2027 ᠣᠨ ᠪᠣᠯᠬᠤ᠎ᠳᠤ ᠭᠡᠷᠡᠯᠴᠢ ᠴᠡᠨᠡᠭ᠎ᠦᠨ ᠲᠣᠨᠣᠭᠯᠠᠯ ᠢ᠋ ᠶᠡᠷᠦᠩᠬᠡᠢᠯᠡᠨ ᠠᠱᠢᠭ᠍ᠯᠠᠬᠤ ᠬᠡᠮᠵᠢᠶ᠎ᠡ᠎ᠶ᠋ᠢ 25 ᠲᠦᠮᠡᠨ ᠲᠣᠨ ᠳ᠋ᠤ ᠬᠦᠷᠭᠡᠨ᠎ᠠ
2026-03-16 10:22:56
ᠵᠣᠬᠢᠶᠠᠭ᠍ᠴᠢ᠄
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠵᠸᠤ ᠶᠤᠸᠠᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ 3᠎ᠤ᠋ ᠡᠳᠦᠷ ᠤᠢᠯᠠᠭᠠᠬᠰᠠᠨ᠎ᠢᠶᠡᠷ᠂ ᠲᠦᠷᠦᠬᠦᠬᠡᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ  ᠭᠡᠷᠡᠯᠴᠢ ᠴᠡᠨᠡᠭ᠎ᠦᠨ ᠲᠣᠨᠣᠭᠯᠠᠯ ᠢ᠋ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠬᠤ ᠲᠤᠬᠠᠶ ᠵᠢᠯᠣᠭᠣᠳᠭᠤ ᠰᠠᠨᠠᠯ᠎ᠢ ᠳᠠᠷᠤᠮᠠᠯᠯᠠᠨ ᠲᠠᠷᠬᠠᠭᠠᠵᠤ᠂ 2027 ᠣᠨ ᠪᠣᠯᠲᠠᠯ᠎ᠠ᠂ ᠭᠡᠷᠡᠯᠴᠢ ᠴᠡᠨᠡᠭ᠎ᠦᠨ ᠲᠣᠨᠣᠭᠯᠠᠯ᠎ᠤ᠋ᠨ ᠪᠣᠬᠢᠷᠲᠤᠯ ᠥᠬᠡᠶ ᠦᠶ᠋ᠯᠡᠳᠪᠦᠷᠢᠯᠡᠯ᠎ᠦᠨ ᠲᠦᠪᠱᠢᠨ ᠢ᠋ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠂ ᠬᠠᠶᠠᠭ᠍ᠳᠠᠮᠠᠯ ᠬᠠᠭᠤᠴᠢᠨ ᠭᠡᠷᠡᠯᠴᠢ ᠴᠡᠨᠡᠭ ᠤ᠋ᠨ ᠲᠣᠨᠣᠭᠯᠠᠯ᠎ᠢ᠋ ᠶᠡᠷᠦᠩᠬᠡᠢᠯᠡᠨ ᠠᠱᠢᠭ᠍ᠯᠠᠬᠰᠠᠨ ᠦᠢᠯᠡᠳᠬᠦᠨ ᠤ᠋ ᠲᠡᠮᠦᠷᠯᠢᠭ ᠪᠣᠯᠪᠠᠰᠤᠷᠠᠭᠤᠯᠬᠤ᠂ ᠲᠣᠨᠣᠭ᠍ᠯᠠᠯ ᠦᠢᠯᠡᠳᠬᠦ᠂ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠦᠢᠯᠡᠳᠪᠦᠷᠢᠯᠡᠯ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠡᠬᠢ ᠬᠡᠷᠡᠭ᠌ᠯᠡᠭᠡᠨ᠎ᠦ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠂ ᠨᠢᠭᠡ ᠪᠦᠯᠦᠭ ᠬᠠᠶᠠᠭ᠍ᠳᠠᠮᠠᠯ ᠬᠠᠭᠤᠴᠢᠨ ᠭᠡᠷᠡᠯᠴᠢ ᠴᠡᠨᠡᠭ ᠤ᠋ᠨ ᠲᠣᠨᠣᠭᠯᠠᠯ᠎ᠢ᠋ ᠶᠡᠷᠦᠩᠬᠡᠢᠯᠡᠨ ᠠᠱᠢᠭ᠍ᠯᠠᠬᠤ ᠨᠢᠷᠤᠭᠤᠪᠴᠢ ᠠᠵᠤ ᠠᠬᠤᠢᠯᠠᠯ᠎ᠢ ᠪᠣᠢᠵᠢᠭᠤᠯᠵᠤ᠂ ᠭᠡᠷᠡᠯᠴᠢ ᠴᠡᠨᠡᠭ᠎ᠦᠨ ᠲᠣᠨᠣᠭᠯᠠᠯ ᠢ᠋ ᠶᠡᠷᠦᠩᠬᠡᠢᠯᠡᠨ ᠠᠱᠢᠭ᠍ᠯᠠᠬᠤ ᠬᠡᠮᠵᠢᠶ᠎ᠡ᠎ᠶ᠋ᠢ ᠨᠡᠢᠲᠡ 25 ᠲᠦᠮᠡᠨ ᠲᠣᠨ᠎ᠳᠤ ᠬᠦᠷᠭᠡᠨ᠎ᠡ ᠭᠡᠵᠦ ᠲᠤᠷᠠᠳᠪᠠ᠃

ᠵᠢᠯᠣᠭᠣᠳᠭᠤ ᠰᠠᠨᠠᠯ᠎ᠳᠤ ᠪᠠᠰᠠ᠂ 2030 ᠣᠨ ᠪᠣᠯᠬᠤ᠎ᠳᠤ᠂ ᠭᠡᠷᠡᠯᠴᠢ ᠴᠡᠨᠡᠭ᠎ᠦᠨ ᠲᠣᠨᠣᠭᠯᠠᠯ᠎ᠢ᠋ ᠶᠡᠷᠦᠩᠬᠡᠢᠯᠡᠨ ᠠᠱᠢᠭ᠍ᠯᠠᠬᠤ ᠮᠡᠷᠭᠡᠵᠢᠯ ᠲᠣᠨᠣᠭ᠍ᠯᠠᠯ᠎ᠤᠨ ᠲᠦᠪᠱᠢᠨ᠎ᠢ ᠴᠢᠨᠠᠭ᠍ᠰᠢᠳᠠ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌ ᠴᠢᠳᠠᠪᠤᠷᠢ᠎ᠶ᠋ᠢ ᠢᠯᠡᠳᠲᠡ ᠴᠢᠩᠭᠠᠳᠬᠠᠵᠤ᠂ ᠦᠶ᠋ᠯᠡᠳᠬᠦᠨ᠎ᠦ ᠬᠡᠷᠡᠭ᠌ᠯᠡᠭᠡᠨ᠎ᠦ ᠦᠵᠡᠭᠳᠡᠯ ᠪᠠᠢᠳᠠᠯ ᠪᠣᠯᠤᠨ ᠬᠡᠷᠡᠭ᠌ᠯᠡᠭᠡᠨ᠎ᠦ ᠠᠷᠭ᠎ᠠ ᠬᠡᠯᠪᠡᠷᠢ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠠᠵᠤ ᠦᠶ᠋ᠯᠡᠰ᠎ᠦᠨ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠬᠠᠮᠵᠢᠯᠴᠠᠭ᠎ᠠ ᠨᠢᠭ᠍ᠲᠠ᠂ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢᠨ ᠪᠠᠢᠷᠢᠱᠢᠭᠤᠯᠤᠯᠲᠠ ᠵᠦᠶ ᠵᠣᠬᠢᠰᠲᠠᠶ᠂ ᠶᠡᠬᠡ ᠬᠡᠪᠴᠢᠶ᠎ᠡ᠎ᠪᠡᠷ ᠬᠡᠷᠡᠭ᠌ᠯᠡᠭᠡᠨ᠎ᠡᠴᠡ ᠭᠠᠷᠭᠠᠬᠤ ᠤᠷᠤᠰᠭᠠᠯ᠎ᠢ ᠠᠷᠭᠠᠴᠠᠭᠠᠵᠤ ᠳᠡᠢᠯᠬᠦ᠌ ᠬᠠᠶᠠᠭ᠍ᠳᠠᠮᠠᠯ ᠬᠠᠭᠤᠴᠢᠨ ᠭᠡᠷᠡᠯᠴᠢ ᠴᠡᠨᠡᠭ᠎ᠦᠨ ᠲᠣᠨᠣᠭᠯᠠᠯ᠎ᠢ᠋ ᠶᠡᠷᠦᠩᠬᠡᠢᠯᠡᠨ ᠠᠱᠢᠭ᠍ᠯᠠᠬᠤ ᠴᠢᠳᠠᠪᠤᠷᠢ᠎ᠶ᠋ᠢ ᠪᠦᠷᠢᠯᠳᠦᠭᠦᠯᠦᠨ᠎ᠡ ᠭᠡᠵᠦ ᠲᠤᠷᠠᠳᠪᠠ᠃

ᠵᠢᠯᠣᠭᠣᠳᠭᠤ ᠰᠠᠨᠠᠯ᠎ᠳᠤ᠂ ᠭᠡᠷᠡᠯᠴᠢ ᠴᠡᠨᠡᠭ᠎ᠦᠨ ᠠᠵᠢᠯ ᠲᠥᠷᠥᠯ᠎ᠦᠨ ᠪᠣᠬᠢᠷᠲᠤᠯ ᠥᠬᠡᠶ ᠵᠢᠷᠤᠭ ᠲᠥᠯᠥᠪᠯᠡᠭᠡ ᠪᠠ ᠦᠶ᠋ᠯᠡᠳᠬᠦ᠌᠎ᠶ᠋ᠢ ᠠᠬᠢᠭᠤᠯᠵᠤ᠂ ᠭᠡᠷᠡᠯᠴᠢ ᠴᠡᠨᠡᠭ᠎ᠦᠨ ᠲᠣᠨᠣᠭᠯᠠᠯ᠎ᠤ᠋ᠨ ᠠᠮᠠᠷᠬᠠᠨ ᠵᠠᠳᠠᠯᠬᠤ᠂ ᠠᠮᠠᠷᠬᠠᠨ ᠠᠱᠢᠭ᠍ᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠳᠠᠬᠢᠠ ᠠᠰᠢᠬᠯᠠᠵᠤ ᠪᠤᠯᠬᠤ ᠮᠠᠲ᠋ᠧᠷᠢᠶᠠᠯ᠎ᠤᠨ ᠬᠡᠷᠡᠭ᠌ᠯᠡᠬᠦ᠌ ᠬᠠᠷᠢᠴᠠᠯ᠎ᠢ ᠳᠡᠭᠡᠭ᠌ᠰᠢᠯᠡᠭᠦᠯᠬᠦ᠌ ᠬᠡᠷᠡᠭ᠌ᠲᠡᠶ; ᠭᠡᠷᠡᠯᠴᠢ ᠴᠡᠨᠡᠭ᠎ᠦᠨ ᠲᠣᠨᠣᠭᠯᠠᠯ ᠢ᠋ ᠡᠮᠬᠢ ᠵᠢᠷᠤᠮ᠎ᠲᠠᠶ᠎ᠪᠠᠷ ᠬᠠᠶᠠᠭᠳᠠᠮᠠᠯ ᠪᠤᠯᠭᠠᠬᠤ ᠬᠡᠷᠡᠭ᠌ᠯᠡᠭᠡᠨ᠎ᠡᠴᠡ ᠭᠠᠷᠭᠠᠬᠤ᠎ᠶ᠋ᠢ ᠠᠬᠢᠭᠤᠯᠵᠤ᠂ ᠬᠤᠯᠪᠤᠭᠳᠠᠯ ᠪᠥᠬᠥᠶ ᠲᠠᠯ᠎ᠠ᠎ᠶ᠋ᠢᠨ᠎ᠬᠢᠨ᠎ᠢ ᠬᠥᠲᠥᠯᠦᠨ ᠵᠢᠯᠣᠭᠣᠳᠴᠤ᠌ ᠬᠠᠶᠠᠭᠳᠠᠮᠠᠯ ᠬᠠᠭᠤᠴᠢᠨ ᠭᠡᠷᠡᠯᠴᠢ ᠴᠡᠨᠡᠭ᠎ᠦᠨ ᠲᠣᠨᠣᠭᠯᠠᠯ ᠢ᠋ ᠵᠢᠷᠤᠮᠵᠢᠩᠭᠤᠢ ᠲᠤᠱᠢᠶᠠᠨ ᠦᠭᠴᠤ ᠪᠣᠷᠣᠯᠠᠭᠤᠯᠤᠨ᠎ᠠ; ᠪᠣᠬᠢᠷᠲᠤᠯ ᠥᠬᠡᠶ ᠥᠨᠳᠥᠷ ᠪᠦᠲᠦᠮᠵᠢᠲᠡᠶ ᠵᠠᠳᠠᠯᠵᠤ ᠠᠱᠢᠭ᠍ᠯᠠᠬᠤ᠎ᠶ᠋ᠢ ᠠᠬᠢᠭᠤᠯᠵᠤ᠂ ᠡᠪᠳᠡᠯᠡᠭᠡ᠎ᠶ᠋ᠢᠨ ᠪᠤᠰᠤ ᠴᠢᠨᠠᠷᠲᠠᠶ ᠵᠠᠳᠠᠯᠵᠤ ᠰᠠᠯᠭᠠᠬᠤ ᠮᠡᠷᠭᠡᠵᠢᠯ᠎ᠢ ᠨᠡᠭᠡᠭᠡᠨ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠲᠠᠯᠠᠰᠲᠤ ᠴᠠᠬᠢᠭᠤᠷ ᠳ᠋ᠢᠶᠠᠨ ᡂᠢ᠎ᠶ᠋ᠢᠨ ᠢᠯᠲᠠᠰᠤ᠎ᠶ᠋ᠢᠨ ᠲᠡᠮᠦᠷᠯᠢᠭ ᠰᠡᠷᠡᠯᠵᠢ᠎ᠶ᠋ᠢᠨ ᠱᠤᠭᠤᠮ᠎ᠤᠨ ᠮᠥᠩᠭᠥᠨ ᠮᠠᠲ᠋ᠧᠷᠢᠶᠠᠯ ᠢ᠋ ᠭᠠᠷᠭᠠᠨ ᠠᠪᠬᠤ᠎ᠶ᠋ᠢ ᠵᠣᠷᠢᠭ᠍ᠵᠢᠭᠤᠯᠤᠨ᠎ᠠ; ᠭᠡᠷᠡᠯᠴᠢ ᠴᠡᠨᠡᠭ᠎ᠦᠨ ᠲᠣᠨᠣᠭᠯᠠᠯ ᠢ᠋ ᠶᠡᠷᠦᠩᠬᠡᠢᠯᠡᠨ ᠠᠱᠢᠭ᠍ᠯᠠᠬᠤ᠎ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠭᠡᠷᠡᠯᠴᠢ ᠴᠡᠨᠡᠭ᠎ᠦᠨ ᠲᠣᠨᠣᠭᠯᠠᠯ ᠦᠶ᠋ᠯᠡᠳᠪᠦᠷᠢᠯᠡᠬᠦ᠌ ᠠᠵᠤ ᠠᠬᠤᠢᠯᠠᠯ᠂ ᠭᠡᠷᠡᠯᠴᠢ ᠴᠡᠨᠡᠭ᠎ᠦᠨ ᠴᠠᠬᠢᠯᠭᠠᠨ ᠥᠷᠲᠡᠭᠡ᠂ ᠶᠡᠷᠦᠩᠬᠡᠢᠯᠡᠨ ᠠᠱᠢᠭ᠍ᠯᠠᠬᠤ ᠠᠵᠤ ᠠᠬᠤᠢᠯᠠᠯ ᠵᠡᠷᠭᠡ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠪᠡᠨ ᠢᠳᠡᠪᠬᠢᠲᠡᠶ᠎ᠪᠡᠷ ᠤᠷᠲᠤᠳᠭᠠᠬᠤ᠎ᠶ᠋ᠢ ᠵᠣᠷᠢᠭ᠍ᠵᠢᠭᠤᠯᠤᠨ᠎ᠠ ᠭᠡᠵᠦ ᠱᠠᠭᠠᠷᠳᠠᠪᠠ᠃

