《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠪᠥᠬᠥ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ 461.27 ᠳ᠋ᠦᠩᠱᠢᠭᠤᠷ ᠲᠥᠭᠥᠷᠢᠭ᠎ᠤᠨ ᠬᠠᠮᠢᠶ᠎ᠠ ᠪᠥᠬᠥᠶ ᠪᠠᠯᠠ ᠮᠥᠩᠭᠥ᠌ ᠵᠢ᠎ᠵᠠᠷᠤᠴᠠᠭᠤᠯᠵᠤ ᠦᠪᠦᠷ ᠮᠤᠩᠭᠤᠯ ᠬᠦᠴᠢᠷᠳᠡᠯᠲᠡᠶ ᠣᠯᠠᠨ ᠲᠦᠮᠡᠨ᠎ᠢ ᠲᠤᠰᠠᠯᠠᠪᠠ
2026-03-16 17:25:40
ᠵᠣᠬᠢᠶᠠᠭ᠍ᠴᠢ᠄
ᠶᠠᠩ ᠸᠧᠶ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠦᠬᠦ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠬᠢᠨ ᠬᠠᠮᠵᠢᠯᠴᠠᠨ ᠬᠦᠴᠦᠯᠡᠵᠦ᠍᠂ ᠪᠡᠯᠡ ᠮᠥᠩᠭᠥ᠎ᠶ᠋ᠢ ᠤᠷᠢᠳᠴᠢᠯᠠᠨ ᠰᠠᠯᠭᠠᠨ ᠥᠭ᠌ᠬᠦ ᠲᠣᠭ᠍ᠲᠠᠴᠠ᠎ᠶ᠋ᠢ ᠪᠠᠢᠭᠤᠯᠵᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ᠌᠂ ᠣᠨᠴᠠ ᠬᠦᠴᠢᠷᠳᠡᠯᠲᠡᠶ ᠬᠥᠮᠦᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠌ ᠮᠥᠩᠭᠥ᠌᠂ ᠲᠦᠷ ᠴᠠᠭ᠎ᠤᠨ ᠠᠪᠤᠷᠠᠨ ᠲᠤᠰᠠᠯᠠᠬᠤ ᠮᠥᠩᠭᠥ᠌ ᠵᠡᠷᠭᠡ ᠪᠡᠯᠡ ᠮᠥᠩᠭᠥ᠎ᠶ᠋ᠢ ᠨᠡᠢᠲᠡ 461.27 ᠳ᠋ᠦᠩᠱᠢᠭᠤᠷ ᠲᠥᠭᠥᠷᠢᠭ ᠵᠠᠷᠤᠴᠠᠭᠤᠯᠵᠤ᠂ ᠬᠦᠴᠢᠷᠳᠡᠯᠲᠡᠶ ᠣᠯᠠᠨ ᠲᠦᠮᠡᠨ᠎ᠢ ᠲᠤᠰᠠᠯᠠᠵᠤ᠂ ᠪᠦᠬᠦ᠌ ᠣᠷᠣᠨ᠎ᠤ 169.1 ᠲᠦᠮᠡᠨ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠲᠡᠭ᠌ᠰᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ ᠪᠠ ᠪᠣᠳᠠᠲᠠᠶ ᠠᠰᠠᠷᠠᠨ ᠲᠡᠵᠢᠭᠡᠬᠦ᠌ ᠬᠥᠮᠦᠨ ᠦᠭᠡᠢ ᠬᠡᠦᠬᠡᠳ ᠵᠡᠷᠭᠡ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠬᠦᠴᠦᠲᠡᠶ ᠪᠠᠲᠤᠯᠠᠭ᠍ᠰᠠᠨ᠎ᠤ ᠬᠠᠮᠲᠤ 17.5 ᠲᠦᠮᠡᠨ ᠬᠥᠮᠦᠨ ᠤᠳᠠᠭ᠎ᠠ ᠵᠢ ᠲᠦᠷ ᠴᠠᠭ ᠠᠪᠤᠷᠠᠨ ᠲᠤᠰᠠᠯᠠᠵᠤ᠂ ᠬᠦᠴᠢᠷᠳᠡᠯᠲᠡᠶ ᠣᠯᠠᠨ ᠲᠦᠮᠡᠨ᠎ᠦ ᠬᠦᠴᠢᠷ ᠵᠣᠪᠠᠭᠤᠷᠢ᠎ᠶ᠋ᠢ ᠨᠢ ᠦᠨᠡᠨ ᠬᠦ᠌ ᠱᠢᠶ᠋ᠳᠪᠦᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号