦᠩᠬᠡᠢ ᠱᠦᠵᠢ ᠰᠢ ᠵᠢᠨ ᠫᠢᠩ ᠡᠷᠡᠰ ᠪᠠᠲᠤ ᠬᠡᠯᠡᠪᠡ᠃
《ᠶᠡᠷᠦᠩᠬᠡᠢ ᠱᠦᠵᠢ᠎ᠶ᠋ᠢᠨ ᠵᠣᠷᠢᠭ᠍ᠵᠢᠭᠤᠯᠤᠯ ᠪᠠ ᠨᠤᠲᠠᠯᠠᠯᠲᠠ ᠨᠢ ᠪᠢᠳᠡᠨ᠎ᠦ ᠨᠢᠭᠡ ᠰᠡᠳᠭᠢᠯ ᠨᠢᠭᠡ ᠵᠣᠷᠢᠭ᠎ᠢᠶᠠᠷ ᠪᠣᠳᠠᠲᠤ ᠠᠵᠤ ᠠᠬᠤᠢ ᠳ᠋ᠤ ᠦᠨᠳᠦᠰᠦᠯᠡᠬᠦ᠌ ᠡᠷᠴᠢ ᠵᠣᠷᠢᠭ᠎ᠢ ᠨᠡᠩ ᠪᠠᠲᠤᠳᠭᠠᠪᠠ》᠃ ᠴᠢᠭ᠌ᠯᠡᠯ ᠲᠣᠳᠣᠷᠬᠠᠢ᠂ ᠡᠭᠦᠷᠭᠡ ᠲᠣᠳᠣᠷᠬᠠᠢ ᠪᠤᠯᠤᠬᠰᠡᠨ ᠡᠴᠡ ᠸᠠᠩ ᠱᠢᠨ ᠶᠢᠩ ᠪᠣᠯᠤᠨ ᠪᠦᠬᠦ᠌ ᠦᠢᠯᠡᠳᠪᠦᠷᠢ᠎ᠶ᠋ᠢᠨ ᠠᠵᠢᠯᠳᠠᠨ ᠠᠵᠢᠯᠴᠢᠨ᠎ᠤ ᠠᠯᠬᠤᠭ᠎ᠠ ᠤᠯᠠᠮ ᠡᠷᠡᠰ ᠪᠠᠲᠤ ᠪᠣᠯᠪᠠ᠃
2025 ᠣᠨ᠎ᠤ ᠳᠣᠣᠷ᠎ᠠ ᠬᠠᠭᠠᠰ ᠵᠢᠯ᠎ᠳᠦ᠂ ᠯᠦᠸᠧᠶᠠᠩ ᠤ᠋ᠨ ᠬᠤᠯᠬᠤᠪᠴᠢ ᠵᠢᠨ ᠪᠦᠯᠦᠭᠯᠡᠯ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠤᠷᠤᠯᠳᠤᠭᠠᠨ ᠤ᠋ ᠵᠠᠮ ᠳ᠋ᠤ ᠦᠷᠭᠦᠯᠵᠢᠯᠡᠨ ᠬᠦᠴᠦᠯᠡᠪᠡ᠃ ᠯᠦᠸᠧᠶᠠᠩ ᠤ᠋ᠨ ᠬᠤᠯᠬᠤᠪᠴᠢ ᠵᠢᠨ ᠪᠦᠯᠦᠭᠯᠡᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠶᠡᠷᠦᠩᠬᠡᠶ ᠳᠠᠭᠠᠭᠠᠮᠠᠯ ᠳ᠋ᠢᠩ ᠱᠢᠶᠤᠤ ᠱᠢᠤᠸᠠᠨ ᠪᠦᠯᠬᠦᠮ᠎ᠢᠶᠡᠨ ᠳᠠᠭᠠᠭᠤᠯᠤᠨ ᠲᠤᠷᠱᠢᠯᠲᠠ᠎ᠶ᠋ᠢᠨ ᠲᠠᠰᠤᠭ᠎ᠲᠤ ᠦᠨᠳᠦᠰᠦᠯᠡᠵᠤ᠂ ᠦᠶ᠋ᠯᠡᠳᠪᠦᠷᠢᠯᠡᠯ᠎ᠦᠨ ᠡᠮᠦᠨ᠎ᠡ ᠹᠷᠣᠨᠲ᠎ᠲᠤ ᠠᠵᠢᠯᠯᠠᠵᠤ᠂ ᠤᠷ᠎ᠠ ᠮᠡᠷᠭᠡᠵᠢᠯ᠎ᠦᠨ ᠠᠷᠭ᠎ᠠ ᠵᠠᠮ᠎ᠢ ᠱᠢᠯᠭᠠᠨ ᠪᠠᠲᠤᠯᠠᠵᠤ᠂ ᠣᠯᠠᠨ ᠵᠦᠶ᠋ᠯ᠎ᠦᠨ ᠭᠤᠤᠯᠯᠠᠬᠤ ᠮᠡᠷᠭᠡᠵᠢᠯ᠎ᠦᠨ ᠬᠦᠴᠢᠷ ᠠᠰᠠᠭᠤᠳᠠᠯ᠎ᠢ ᠲᠠᠰᠤᠷᠠᠯᠳᠠ ᠦᠬᠡᠢ ᠱᠢᠶ᠋ᠳᠪᠦᠷᠢᠯᠡᠪᠡ᠃
2025 ᠣᠨ᠎ᠳᠤ᠂ ᠯᠦᠸᠧᠶᠠᠩ ᠤ᠋ᠨ ᠬᠤᠯᠬᠤᠪᠴᠢ ᠵᠢᠨ ᠪᠦᠯᠦᠭᠯᠡᠯ ᠣᠯᠠᠨ ᠵᠦᠶ᠋ᠯ᠎ᠦᠨ ᠱᠢᠨ᠎ᠡ ᠦᠶ᠋ᠯᠡᠳᠬᠦᠨ᠎ᠢ ᠦᠢᠯᠡᠳᠪᠦᠷᠢᠯᠡᠵᠤ᠂ ᠤᠯᠤᠰ᠎ᠤᠨ ᠳᠣᠲᠣᠭᠠᠳᠤ᠎ᠶ᠋ᠢᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠠᠭᠠᠭᠤᠯᠤᠬᠴᠢ ᠠᠵᠤ ᠠᠬᠤᠢᠯᠠᠯ᠎ᠲᠠᠶ ᠭᠦᠨᠵᠡᠭᠡᠶ ᠬᠠᠮᠲᠤᠷᠠᠯᠴᠠᠭ᠎ᠠ ᠪᠠᠢᠭᠤᠯᠪᠠ᠃ ᠢᠯᠠᠩᠭᠤᠶ᠎ᠠ ᠭᠤᠷᠪᠠᠳᠤᠭᠠᠷ ᠦᠶ᠎ᠡ᠎ᠶ᠋ᠢᠨ ᠦᠶ᠋ᠯᠡᠳᠬᠦᠨ ᠨᠢ ᠨᠠᠩ ᠥᠨᠳᠥᠷ ᠬᠤᠷᠠᠮᠠᠯ᠎ᠤᠨ ᠬᠡᠮᠵᠢᠶ᠎ᠡ ᠪᠠ ᠲᠣᠨᠣᠭ᠍ᠯᠠᠯ᠎ᠤᠨ ᠨᠠᠷᠢᠯᠢᠭ᠎ᠤᠨ ᠬᠡᠮᠵᠢᠶ᠎ᠡ᠎ᠳᠦ ᠲᠦᠱᠢᠭ᠌ᠯᠡᠨ᠂ ᠵᠠᠬ᠎ᠠ ᠳᠡᠯᠭᠡᠭᠦᠷ᠎ᠦᠨ ᠬᠡᠷᠡᠭ᠌ᠴᠡᠭᠡ ᠵᠢ ᠮᠠᠰᠢ ᠬᠥᠭ᠌ᠵᠢᠶᠡᠨ ᠲᠡᠶ ᠪᠤᠯᠭᠠᠪᠠ᠃
《ᠶᠡᠷᠦᠩᠬᠡᠢ ᠱᠦᠵᠢ᠎ᠶ᠋ᠢᠨ ᠬᠡᠯᠡᠭ᠌ᠰᠡᠨᠴᠢᠯᠡᠨ᠂ ᠦᠢᠯᠡᠳᠬᠦ᠌ ᠦᠢᠯᠡᠰ ᠪᠣᠯ ᠤᠯᠤᠰ ᠠᠷᠠᠳ᠎ᠤᠨ ᠠᠵᠤ ᠠᠬᠤᠢ᠎ᠶ᠋ᠢᠨ ᠴᠢᠬᠤᠯᠠ ᠲᠤᠯᠭᠠᠭᠤᠷᠢ ᠮᠥᠨ᠃ ᠪᠢᠳᠡ ᠡᠵᠡᠨ ᠬᠥᠮᠦᠨ᠎ᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠵᠤ ᠠᠬᠤᠢᠯᠠᠯ᠎ᠤᠨ ᠬᠥᠭ᠌ᠵᠢᠯᠲᠡ ᠳᠤᠮᠳᠠ ᠬᠦᠴᠦᠯᠡᠨ ᠴᠢᠷᠮᠠᠢᠵᠤ᠂ ᠦᠢᠯᠡᠳᠬᠦ᠌ ᠦᠢᠯᠡᠰ᠎ᠦᠨ ᠦᠷᠢᠰᠦᠯᠳᠦᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠳ᠋ᠢᠩ ᠱᠢᠶᠤᠤ ᠱᠢᠤᠸᠠᠨ ᠬᠡᠯᠡᠪᠡ᠃
ᠪᠤᠳᠠᠳᠤ ᠴᠤᠬᠴᠠ ᠵᠢᠨ ᠠᠵᠤ ᠠᠬᠤᠢ ᠪᠡᠷ ᠠᠵᠤ ᠠᠬᠤᠢᠯᠠᠯ᠎ᠢ ᠴᠣᠭ᠍ᠴᠠᠯᠠᠵᠤ᠂ ᠪᠣᠳᠠᠲᠠᠶ ᠠᠵᠢᠯᠯᠠᠨ ᠠᠵᠤ ᠠᠬᠤᠢᠯᠠᠯ᠎ᠢ ᠬᠦᠴᠦᠷᠬᠡᠭ᠌ᠵᠢᠭᠦᠯᠪᠠ᠃ 2025 ᠣᠨ᠎ᠳᠤ᠂ ᠯᠦᠸᠧᠶᠠᠩ ᠤ᠋ᠨ ᠬᠤᠯᠬᠤᠪᠴᠢ ᠵᠢᠨ ᠪᠦᠯᠦᠭᠯᠡᠯ ᠤ᠋ᠨ ᠡᠵᠡᠩᠨᠡᠯᠲᠡ᠎ᠶ᠋ᠢᠨ ᠣᠷᠣᠯᠭ᠎ᠠ 60 ᠳ᠋ᠦᠩᠱᠢᠭᠤᠷ ᠲᠥᠭᠥᠷᠢᠭ᠎ᠢ ᠳᠠᠪᠠᠵᠤ᠂ ᠦᠢᠯᠡᠳᠬᠦᠨ᠎ᠨᠢ ᠪᠠᠮᠪᠠᠢ ᠪᠦᠲᠦᠴᠡᠲᠦ ᠮᠠᠱᠢᠨ᠂ ᠮᠠᠱᠢᠨ ᠬᠥᠮᠦᠨ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠰᠠᠯᠬᠢᠨ ᠬᠦᠴᠦ᠍᠎ᠪᠡᠷ ᠴᠠᠬᠢᠯᠭᠠᠨ ᠭᠠᠷᠭᠠᠬᠤ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠭᠳᠡᠪᠡ᠃
ᠯᠦᠸᠧᠶᠠᠩ ᠤ᠋ᠨ ᠬᠤᠯᠬᠤᠪᠴᠢ ᠵᠢᠨ ᠪᠦᠯᠦᠭᠯᠡᠯ ᠤ᠋ᠨ 《ᠪᠤᠳᠠᠳᠤ ᠴᠤᠬᠴᠠ ᠵᠢᠨ ᠠᠵᠤ ᠠᠬᠤᠢ》 ᠵᠢ ᠪᠠᠳᠤᠳᠬᠠᠨ ᠰᠠᠭᠤᠷᠢ ᠵᠢ ᠪᠡᠬᠢᠵᠢᠬᠦᠯᠦᠭᠰᠡᠨ ᠦᠯᠢᠬᠡᠷ ᠨᠢ ᠮᠠᠨ᠎ᠤ ᠤᠯᠤᠰ᠎ᠤᠨ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠯᠠᠪᠳᠠᠭᠤᠨ ᠪᠠᠲᠤᠲᠠᠢ ᠪᠠᠢᠬᠤ᠎ᠶ᠋ᠢᠨ ᠠᠮᠢᠳᠤᠯᠢᠭ ᠵᠢᠷᠤᠭ᠍ᠯᠠᠯ ᠪᠣᠯᠤᠨ᠎ᠠ᠃
2025 ᠣᠨ᠎ᠳᠤ᠂ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠦᠨ ᠠᠵᠤ ᠠᠬᠤᠶ᠎ᠶ᠋ᠢᠨ ᠨᠡᠮᠡᠭ᠌ᠳᠡᠯ᠎ᠳᠦ ᠬᠤᠪᠢ ᠨᠡᠮᠡᠷᠢᠦᠵᠡᠭᠦᠯᠦᠭᠰᠡᠨ ᠨᠣᠷᠮ᠎ᠠ 35% ᠳ᠋ᠤ ᠬᠦᠷᠴᠡᠶ᠂ ᠡᠭᠦᠨ᠎ᠳᠦ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ 16 ᠵᠢᠯ ᠳᠠᠷᠠᠭᠠᠯᠠᠨ ᠳᠡᠯᠡᠬᠡᠶ᠎ᠳᠦ ᠲᠦᠷᠦᠬᠦᠯᠡᠵᠤ᠂ ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠪᠥᠬᠥ᠌ ᠥᠷᠲᠡᠭ (GDP) ᠲᠤ᠌ ᠡᠵᠡᠯᠡᠬᠦ᠌ ᠬᠤᠪᠢ᠎ᠶ᠋ᠢᠨ ᠵᠢᠩ᠎ᠨᠢ ᠲᠣᠭ᠍ᠲᠠᠭᠤᠨ ᠪᠠᠢᠳᠠᠯ᠎ᠢᠶᠠᠨ ᠪᠠᠲᠤᠯᠠᠪᠠ; ᠪᠦᠬᠦ᠌ ᠤᠯᠤᠰ᠎ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠵᠤ᠂ ᠤᠨᠠᠯᠲᠠ᠎ᠶ᠋ᠢ 1.4 ᠲᠦᠮᠡᠨ ᠳ᠋ᠦᠩᠱᠢᠭᠤᠷ ᠵᠢᠩ᠎ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠵᠤ᠂ ᠲᠠᠷᠢᠶᠠᠯᠠᠩ᠎ᠤᠨ ᠰᠠᠭᠤᠷᠢ ᠪᠣᠯᠬᠤ ᠪᠠᠢᠷᠢ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠪᠡ; ᠦᠢᠯᠡᠴᠢᠯᠡᠭᠡᠨ᠎ᠦ ᠦᠢᠯᠡᠰ ᠲᠣᠭ᠍ᠲᠠᠭᠤᠨ᠎ᠢᠶᠠᠷ ᠨᠡᠮᠡᠭ᠌ᠳᠡᠵᠦ᠍᠂ ᠦᠢᠯᠡᠴᠢᠯᠡᠭᠡᠨ᠎ᠦ ᠦᠢᠯᠡᠰ᠎ᠦᠨ ᠨᠡᠮᠡᠭ᠌ᠳᠡᠯ ᠦᠷᠲᠡᠭ᠎ᠦᠨ GDP ᠳ᠋ᠤ ᠡᠵᠡᠯᠡᠬᠦ᠌ ᠬᠤᠪᠢ᠎ᠶ᠋ᠢᠨ ᠵᠢᠩ ᠠᠷᠪᠡᠨ ᠤ᠋ ᠵᠢᠷᠭᠤᠭᠠᠨ ᠬᠤᠪᠢ ᠱᠢᠬᠠᠮ ᠪᠣᠯᠲᠠᠯ᠎ᠠ ᠳᠡᠭᠡᠭ᠌ᠰᠢᠯᠡᠪᠡ; 《ᠬᠣᠶᠠᠷ ᠴᠢᠬᠤᠯᠠ》 ᠲᠥᠷᠥᠯ ᠵᠦᠢᠯ᠎ᠢᠶᠡᠷ ᠭᠣᠣᠯᠳᠠᠯᠭ᠎ᠠ ᠪᠣᠯᠭᠠᠨ᠂ ᠵᠠᠮ ᠬᠠᠷᠢᠯᠴᠠᠭ᠎ᠠ᠂ ᠤᠰᠤᠨ ᠠᠱᠢᠭ᠍ᠯᠠᠯᠲᠠ᠂ ᠬᠣᠲᠠ᠎ᠶ᠋ᠢ ᠱᠢᠨᠡᠳᠬᠡᠬᠦ ᠵᠡᠷᠭᠡ ᠰᠠᠭᠤᠷᠢ ᠲᠦᠬᠦᠭᠡᠷᠤᠮᠵᠢ ᠵᠢᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠪᠠ ᠁
ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ᠎ᠶ᠋ᠢ ᠠᠳᠭᠤᠪᠠ
《〈ᠡᠬᠡ ᠬᠠᠭᠤᠷᠠᠶ᠎ᠶ᠋ᠢᠨ ᠨᠢᠰᠭᠡᠯ᠎ᠦᠨ ᠰᠠᠭᠤᠷᠢ ᠣᠩᠭᠣᠴᠠ〉 ᠶ᠋ᠢᠨ ᠪᠡᠶ᠎ᠡ ᠬᠤᠪᠢᠶᠠᠭ᠍ᠰᠠᠨ ᠮᠠᠶᠢᠭ᠎ᠤᠨ ᠨᠢᠰᠭᠦ ᠮᠠᠱᠢᠨ ᠲᠡᠷᠭᠡ ᠪᠣᠯ 〈ᠱᠢᠨ᠎ᠡ ᠪᠤᠳᠠᠰ᠎ᠤᠨ ᠳᠦᠷᠰᠦ〉 ᠮᠥᠨ᠃ ᠭᠤᠸᠠᠩᠳᠦ᠋ᠩ᠎ᠦᠨ ᠬᠣᠶ ᠲᠢᠶᠠᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢ ᠡᠭᠦᠳᠦᠨ ᠪᠠᠢᠭᠤᠯᠤᠬᠴᠢ ᠵᠣᠣ ᠳ᠋ᠸ ᠯᠢ᠂ ᠡᠨᠡ ᠨᠢᠰᠬᠦ ᠮᠠᠰᠢᠨ ᠲᠡᠷᠬᠡ ᠪᠤᠯ ᠤᠯᠠᠮᠵᠢᠯᠠᠯᠲᠤ ᠮᠠᠱᠢᠨ ᠲᠡᠷᠭᠡ ᠪᠠ ᠨᠢᠰᠦᠭᠦᠷ᠎ᠦᠨ ᠣᠨᠴᠠᠯᠢᠭ ᠢ᠋ ᠤᠶᠠᠯᠳᠤᠭᠤᠯᠵᠤ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠴᠢᠬᠤᠯᠠ ᠴᠢᠭ᠌ᠯᠡᠯ ᠪᠣᠯᠤᠨ᠎ᠠ ᠭᠡᠵᠤ ᠲᠠᠨᠢᠯᠴᠠᠭᠤᠯᠪᠠ᠃
2025 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ 《ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠱᠢᠭᠦᠯᠬᠦ᠌ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠨᠡᠭᠡᠭᠡᠨ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠢᠷᠡᠭᠡᠳᠦᠢ᠎ᠶ᠋ᠢᠨ ᠠᠵᠤ ᠦᠢᠯᠡᠰ᠎ᠦᠨ ᠱᠢᠨ᠎ᠡ ᠤᠷᠤᠯᠳᠤᠭᠠᠨ᠎ᠤ ᠵᠠᠮ᠎ᠢ ᠵᠡᠷᠭᠡ᠎ᠪᠡᠷ ᠴᠢᠬᠤᠯᠠᠴᠢᠯᠠᠬᠤ ᠬᠡᠷᠡᠭ᠌ᠲᠡᠢ》 ᠭᠡᠵᠦ᠍ ᠱᠠᠭᠠᠷᠳᠠᠪᠠ᠃ 2025 ᠣᠨ᠎ᠤ 11 ᠰᠠᠷ᠎ᠠ᠎ᠳᠤ᠂ ᠭᠤᠸᠠᠩᠳᠦ᠋ᠩ᠎ᠳᠦ ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠪᠠᠰᠠ᠄ 《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠴᠢᠩᠭᠠᠳᠭᠠᠵᠤ᠂ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ᠎ᠪᠦᠬᠦᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠢ》 ᠭᠡᠵᠤ ᠴᠢᠬᠤᠯᠠᠴᠢᠯᠠᠪᠠ᠃
《ᠶᠡᠷᠦᠩᠬᠡᠢ ᠱᠦᠵᠢ᠎ᠶ᠋ᠢᠨ ᠴᠢᠬᠤᠯᠠ ᠥᠭᠦᠯᠡᠯᠲᠡ ᠨᠢ ᠪᠢᠳᠡᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢ ᠠᠭᠤᠰᠤᠯᠴᠠᠭᠤᠯᠬᠤ᠎ᠶ᠋ᠢ ᠳᠠᠰᠤᠷᠠᠯᠳᠠ ᠦᠭᠡᠢ ᠰᠦᠪᠡᠭ᠌ᠴᠢᠯᠡᠬᠦ᠌᠎ᠶ᠋ᠢ ᠵᠣᠷᠢᠭ᠍ᠵᠢᠭᠤᠯᠪᠠ》᠃ ᠨᠢᠭᠡ ᠵᠢᠯ᠎ᠦᠨ ᠲᠤᠷᠰᠢ᠂ ᠵᠤᠤ ᠳ᠋ᠸ ᠯᠢ ᠺᠣᠮᠫᠠᠨᠢ᠎ᠪᠠᠨ ᠲᠠᠢᠴᠢᠯᠠᠨ ᠮᠡᠷᠭᠡᠵᠢᠯ᠎ᠦᠨ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠬᠦ᠌᠎ᠶ᠋ᠢᠨ ᠬᠠᠮᠲᠤ ᠱᠢᠨ᠎ᠡ᠎ᠶ᠋ᠢ ᠡᠭᠦᠳᠬᠦ᠌ ᠮᠡᠷᠭᠡᠵᠢᠯ᠎ᠢ ᠦᠨᠡᠨ ᠬᠦ᠌ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶ᠋ᠢ ᠱᠠᠯᠠᠪᠳᠠᠨ ᠠᠬᠢᠭᠤᠯᠪᠠ᠃
2025 ᠣᠨ᠎ᠤ 11 ᠰᠠᠷ᠎ᠠ᠎ᠳᠤ᠂ ᠺᠣᠮᠫᠠᠨᠢ᠎ᠶ᠋ᠢᠨ ᠬᠢᠨ ᠭᠤᠸᠠᠩᠳᠦ᠋ᠩ᠎ᠦᠨ ᠬᠤᠸᠠᠨᠭᠫᠦ᠋ ᠳ᠋ᠡᠬᠢ ᠨᠢᠰᠬᠦ ᠮᠠᠱᠢᠨ ᠲᠡᠷᠭᠡ ᠵᠢ ᠬᠡᠪᠴᠢᠶᠡᠵᠢᠭᠦᠯᠦᠨ ᠦᠢᠯᠡᠳᠪᠦᠷᠢᠯᠡᠬᠦ᠌ ᠦᠢᠯᠡᠳᠪᠦᠷᠢ᠎ᠳᠦ ᠠᠩᠬᠠᠨ᠎ᠤ 《ᠡᠬᠡ ᠬᠠᠭᠤᠷᠠᠢ᠎ᠶ᠋ᠢᠨ ᠨᠢᠰᠭᠡᠯ᠎ᠦᠨ ᠰᠠᠭᠤᠷᠢ ᠣᠩᠭᠣᠴᠠ》 ᠨᠢᠰᠦᠭᠦᠷ᠎ᠢ ᠲᠤᠷᠱᠢᠨ ᠦᠢᠯᠡᠳᠪᠦᠷᠢᠯᠡᠭ᠌ᠰᠡᠨ ᠪᠥᠭᠡᠳ ᠠᠮᠵᠢᠯᠲᠠ᠎ᠲᠠᠶ᠎ᠪᠠᠷ ᠦᠢᠯᠡᠳᠪᠦᠷᠢᠯᠡᠵᠦ᠍᠂ ᠪᠥᠭᠡᠮ᠎ᠢᠶᠡᠷ ᠦᠢᠯᠡᠳᠪᠦᠷᠢᠯᠡᠬᠦ᠌ ᠲᠡᠢᠰᠢ ᠨᠢᠭᠡ ᠶᠡᠬᠡ ᠠᠯᠬᠤᠮ ᠤᠷᠤᠭ᠍ᠰᠢᠯᠠᠪᠠ᠃
ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ 《ᠱᠢᠨ᠎ᠡ》 ᠬᠦᠴᠦᠨ᠎ᠢ ᠳᠡᠭᠡᠭ᠌ᠰᠢᠯᠡᠭᠦᠯᠬᠦ᠌᠎ᠳᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢ ᠠᠭᠤᠰᠤᠯᠴᠠᠭᠤᠯᠬᠤ ᠪᠣᠯ ᠵᠠᠩᠭᠢᠯᠠᠭ᠎ᠠ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠴᠢᠭ᠌ᠯᠡᠯ᠎ᠢ ᠲᠣᠳᠣᠷᠬᠠᠢ ᠵᠢᠭᠠᠵᠤ ᠦᠭᠴᠤ᠂ 《ᠲᠠᠪᠴᠠᠩ ᠪᠠᠢᠭᠤᠯᠵᠤ᠂ ᠪᠠᠢᠭᠤᠯᠤᠯ ᠲᠣᠭ᠍ᠲᠠᠴᠠ᠎ᠶ᠋ᠢ ᠪᠦᠷᠢᠨᠱᠢᠬᠦᠯᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠬᠤ ᠬᠡᠷᠡᠭ᠌ᠲᠡᠢ》 ᠭᠡᠪᠡ᠃
ᠭᠤᠸᠠᠩᠵᠧᠦ᠍᠎ᠶ᠋ᠢᠨ ᠤᠯᠠᠨ ᠤᠯᠤᠰ᠎ᠤᠨ ᠠᠮᠢᠳᠤ ᠪᠣᠳᠠᠰ᠎ᠤᠨ ᠠᠷᠠᠯ᠎ᠳᠤ᠂ 2025 ᠣᠨ᠎ᠤ ᠡᠴᠦᠰ᠎ᠢᠶᠡᠷ ᠫᠠᠢᠰᠠ ᠡᠯᠭᠦᠭ᠌ᠰᠡᠨ ᠪᠦᠬᠦ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠣᠷᠣᠨ ᠪᠦᠰᠡ᠎ᠶ᠋ᠢᠨ ᠮᠡᠷᠭᠡᠵᠢᠯ᠎ᠢ ᠱᠢᠯᠵᠢᠭᠦᠯᠦᠨ ᠣᠨᠳᠣᠣᠱᠢᠭᠤᠯᠬᠤ ᠲᠥᠪ (ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ)᠎ᠤ᠋ᠨ ᠲᠤᠷᠱᠢᠯᠲᠠ᠎ᠶ᠋ᠢᠨ ᠲᠠᠰᠤᠭ᠎ᠲᠤ ᠤᠯᠠᠨ ᠬᠦᠮᠦᠨ ᠶᠠᠭᠠᠷᠠᠯᠲᠠᠢ ᠠᠵᠢᠯᠯᠠᠬᠤ ᠪᠠᠢᠳᠠᠯ ᠢᠯᠡᠷᠡᠪᠡ᠃ ᠣᠯᠠᠨ ᠵᠦᠶ᠋ᠯ᠎ᠦᠨ ᠬᠣᠱᠢᠭᠤᠷᠠᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠤ ᠴᠣᠭ᠍ᠴᠠ᠎ᠶ᠋ᠢᠨ ᠡᠮ ᠪᠣᠯᠭᠠᠨ ᠬᠤᠪᠢᠷᠠᠭᠤᠯᠬᠤ ᠠᠬᠢᠴᠠ᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ 《ᠬᠤᠷᠳᠤᠴᠠ ᠵᠢ ᠲᠦᠷᠭᠡᠳᠬᠡᠪᠡ》᠃