ᠡᠭᠦᠨ᠎ᠡᠴᠡ ᠭᠠᠳᠠᠨ᠎ᠠ᠂ ᠵᠢᠯᠣᠭᠣᠳᠭᠤ ᠰᠠᠨᠠᠯ᠎ᠳᠤ᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠠᠵᠤ ᠦᠶ᠋ᠯᠡᠳᠪᠦᠷᠢ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠦᠷᠭᠡᠪᠴᠢᠯᠡᠨ ᠲᠣᠭ᠍ᠲᠠᠭᠠᠵᠤ᠂ ᠭᠡᠷᠡᠯᠴᠢ ᠴᠡᠨᠡᠭ᠎ᠦᠨ ᠲᠣᠨᠣᠭᠯᠠᠯ ᠢ᠋ ᠶᠡᠷᠦᠩᠬᠡᠢᠯᠡᠨ ᠠᠱᠢᠭ᠍ᠯᠠᠬᠤ ᠠᠵᠢᠯ ᠲᠥᠷᠥᠯ᠎ᠦᠨ ᠠᠵᠤ ᠠᠬᠤᠢᠯᠠᠯ᠎ᠤᠨ ᠦᠶ᠋ᠯᠡᠳᠬᠦ᠌ ᠦᠶ᠋ᠯᠡᠰ᠎ᠦᠨ ᠲᠠᠩ ᠵᠦᠶ᠋ᠯ᠎ᠦᠨ ᠮᠠᠩᠯᠠᠶ᠂ ᠲᠤᠰᠭᠠᠢᠵᠢᠬᠰᠠᠨ ᠨᠠᠷᠢᠯᠢᠭᠵᠢᠬᠰᠠᠨ ᠣᠨᠴᠠᠯᠢᠬᠵᠢᠬᠰᠠᠨ ᠱᠢᠨ᠎ᠡ ᠳᠤᠮᠳᠠ ᠪᠠᠭ᠎ᠠ ᠠᠵᠤ ᠠᠬᠤᠢᠯᠠᠯ ᠪᠠ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ᠌᠎ᠳᠦ ᠢᠳᠡᠪᠬᠢᠲᠡᠶ ᠣᠷᠣᠯᠴᠠᠬᠤ᠎ᠶ᠋ᠢ ᠳᠡᠮᠵᠢᠵᠦ᠍᠂ ᠬᠠᠶᠠᠭ᠍ᠳᠠᠮᠠᠯ ᠬᠠᠭᠤᠴᠢᠨ ᠭᠡᠷᠡᠯᠴᠢ ᠴᠡᠨᠡᠭ᠎ᠦᠨ ᠲᠣᠨᠣᠭᠯᠠᠯ ᠢ᠋ ᠶᠡᠷᠦᠩᠬᠡᠢᠯᠡᠨ ᠠᠱᠢᠭ᠍ᠯᠠᠬᠤ ᠠᠵᠢᠯ ᠲᠥᠷᠥᠯ᠎ᠦᠨ ᠵᠢᠷᠤᠮᠵᠢᠯ᠎ᠤᠨ ᠨᠥᠬᠥᠴᠡᠯ ᠵᠡᠷᠭᠡ᠎ᠶ᠋ᠢ ᠲᠦᠷᠭᠡᠪᠴᠢᠯᠡᠨ ᠰᠤᠳᠤᠯᠤᠨ ᠲᠣᠭ᠍ᠲᠠᠭᠠᠨ᠎ᠠ ᠭᠡᠵᠦ᠍ ᠲᠣᠳᠣᠷᠬᠠᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号