ᠣᠷᠳᠣ ᠬᠤᠭᠤᠴᠠᠭᠠᠨ᠎ᠤ ᠲᠤᠷᠰᠢ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ᠎ᠳᠤ ᠦᠨᠡᠯᠡᠬᠦ᠌ ᠲᠣᠭ᠍ᠲᠠᠴᠠ ᠲᠡᠭᠦᠯᠳᠡᠷᠵᠢᠭᠡᠳᠦᠶ᠂ ᠤᠬᠠᠭ᠍ᠳᠠᠬᠤᠨ᠎ᠢ ᠱᠢᠯᠭᠠᠨ ᠪᠠᠲᠤᠯᠠᠬᠤ ᠲᠠᠪᠴᠠᠩ ᠳᠤᠲᠠᠭ᠍ᠳᠠᠵᠤ ᠪᠠᠢᠬᠤ᠂ ᠪᠠᠯᠠ ᠮᠥᠩᠭᠥ᠎ᠶ᠋ᠢᠨ ᠳᠡᠮᠵᠢᠯᠭᠡ ᠬᠦᠷᠦᠯᠴᠡᠬᠦ᠌ ᠥᠬᠡᠶ ᠪᠠᠢᠬᠤ ᠵᠡᠷᠭᠡ ᠣᠯᠠᠨ ᠳᠠᠪᠬᠤᠷ ᠥᠷᠢᠰᠥᠯᠳᠦᠭᠡᠨ᠎ᠳᠦ ᠲᠤᠯᠭᠠᠷᠠᠵᠤ᠂ 《ᠲᠤᠷᠱᠢᠯᠲᠠ᠎ᠶ᠋ᠢᠨ ᠲᠠᠰᠤᠭ》 ᠬᠢᠭᠡᠳ 《ᠦᠶ᠋ᠯᠡᠳᠪᠦᠷᠢᠯᠡᠯ᠎ᠦᠨ ᠱᠤᠭᠤᠮ》 ᠤ᠋ᠨ ᠬᠣᠭᠣᠷᠣᠨᠳᠣᠬᠢ ᠤᠨᠳᠤᠤᠰᠢᠭᠤᠯᠬᠤ ᠬᠡᠯᠬᠢᠶ᠎ᠡ ᠲᠠᠰᠤᠷᠠᠭᠰᠠᠨ ᠪᠠᠢᠳᠠᠯ ᠢᠯᠡᠳᠲᠡ ᠤᠷᠤᠰᠢᠵᠤ ᠪᠠᠢᠨ᠎ᠠ᠃
《ᠶᠡᠷᠦᠩᠬᠡᠶ ᠱᠦᠵᠢ ᠱᠢᠨ᠎ᠡ᠎ᠶ᠋ᠢ ᠡᠭᠦᠳᠬᠦ᠌ ᠬᠡᠯᠬᠢᠶ᠎ᠡ ᠪᠣᠯᠤᠨ ᠠᠵᠤ ᠦᠶ᠋ᠯᠡᠰ᠎ᠦᠨ ᠬᠡᠯᠬᠢᠶ᠎ᠡ᠎ᠶ᠋ᠢ ᠵᠠᠪᠰᠠᠷ ᠥᠬᠡᠶ ᠵᠣᠯᠭᠠᠭᠤᠯᠬᠤ ᠬᠡᠷᠡᠭ᠌ᠲᠡᠶ ᠭᠡᠵᠦ᠍ ᠵᠠᠬᠢᠪᠠ᠂ ᠮᠡᠷᠭᠡᠵᠢᠯ᠎ᠢ ᠱᠢᠯᠵᠢᠭᠦᠯᠦᠨ ᠣᠨᠳᠣᠣᠱᠢᠭᠤᠯᠬᠤ ᠲᠥᠪ ᠪᠥᠬᠥ᠌ ᠬᠡᠯᠬᠢᠶ᠎ᠡ᠎ᠶ᠋ᠢ ᠬᠠᠮᠤᠷᠤᠭ᠍ᠰᠠᠨ ᠲᠤᠯᠭᠠᠭᠤᠷᠢᠯᠠᠬᠤ ᠱᠢᠰᠲ᠋ᠧᠮ᠎ᠢ ᠪᠠᠢᠭᠤᠯᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠦᠶ᠋ᠯᠡᠰ ᠪᠤᠰᠬᠠᠬᠤ ᠬᠦᠴᠢᠷ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠬᠦ᠌᠎ᠪᠡᠷ ᠴᠢᠷᠮᠠᠢᠵᠤ ᠪᠠᠢᠨ᠎ᠠ》 ᠭᠡᠵᠦ᠍ ᠲᠤᠰ ᠲᠥᠪ᠎ᠦᠨ ᠭᠦᠢᠴᠡᠳᠭᠡᠭ᠌ᠴᠢ ᠡᠷᠬᠢᠯᠡᠭ᠌ᠴᠢ ᠵᠧᠦ ᠫᠸᠩ ᠬᠤᠢ ᠬᠡᠯᠡᠪᠡ᠃
ᠪᠦᠬᠦ᠌ ᠤᠯᠤᠰ᠎ᠢ ᠪᠠᠷᠠᠯᠠᠬᠤᠶ᠎ᠠ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ 《ᠵᠢᠭᠦᠷ᠎ᠢᠶᠡᠨ ᠳᠡᠯᠭᠡᠨ ᠥᠨᠳᠥᠷ᠎ᠲᠦ ᠨᠢᠰᠴᠦ》᠂ ᠪᠡᠶᠡᠲᠦ ᠤᠶᠤᠨ 《ᠰᠡᠷᠭᠡᠭ ᠰᠡᠳᠭᠢᠬᠦᠢ ᠤᠷᠠᠨ ᠠᠵᠢᠯᠯᠠᠭ᠎ᠠ》 ᠵᠢ ᠪᠡᠶᠡᠯᠡᠬᠦᠯᠵᠤ᠂ ᠣᠶᠤᠨᠳᠤ ᠦᠢᠯᠡᠳᠬᠦ᠌ ᠢᠨᠵᠧᠨᠧᠷᠢᠩ᠎ᠢ ᠯᠠᠪᠳᠠᠭᠤᠨ ᠪᠠᠲᠤᠲᠠᠢ ᠠᠬᠢᠭᠤᠯᠵᠤ᠂ ᠣᠶᠤᠨᠳᠤ ᠦᠢᠯᠡᠳᠪᠦᠷᠢ᠎ᠶ᠋ᠢᠨ ᠲᠣᠭ᠎ᠠ ᠬᠡᠮᠵᠢᠢ᠎ᠡ ᠲᠣᠭ᠍ᠲᠠᠭᠤᠨ᠎ᠢᠶᠠᠷ ᠨᠡᠮᠡᠭ᠌ᠳᠡᠵᠦ᠍᠂ ᠠᠭᠠᠷ᠎ᠤᠨ ᠠᠶᠠᠯᠠᠯ᠂ ᠰᠠᠨᠰᠠᠷ᠎ᠤᠨ ᠨᠢᠰᠦᠭᠦᠷ ᠵᠢᠴᠢ ᠲᠤᠨᠤᠭᠯᠠᠯ ᠦᠢᠯᠡᠳᠬᠦ᠌ ᠵᠡᠷᠭᠡ ᠠᠵᠢᠯ ᠲᠦᠷᠦᠯ᠎ᠦᠨ ᠪᠡᠯᠡ ᠣᠷᠣᠭᠤᠯᠤᠯᠲᠠ 2025 ᠣᠨ᠎ᠳᠤ ᠬᠣᠶᠠᠷ ᠣᠷᠣᠨᠲᠤ ᠲᠣᠭ᠎ᠠ᠎ᠶ᠋ᠢᠨ ᠨᠡᠮᠡᠭ᠌ᠳᠡᠯ᠎ᠢ ᠪᠡᠶᠡᠯᠡᠭᠦᠯᠪᠡ ᠁
ᠦᠨᠡᠨ᠎ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠱᠢᠨ᠎ᠡ᠎ᠶ᠋ᠢ ᠡᠭᠦᠳᠬᠦ᠌᠎ᠪᠡᠷ ᠪᠤᠳᠠᠳᠤ ᠴᠤᠬᠴᠠ ᠵᠢᠨ ᠠᠵᠤ ᠠᠬᠤᠢ ᠵᠢᠨ ᠬᠦᠭᠵᠢᠯᠳᠠ᠎ᠶ᠋ᠢ ᠠᠬᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠤᠨ ᠪᠤᠵᠠᠭᠠᠢᠷᠠᠭᠤᠯᠪᠠᠯ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ ᠤᠯᠠᠮ ᠪᠡᠬᠢᠵᠢᠬᠦ᠌ ᠪᠣᠯᠤᠨ᠎ᠠ᠃
ᠤᠶᠤᠨᠴᠢᠯᠠᠬᠤ ᠪᠣᠬᠢᠷᠲᠤᠯ ᠦᠬᠡᠢᠵᠢᠬᠦᠯᠬᠦ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠪᠠ
ᠯᠢᠶᠣᠤᠨᠢᠩ᠎ᠳᠤ ᠪᠠᠢᠭ᠎ᠠ ᠪᠸᠨ ᠭᠠᠩ᠎ᠤᠨ ᠬᠠᠪᠲᠠᠰᠤᠨ᠎ᠤ ᠬᠦᠢᠳᠡᠨ ᠬᠡᠪᠱᠢᠭᠦᠯᠭᠡᠶ᠋ᠢᠨ ᠶᠡᠷᠦᠩᠬᠡᠢ ᠦᠢᠯᠡᠳᠪᠦᠷᠢ᠎ᠶ᠋ᠢᠨ ᠭᠤᠷᠪᠠᠳᠤᠭᠠᠷ ᠬᠦᠢᠳᠡᠨ ᠬᠡᠪᠱᠢᠭᠦᠯᠭᠡᠶ᠋ᠢᠨ ᠦᠢᠯᠡᠳᠪᠦᠷᠢ᠎ᠳᠦ ᠣᠷᠣᠪᠠᠯ᠂ ᠪᠡᠶ᠎ᠡ᠎ᠶ᠋ᠢᠨ ᠦᠨᠡᠮᠯᠡᠯ᠎ᠲᠡᠶ ᠠᠳᠠᠯᠢ ᠨᠢᠮᠭᠡᠨ ᠣᠷᠢᠶᠠᠮᠠᠯ ᠪᠤᠯᠤᠳ ᠮᠠᠲ᠋ᠧᠷᠢᠶᠠᠯ ᠬᠡᠪᠱᠢᠭᠦᠯᠭᠡ ᠵᠢᠨ ᠮᠠᠱᠢᠨ᠎ᠤ ᠬᠣᠭᠣᠷᠣᠨᠳᠣ ᠲᠠᠮᠵᠢᠭᠳᠠᠨ᠎ᠠ᠃ 480 ᠲᠣᠨ ᠬᠦᠨᠳᠦ᠍᠎ᠶ᠋ᠢ ᠳᠠᠭᠠᠭᠠᠬᠤ ᠡᠨᠡ ᠨᠢᠮᠭᠡᠨ ᠬᠠᠪᠲᠠᠰᠤ ᠨᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠪᠡᠶ᠎ᠡ᠎ᠶ᠋ᠢ ᠬᠦᠨᠭᠭᠡᠨ ᠪᠤᠯᠭᠠᠬᠤ ᠭᠤᠤᠯᠯᠠᠬᠤ ᠮᠠᠲ᠋ᠧᠷᠢᠶᠠᠯ ᠪᠣᠯᠤᠨ᠎ᠠ᠃
ᠤᠤᠯ᠎ᠳᠠᠭᠠᠨ ᠬᠥᠮᠦᠨ᠎ᠦ ᠬᠦᠴᠦ᠍᠎ᠪᠡᠷ ᠠᠵᠢᠯᠯᠠᠭᠤᠯᠵᠤ ᠪᠠᠢᠬᠰᠠᠨ ᠡᠴᠡ ᠦᠶ᠋ᠯᠡᠳᠪᠦᠷᠢᠯᠡᠯ᠎ᠦᠨ ᠲᠣᠭ᠍ᠲᠠᠪᠤᠷᠢᠲᠤ ᠴᠢᠨᠠᠷ ᠨᠡᠯᠢᠶᠡᠳ ᠳᠤᠤᠷ᠎ᠠ᠂ ᠦᠶ᠋ᠯᠡᠳᠬᠦᠨ᠎ᠦ ᠬᠢᠷᠢ ᠲᠡᠩᠴᠡᠬᠦ᠌ ᠨᠣᠷᠮ᠎ᠠ᠎ᠶ᠋ᠢᠨ ᠬᠡᠯᠪᠡᠯᠵᠡᠯᠳᠠ ᠨᠡᠯᠢᠶᠡᠳ ᠶᠡᠬᠡ ᠪᠠᠢᠪᠠ᠃ ᠣᠳᠣᠬᠠᠨ᠎ᠳᠤ᠂ ᠬᠠᠵᠠᠭᠤᠳᠡᠬᠢ ᠬᠢᠨᠠᠨ ᠡᠵᠡᠮᠳᠡᠬᠦ᠌ ᠲᠠᠰᠤᠭ᠎ᠲᠤ᠂ ᠳᠡᠯᠭᠡᠴᠡ ᠳᠡᠭᠡᠷᠡᠬᠢ ᠵᠤᠵᠠᠭᠠᠨ᠎ᠤ ᠬᠡᠮᠵᠢᠶ᠎ᠡ᠎ᠶ᠋ᠢ ᠲᠥᠯᠥᠭᠡᠯᠡᠬᠦ᠌ ᠨᠣᠭᠣᠭᠠᠨ ᠦᠨᠭᠭᠡᠲᠦ ᠮᠤᠷᠤᠶ ᠱᠤᠭᠤᠮ ᠨᠢ ᠶᠡᠷᠦᠨᠭᠭᠡᠢ ᠳ᠋ᠡᠭᠡᠨ ᠲᠤᠭᠳᠠᠭᠤᠨ ᠪᠠᠢᠳᠠᠯ ᠵᠢᠡᠨ ᠪᠠᠳᠤᠯᠠᠪᠠ᠃
《ᠶᠡᠷᠦᠩᠬᠡᠶ ᠱᠦᠵᠢ 2025 ᠣᠨ᠎ᠤ ᠡᠬᠢ᠎ᠪᠡᠷ ᠮᠠᠠ᠎ᠤ ᠦᠶ᠋ᠯᠡᠳᠪᠦᠷᠢ᠎ᠳᠦ ᠱᠢᠨᠵᠢᠯᠡᠨ ᠪᠠᠢᠴᠠᠭᠠᠵᠤ᠂ ᠲᠠᠮᠠᠢ ᠤᠳᠠᠬᠰᠠᠨ ᠥᠬᠡᠶ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠬᠦᠭᠵᠢᠬᠦᠯᠬᠦ ᠲᠤᠬᠠᠶ ᠱᠠᠭᠠᠷᠳᠠᠯᠭ᠎ᠠ ᠳᠤᠷᠠᠳᠪᠠ᠃ ᠠᠯᠢ ᠤᠯᠠᠨ ᠪᠠᠢᠷᠢᠯᠠᠭᠤᠯᠤᠯᠲᠠ ᠨᠢ ᠪᠢᠳᠡᠨ᠎ᠦ ᠲᠣᠭᠠᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠬᠤ᠎ᠳᠤ ᠴᠢᠭ᠌ᠯᠡᠯ᠎ᠢ ᠵᠢᠭᠠᠵᠤ ᠥᠭ᠌ᠴᠡᠢ》 ᠭᠡᠵᠦ᠍ ᠦᠢᠯᠡᠳᠪᠦᠷᠢᠯᠡᠯ᠎ᠦᠨ ᠮᠡᠷᠭᠡᠵᠢᠯ᠎ᠦᠨ ᠬᠠᠷᠢᠭᠤᠴᠠᠯᠭᠠᠲᠠᠨ ᠭᠦ᠋ ᠵᠦᠩ ᠱᠤᠸᠠᠢ ᠬᠡᠯᠡᠪᠡ᠃
2025 ᠣᠨ᠎ᠡᠴᠡ ᠨᠠᠭᠠᠰᠢ᠂ ᠦᠢᠯᠡᠳᠪᠦᠷᠢ᠎ᠡᠴᠡ 《ᠤᠶᠤᠨᠴᠢᠯᠠᠯᠲᠠ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ》 ᠵᠢ ᠲᠦᠷᠭᠡᠳᠭᠡᠨ ᠠᠬᠢᠭᠤᠯᠵᠤ᠂ ᠦᠢᠯᠡᠳᠪᠦᠷᠢᠯᠡᠯ᠎ᠦᠨ ᠨᠠᠷᠢᠯᠢᠭ᠍ᠴᠠ᠂ ᠦᠢᠯᠡᠳᠪᠦᠷᠢᠯᠡᠯ᠎ᠦᠨ ᠲᠣᠭ᠍ᠲᠠᠪᠤᠷᠢᠲᠤ ᠴᠢᠨᠠᠷ ᠶᠡᠬᠡᠪᠡᠷ ᠳᠡᠭᠡᠭ᠌ᠰᠢᠯᠡᠪᠡ᠃ ᠮᠡᠷᠭᠡᠵᠢᠯ᠎ᠦᠨ ᠲᠠᠰ ᠳᠠᠪᠱᠢᠯᠲᠠ᠎ᠳᠤ ᠲᠦᠱᠢᠭ᠌ᠯᠡᠨ᠂ ᠪᠥᠬᠥ᠌ ᠵᠢᠯ᠎ᠦᠨ ᠮᠠᠱᠢᠨ ᠲᠡᠷᠭᠡᠨ᠎ᠦ ᠪᠣᠯᠣᠳ ᠲᠡᠮᠦᠷ᠎ᠦᠨ ᠭᠤᠤᠯ ᠮᠠᠱᠢᠨ᠎ᠤ ᠦᠶ᠋ᠯᠡᠳᠪᠦᠷᠢ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ 49.2% ᠵᠢᠡᠷ ᠳᠡᠭᠡᠭ᠌ᠰᠢᠯᠡᠵᠦ᠍᠂ ᠳᠡᠭᠡᠳᠦ ᠲᠠᠰ᠎ᠤᠨ ᠮᠠᠱᠢᠨ ᠲᠡᠷᠭᠡᠨ᠎ᠦ ᠭᠠᠳᠠᠷ ᠬᠠᠪᠲᠠᠰᠤᠨ᠎ᠤ ᠪᠣᠷᠣᠯᠠᠭᠤᠯᠭ᠎ᠠ᠎ᠶ᠋ᠢᠨ ᠬᠡᠮᠵᠢᠶ᠎ᠡ 78.1% ᠪᠠᠷ ᠨᠡᠮᠡᠭ᠌ᠳᠡᠵᠦ᠍᠂ ᠰᠢᠯᠢᠳᠡᠭ ᠦᠶ᠋ᠯᠡᠳᠬᠦᠨ ᠪᠣᠯᠤᠨ ᠱᠢᠨ᠎ᠡ ᠦᠶ᠋ᠯᠡᠳᠬᠦᠨ᠎ᠦ ᠪᠣᠷᠣᠯᠠᠭᠤᠯᠭ᠎ᠠ᠎ᠶ᠋ᠢᠨ ᠬᠡᠮᠵᠢᠶ᠎ᠡ ᠴᠥᠮ ᠶᠡᠬᠡ ᠬᠡᠮᠵᠢᠶ᠎ᠡ᠎ᠪᠡᠷ ᠨᠡᠮᠡᠭ᠌ᠳᠡᠪᠡ᠃
ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ᠎ᠶ᠋ᠢ ᠪᠣᠳᠣᠯᠬᠢᠯᠠᠵᠤ᠂ ᠶᠡᠷᠦᠩᠬᠡᠢ ᠱᠦᠵᠢ ᠰᠢ ᠵᠢᠨ ᠫᠢᠩ ᠤᠶᠤᠨᠴᠢᠯᠠᠬᠤ᠂ ᠪᠣᠬᠢᠷᠲᠤᠯ ᠦᠬᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠬᠤ ᠬᠡᠷᠡᠭ᠌ᠲᠡᠢ ᠭᠡᠵᠦ᠍ ᠣᠯᠠᠨᠲᠠ ᠴᠢᠬᠤᠯᠠᠴᠢᠯᠠᠪᠠ᠃
《〈ᠤᠶᠤᠨᠴᠢᠯᠠᠬᠤ᠂ ᠪᠣᠬᠢᠷᠲᠤᠯ ᠦᠬᠡᠢᠵᠢᠬᠦᠯᠬᠦ᠂ ᠠᠭᠤᠰᠤᠯᠴᠠᠭᠤᠯᠬᠤ〉 ᠴᠢᠭ᠌ᠯᠡᠯ ᠪᠣᠯ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ 〈ᠲᠡᠰ ᠳᠡᠪᠱᠢᠬᠦ᠌ ᠵᠢᠭᠦᠷ〉 ᠮᠥᠨ᠃ ᠡᠮᠦᠨᠡᠲᠦ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠵᠢᠨ ᠯᠢ᠎ᠶ᠋ᠢᠨ ᠦᠵᠡᠬᠦ᠌᠎ᠪᠡᠷ᠂ ᠱᠢᠨ᠎ᠡ ᠪᠠᠢᠳᠠᠯ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ᠂ ᠤᠶᠤᠨᠴᠢᠯᠠᠬᠤ᠂ ᠪᠣᠬᠢᠷᠲᠤᠯ ᠦᠭᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠬᠤ ᠨᠢ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠦ᠍᠂ ᠱᠢᠨ᠎ᠡ ᠪᠠᠢᠳᠠᠯ᠎ᠢ ᠨᠡᠭᠡᠭᠡᠵᠦ᠍᠂ ᠢᠷᠡᠭᠡᠳᠦᠢ᠎ᠶ᠋ᠢᠨ ᠥᠷᠢᠰᠥᠯᠳᠦᠭᠡᠨ᠎ᠳᠦ ᠱᠢᠨ᠎ᠡ ᠳᠠᠪᠠᠭᠤᠯᠢᠭ᠎ᠢ ᠪᠦᠷᠢᠯᠳᠦᠭᠦᠯᠵᠦ᠍ ᠥᠭ᠌ᠬᠦ ᠪᠣᠯᠤᠨ᠎ᠠ᠃
ᠠᠯᠢᠪᠠ ᠤᠴᠢᠷ ᠲᠦ᠍ ᠭᠤᠤᠯ ᠠᠰᠠᠭᠤᠳᠠᠯ᠎ᠢ ᠠᠳᠬᠤᠬᠤ ᠬᠡᠷᠡᠭᠳᠡᠢ ᠮᠦᠷᠳᠡᠭᠡᠨ ᠪᠤᠰᠤᠳ ᠲᠡᠳ᠋ ᠠᠰᠠᠭᠤᠳᠠᠯ᠎ᠢ ᠴᠦ᠍ ᠰᠢᠢᠳᠪᠦᠷᠢᠯᠡᠬᠦ ᠬᠡᠷᠡᠭᠳᠡᠢ᠃ ᠤᠶᠤᠨᠴᠢᠯᠠᠬᠤ᠂ ᠪᠣᠬᠢᠷᠲᠤᠯ ᠦᠬᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ᠎ᠢ ᠣᠨᠣᠪᠴᠢᠲᠠᠢ ᠡᠵᠡᠮᠳᠡᠵᠦ᠍᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠨᠡᠩ ᠬᠠᠷᠠᠯᠲᠠ᠎ᠲᠠᠶ᠎ᠪᠠᠷ ᠪᠡᠬᠢᠵᠢᠭᠦᠯᠦᠨ ᠪᠤᠵᠠᠭᠠᠢᠷᠠᠭᠤᠯᠬᠤ ᠬᠡᠷᠡᠭ᠌ᠲᠡᠢ᠃
ᠾᠸᠪᠸᠢ ᠵᠡᠷᠭᠡ ᠭᠠᠵᠠᠷ᠎ᠤᠨ ᠵᠠᠭᠤᠨ ᠲᠦᠮᠡᠨ ᠲᠣᠨ᠎ᠤ ᠲᠠᠰ᠎ᠤᠨ ᠤᠰᠤᠲᠥ᠋ᠷᠥᠭ᠌ᠴᠢᠲᠦ ᠲᠡᠮᠦᠷᠯᠢᠭ ᠬᠠᠢᠯᠤᠭᠤᠯᠬᠤ ᠲᠥᠷᠥᠯ ᠵᠦᠶ᠋ᠯ ᠵᠠᠯᠭᠠᠭ᠎ᠠ᠎ᠪᠠᠷ ᠠᠱᠢᠭ᠍ᠯᠠᠯᠲᠠ᠎ᠳᠤ ᠣᠷᠣᠵᠤ᠂ ᠤᠯᠠᠮᠵᠢᠯᠠᠯᠲᠤ ᠭᠠᠷ ᠤᠷᠠᠯᠠᠯ᠎ᠲᠠᠶ ᠬᠠᠷᠢᠴᠠᠭᠤᠯᠪᠠᠯ᠂ ᠵᠢᠯ ᠪᠦᠷᠢ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ 50% ᠡᠴᠡ ᠳᠡᠭᠡᠭ᠌ᠰᠢ ᠪᠠᠭᠠᠰᠭᠠᠬᠤ ᠪᠣᠯᠤᠨ᠎ᠠ; ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠯᠲᠡ᠎ᠨᠢ ᠨᠢᠭᠡᠨᠲᠡ ᠪᠣᠯᠣᠳ ᠲᠡᠮᠦᠷ᠂ ᠥᠩᠭᠡᠲᠦ ᠲᠡᠮᠦᠷᠯᠢᠭ᠂ ᠴᠠᠬᠢᠯᠭᠠᠨ ᠬᠦᠴᠦᠨ᠂ ᠴᠢᠮᠡᠭᠡ ᠬᠣᠯᠪᠣᠭ᠎ᠠ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ᠎ᠢ ᠬᠠᠮᠤᠷᠴᠤ᠌᠂ ᠦᠶ᠋ᠯᠡᠳᠬᠦᠨ᠎ᠢ ᠰᠤᠳᠤᠯᠤᠨ ᠨᠡᠭᠡᠭᠡᠬᠦ᠌᠂ ᠶᠠᠰᠤ ᠴᠢᠨᠠᠷ᠎ᠢ ᠱᠢᠯᠭᠠᠨ ᠪᠠᠢᠴᠠᠭᠠᠬᠤ᠂ ᠬᠡᠷᠡᠭ᠌ᠯᠡᠭ᠌ᠴᠢᠳ᠎ᠦᠨ ᠦᠶ᠋ᠯᠡᠴᠢᠯᠡᠭᠡ ᠵᠡᠷᠭᠡ ᠭᠤᠤᠯᠳᠠᠯᠭ᠎ᠠ᠎ᠲᠠᠶ ᠭᠣᠭ᠍ᠴᠣᠭ᠎ᠠ᠎ᠳᠤ ᠠᠯᠬᠤᠮ ᠠᠯᠬᠤᠮ᠎ᠢᠶᠠᠷ ᠭᠦᠨᠵᠡᠭᠡᠢᠷᠡᠪᠡ; ᠪᠣᠳᠠᠲᠤ ᠴᠣᠭ᠍ᠴᠠ᠎ᠶ᠋ᠢᠨ ᠠᠵᠤ ᠠᠬᠤᠢ ᠪᠣᠯᠤᠨ ᠲᠣᠭᠠᠴᠢᠯᠠᠭ᠍ᠰᠠᠨ ᠠᠵᠤ ᠠᠬᠤᠢ᠎ᠶ᠋ᠢᠨ ᠠᠭᠤᠰᠤᠯᠴᠠᠯ᠎ᠢ ᠲᠦᠷᠭᠡᠳᠭᠡᠵᠦ᠍᠂ ᠠᠵᠤ ᠦᠢᠯᠡᠳᠪᠦᠷᠢ᠎ᠶ᠋ᠢᠨ ᠢᠨᠲᠸᠷ ᠰᠦᠯᠵᠢᠶᠡᠨ᠎ᠦ ᠠᠭᠤᠰᠤᠯᠴᠠᠯ ᠬᠡᠷᠡᠭ᠌ᠯᠡᠭᠡ ᠨᠢ ᠠᠵᠤ ᠦᠢᠯᠡᠳᠪᠦᠷᠢ᠎ᠶ᠋ᠢᠨ ᠲᠤᠮᠤ ᠲᠦᠷᠦᠯ᠎ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠵᠦ᠍᠂ ᠤᠯᠠᠨ ᠲᠡᠰ ᠳᠠᠪᠬᠤᠷᠭ᠎ᠠ᠎ᠶ᠋ᠢᠨ᠂ ᠱᠢᠰᠲᠸᠮᠵᠢᠭ᠌ᠰᠡᠨ ᠠᠵᠤ ᠦᠢᠯᠡᠳᠪᠦᠷᠢ᠎ᠶ᠋ᠢᠨ ᠢᠨᠲᠸᠷ ᠰᠦᠯᠵᠢᠶᠡᠨ᠎ᠦ ᠲᠠᠪᠴᠠᠩ᠎ᠢ ᠠᠩᠬ᠎ᠠ ᠠᠯᠬᠤᠮ ᠪᠠᠢᠭᠤᠯᠪᠠ᠃
ᠮᠠᠨ᠎ᠤ ᠤᠯᠤᠰ᠎ᠤᠨ ᠠᠵᠤ ᠠᠬᠤᠢ ᠪᠣᠯ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠲᠦᠱᠢᠭ᠌ᠯᠡᠨ ᠬᠥᠭ᠌ᠵᠢᠭ᠌ᠰᠡᠨ ᠶᠤᠮ᠂ ᠪᠠᠰᠠ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠲᠦᠱᠢᠭ᠌ᠯᠡᠨ ᠢᠷᠡᠭᠡᠳᠦᠢ ᠵᠦᠭ ᠤᠷᠤᠭ᠍ᠰᠢᠯᠠᠬᠤ ᠬᠡᠷᠡᠭ᠌ᠲᠡᠢ᠃ ᠱᠢᠨ᠎ᠡ ᠠᠶᠠᠨ ᠳ᠋ᠤ᠂ ᠢᠮᠠᠭ᠍ᠲᠠ ᠭᠣᠣᠯ ᠦᠢᠯᠡᠰ᠎ᠢᠶᠡᠨ ᠪᠠᠲᠤ ᠰᠠᠬᠢᠵᠤ᠂ ᠠᠵᠤ ᠦᠢᠯᠡᠰ᠎ᠢᠶᠡᠨ ᠬᠦᠴᠦᠷᠬᠡᠭ᠌ᠵᠢᠭᠦᠯᠦᠨ᠂ ᠲᠤᠰᠭᠠᠢ ᠮᠡᠷᠭᠡᠵᠢᠯ᠎ᠢᠶᠡᠨ ᠨᠠᠷᠢᠯᠢᠭ᠍ᠵᠢᠭᠤᠯᠪᠠᠯ᠂ ᠪᠣᠳᠠᠲᠤ ᠴᠣᠭ᠍ᠴᠠ᠎ᠶ᠋ᠢᠨ ᠠᠵᠤ ᠠᠬᠤᠢ ᠨᠡᠩ ᠪᠤᠵᠠᠭᠠᠢᠷᠠᠵᠤ᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠬᠤ᠎ᠳᠤ ᠪᠠᠲᠤ ᠪᠡᠬᠢ ᠪᠣᠳᠠᠰ᠎ᠤᠨ ᠲᠤᠯᠭᠠᠭᠤᠷᠢᠯᠠᠯ ᠬᠠᠩᠭᠠᠬᠤ ᠪᠤᠯᠤᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ ᠴᠠᠬᠢᠯᠭᠠᠨ ᠮᠡᠳᠡᠭᠡ ᠡᠴᠡ)