— ᠦᠬᠠᠶ ᠬᠣᠲᠠ᠎ᠶ᠋ᠢᠨ ᠤᠳᠠ᠎ᠵᠢᠨ ᠲᠤᠬᠤᠢ ᠲᠣᠭᠣᠷᠢᠭ᠎ᠤᠨ ᠮᠢᠨ ᠳ᠋ᠡ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠱᠢᠨ᠎ᠡ ᠠᠷᠭ᠎ᠠ ᠵᠠᠮ᠎ᠢ ᠲᠡᠮᠳᠡᠭᠯᠡᠪᠡ
ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠷᠢ ᠲᠥᠬᠥᠭᠡᠷᠦᠮᠵᠢ ᠬᠠᠭᠤᠴᠢᠷᠠᠭ᠍ᠰᠠᠨ᠂ ᠠᠳᠠᠯ ᠠᠬᠤᠶ᠎ᠶ᠋ᠢᠨ ᠬᠠᠮᠢᠶᠠᠷᠤᠯᠲᠠ ᠲᠤᠲᠠᠬᠳᠠᠬᠰᠠᠨ᠂ ᠣᠷᠴᠢᠨ ᠨᠦᠬᠦᠴᠡᠯ ᠠᠨᠠᠢ ᠪᠤᠯᠤᠬᠰᠠᠨ ᠵᠡᠷᠭᠡ ᠵᠠᠰᠠᠯᠲᠠ᠎ᠶ᠋ᠢᠨ ᠬᠦᠴᠢᠷ ᠠᠰᠠᠭᠤᠳᠠᠯ᠎ᠳᠤ ᠴᠢᠭ᠌ᠯᠡᠭᠦᠯᠦᠨ᠂ ᠤᠢᠷ᠎ᠠ᠎ᠵᠢᠨ ᠬᠤᠭᠤᠴᠠᠭᠠᠨ᠎ᠳᠤ᠂ ᠦᠬᠠᠶ ᠬᠣᠲᠠ᠎ᠶ᠋ᠢᠨ ᠤᠳᠠ᠎ᠵᠢᠨ ᠲᠤᠬᠤᠢ ᠲᠣᠭᠣᠷᠢᠭ᠎ᠤᠨ ᠯᠢᠶᠠᠩ ᠵᠢᠶᠠ ᠭᠧᠤ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤᠨ ᠮᠢᠨ ᠳ᠋ᠡ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ᠂ 《ᠦᠪᠡᠰᠦᠪᠠᠨ ᠡᠵᠡᠮᠳᠡᠬᠦ ᠮᠠᠶᠢᠭ᠎ᠤᠨ ᠠᠳᠠᠯ ᠠᠬᠤᠶ》 ᠶ᠋ᠢᠨ ᠦᠶ᠋ᠯᠡᠴᠢᠯᠡᠭᠡᠨ᠎ᠦ ᠵᠠᠭ᠍ᠪᠤᠷ᠎ᠢ ᠴᠤᠬᠴᠠᠯᠠᠵᠦ᠂ ᠮᠢᠨ ᠳ᠋ᠡ᠂ ᠬᠤᠤ ᠶᠧ᠂ ᠾᠧᠩ᠎ᠲᠡᠶ 3 ᠰᠠᠭᠤᠭᠠᠯᠢ ᠠᠷᠠᠳ᠎ᠤᠨ ᠲᠣᠭᠣᠷᠢᠭ ᠵᠢᠡᠷ ᠲᠤᠷᠰᠢᠯᠲᠡ᠎ᠶᠢᠨ ᠴᠡᠭ ᠪᠤᠯᠭᠠᠵᠦ᠂ 《ᠬᠡᠷᠡᠭ᠌ᠴᠡᠭᠡ ᠱᠠᠭᠠᠷᠳᠠᠯᠭ᠎ᠠ᠎ᠶᠢ ᠦᠪᠡᠰᠦᠪᠡᠨ ᠲᠤᠰᠬᠤ᠂ ᠠᠷᠭ᠎ᠠ ᠲᠥᠰᠦᠯ᠎ᠢ ᠥᠪᠡᠰᠦᠪᠡᠨ ᠲᠣᠭ᠍ᠲᠠᠭᠠᠬᠤ᠂ ᠬᠠᠮᠢᠶᠠᠷᠤᠭ᠍ᠴᠢ᠎ᠵᠢ ᠥᠪᠡᠰᠦᠪᠡᠨ ᠰᠣᠩᠭᠣᠬᠤ᠂ ᠦᠷ᠎ᠡ ᠪᠦᠲᠦᠮᠵᠢ᠎ᠶ᠋ᠢ ᠥᠪᠡᠰᠦᠪᠡᠨ ᠦᠨᠡᠯᠡᠬᠦ᠌》 ᠪᠢᠲᠡᠭᠦᠦ ᠴᠠᠭᠠᠷᠢᠭᠲᠦ ᠱᠢᠰᠲ᠋ᠧᠮ᠎ᠢ ᠪᠠᠢᠭᠤᠯᠵᠤ᠂ ᠵᠠᠰᠠᠯᠲᠠ᠎ᠶ᠋ᠢᠨ ᠦᠷ᠎ᠡ ᠪᠦᠲᠦᠮᠵᠢ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠤᠤᠰ ᠳᠡᠭᠡᠭ᠌ᠰᠢᠯᠡᠯᠲᠡ᠎ᠶ᠋ᠢ ᠪᠡᠶᠡᠯᠡᠬᠦᠯᠪᠡ᠃

《ᠭᠠᠳᠠᠨᠠᠬᠢ ᠬᠥᠮᠦᠨ》 ᠪᠠᠢᠭ᠍ᠰᠠᠨ᠎ᠠᠴᠠ᠎ᠪᠠᠨ 《ᠭᠡᠷ᠎ᠦᠨ ᠡᠵᠡᠨ》 ᠪᠣᠯᠤᠬᠰᠠᠨ ᠦᠩᠭᠡᠷᠡᠯᠳᠡ
ᠮᠢᠨ ᠳ᠋ᠡ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ 《ᠰᠠᠭᠤᠭᠠᠯᠢ ᠠᠷᠠᠳ ᠬᠠᠮᠲᠤ᠎ᠪᠠᠷ ᠵᠠᠰᠠᠬᠤ + ᠨᠡᠢᠭᠡᠮ ᠲᠣᠭᠣᠷᠢᠭ ᠬᠠᠮᠵᠢᠯᠴᠠᠬᠤ》 ᠪᠡᠷ ᠭᠣᠣᠯ ᠪᠣᠯᠭᠠᠵᠤ᠂ ᠨᠠᠮ᠎ᠤᠨ ᠪᠠᠢᠭᠤᠯᠤᠯᠲᠠ᠎ᠵᠢᠨ ᠳᠠᠭᠠᠭᠤᠯᠭ᠎ᠠ ᠳᠤᠤᠷᠠᠬᠢ ᠠᠳᠠᠯ ᠠᠬᠤᠢ᠎ᠶ᠋ᠢᠨ ᠺᠣᠮᠫᠠᠨᠢ᠎ᠶ᠋ᠢ ᠲᠦᠷᠦᠭᠦᠯᠡᠨ ᠪᠠᠢᠭᠤᠯᠵᠤ᠂ ᠲᠤᠰ ᠰᠠᠭᠤᠭᠠᠯᠢ ᠠᠷᠠᠳ᠎ᠤᠨ ᠲᠣᠭᠣᠷᠢᠭ᠎ᠤᠨ ᠠᠵᠢᠯ ᠤᠯᠬᠤ᠎ᠳᠤ ᠬᠦᠴᠢᠷᠲᠡᠢ 7 ᠬᠥᠮᠦᠨ᠎ᠢ ᠣᠷᠣᠭᠤᠯᠤᠨ ᠠᠪᠴᠤ᠂ ᠨᠠᠮ᠎ᠤᠨ ᠪᠠᠢᠭᠤᠯᠤᠯᠲᠠ᠎ᠵᠢᠨ ᠳᠠᠭᠠᠭᠤᠯᠭ᠎ᠠ ᠳᠤᠤᠷᠠᠬᠢ ᠦᠢᠯᠡᠴᠢᠯᠡᠭᠡᠨ᠎ᠦ ᠠᠩᠬᠢ᠎ᠶ᠋ᠢ ᠪᠠᠢᠭᠤᠯᠵᠤ᠂ ᠬᠠᠷᠠᠭᠠᠯᠵᠠᠬᠰᠠᠨ ᠠᠵᠢᠯ᠎ᠤᠨ ᠱᠢᠰᠲᠸᠮ᠎ᠢ ᠪᠦᠷᠢᠯᠳᠦᠭᠦᠯᠪᠡ᠃
ᠬᠡᠷᠡᠭ᠌ᠴᠡᠭᠡ ᠱᠠᠭᠠᠷᠳᠠᠯᠭ᠎ᠠ᠎ᠵᠢ ᠦᠪᠡᠰᠦᠪᠡᠨ ᠲᠤᠰᠴᠦ᠂ ᠠᠷᠠᠳ᠎ᠤᠨ ᠠᠮᠢᠳᠤᠷᠠᠯ᠎ᠤᠨ ᠬᠦᠴᠢᠷᠳᠡᠯ᠎ᠢ ᠣᠨᠣᠪᠴᠢᠲᠠᠢ ᠡᠵᠡᠮᠳᠡᠪᠡ᠃ ᠨᠡᠢᠭᠡᠮ ᠲᠣᠭᠣᠷᠢᠭ᠎ᠨᠢ ᠵᠢᠷᠬᠢᠶ᠎ᠡ᠎ᠵᠢᠨ ᠴᠤᠭ᠍ᠯᠠᠷᠠᠯ᠂ ᠡᠷᠦᠬᠡ᠎ᠳᠦ ᠣᠷᠣᠵᠤ ᠰᠤᠷᠪᠤᠯᠵᠢᠯᠠᠬᠤ ᠪᠠ 《ᠵᠢᠵᠢᠭ ᠬᠦᠷᠢᠶᠡᠯᠡᠩ᠎ᠦᠨ ᠬᠡᠷᠡᠭ ᠵᠥᠪᠯᠡᠬᠦ᠌ ᠬᠤᠷᠠᠯ》 ᠵᠡᠷᠭᠡ ᠠᠷᠭ᠎ᠠ ᠵᠠᠮ᠎ᠢᠶᠠᠷ ᠳᠠᠮᠵᠢᠨ᠂ ᠰᠠᠭᠤᠭᠠᠯᠢ ᠠᠷᠠᠳ᠎ᠤᠨ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠂ ᠰᠠᠭᠤᠷᠢ ᠲᠦᠬᠦᠭᠡᠷᠦᠮᠵᠢ᠎ᠶ᠋ᠢ ᠰᠡᠯᠪᠢᠨ ᠵᠠᠰᠠᠬᠤ᠂ ᠠᠮᠤᠷ ᠲᠦᠪᠱᠢᠨ᠎ᠦ ᠬᠠᠮᠢᠶᠠᠷᠤᠯᠲᠠ ᠵᠡᠷᠭᠡ ᠲᠠᠯ᠎ᠠ᠎ᠪᠠᠷ᠎ᠬᠢ ᠬᠦᠰᠡᠯ ᠱᠠᠭᠠᠷᠳᠠᠯᠭ᠎ᠠ᠎ᠶ᠋ᠢ ᠥᠷᠭᠡᠨ᠎ᠢᠶᠡᠷ ᠴᠤᠭ᠍ᠯᠠᠭᠤᠯᠪᠠ᠃ ᠵᠢᠱ᠌ᠢᠶᠡᠯᠡᠪᠡᠯ ᠾᠧᠩ᠎ᠲᠡᠶ ᠰᠠᠭᠤᠭᠠᠯᠢ ᠲᠣᠭᠣᠷᠢᠭ᠎ᠤᠨ ᠨᠣᠭᠣᠭᠠᠷᠠᠭᠤᠯᠤᠯᠲᠠ ᠳᠤᠲᠠᠭ᠍ᠳᠠᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠨᠡᠢᠭᠡᠮ ᠲᠣᠭᠣᠷᠢᠭ᠎ᠠᠴᠠ ᠰᠠᠭᠤᠭᠠᠯᠢ ᠠᠷᠠᠳ᠎ᠤᠨ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠵᠤ ᠲᠤᠰᠭᠠᠶ ᠮᠡᠷᠭᠡᠵᠢᠯ᠎ᠦᠨ ᠵᠢᠷᠤᠭ ᠲᠥᠯᠥᠪᠯᠡᠭᠡ᠎ᠶ᠋ᠢᠨ ᠠᠵᠢᠯᠲᠠᠨ᠎ᠲᠠᠶ ᠳᠠᠬᠢᠨ ᠳᠠᠪᠲᠠᠨ ᠰᠤᠳᠤᠯᠤᠨ ᠶᠠᠷᠢᠯᠴᠠᠵᠤ᠂ ᠡᠴᠦᠰ᠎ᠲᠡᠬᠡᠨ ᠦᠵᠡᠮᠦᠷᠢ᠎ᠶ᠋ᠢᠨ ᠴᠢᠨᠠᠷᠲᠠᠶ ᠴᠡᠴᠡᠭ ᠮᠣᠳᠣ ᠳᠠᠷᠢᠬᠤ ᠲᠥᠰᠦᠯ᠎ᠢ ᠲᠣᠭ᠍ᠲᠠᠭᠠᠬᠤ᠎ᠶ᠋ᠢᠨ ᠬᠠᠮᠲᠤ᠂ ᠨᠠᠮ᠎ᠤᠨ ᠭᠡᠱᠢᠭᠦᠨ᠂ ᠣᠯᠠᠨ ᠲᠦᠮᠡᠨ ᠪᠠ ᠰᠠᠢᠨ ᠳᠤᠷᠠᠴᠤᠳ ᠬᠠᠮᠲᠤ᠎ᠪᠠᠷ ᠨᠣᠭᠣᠭᠠᠷᠠᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠪᠡᠶᠡᠯᠡᠭᠦᠯᠪᠡ᠃
ᠲᠥᠰᠦᠯ᠎ᠢ ᠥᠪᠡᠰᠦᠪᠡᠨ ᠲᠣᠭ᠍ᠲᠠᠭᠠᠵᠤ᠂ ᠰᠦᠶ᠋ᠳᠭᠡᠯ ᠪᠠᠭ᠎ᠠ ᠬᠤᠷᠢᠶᠠᠵᠤ ᠥᠨᠳᠥᠷ ᠪᠠᠷᠢᠮᠵᠢᠶ᠎ᠠ᠎ᠪᠠᠷ ᠦᠶ᠋ᠯᠡᠴᠢᠯᠡᠪᠡ᠃ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠲᠤᠰᠭᠠᠶ ᠮᠡᠷᠭᠡᠵᠢᠯ᠎ᠦᠨ ᠠᠵᠢᠯᠲᠠᠨ ᠵᠣᠬᠢᠶᠠᠨ ᠪᠠᠢᠭᠤᠯᠵᠤ ᠰᠠᠭᠤᠭᠠᠯᠢ ᠠᠷᠠᠳ᠎ᠤᠨ ᠲᠥᠯᠥᠭᠡᠯᠡᠭ᠌ᠴᠢ᠎ᠲᠡᠶ ᠵᠥᠪᠳᠡᠯᠴᠡᠨ᠂ ᠠᠳᠠᠯ ᠠᠬᠤᠢ᠎ᠶᠢᠨ ᠰᠦᠶ᠋ᠳᠭᠡᠯ ᠬᠤᠷᠢᠶᠠᠬᠤ ᠪᠠᠷᠢᠮᠵᠢᠶ᠎ᠠ᠎ᠶ᠋ᠢ ᠲᠣᠭ᠍ᠲᠠᠭᠠᠵᠤ᠂ ᠠᠳᠠᠯ ᠠᠬᠤᠢ᠎ᠵᠢᠨ ᠺᠤᠮᠫᠠᠨᠢ ᠡᠴᠡ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠂ ᠨᠣᠭᠣᠭᠠᠷᠠᠭᠤᠯᠤᠯᠲᠠ᠂ ᠰᠡᠯᠪᠢᠨ ᠵᠠᠰᠠᠯᠲᠠ ᠵᠡᠷᠭᠡ᠎ᠶ᠋ᠢ ᠬᠠᠮᠤᠷᠤᠬᠰᠠᠨ ᠬᠥᠳᠡᠯᠦᠩᠭᠦᠶ᠎ᠪᠡᠷ ᠲᠣᠬᠢᠷᠠᠭᠤᠯᠤᠯᠲᠠ ᠬᠢᠬᠦ᠌ ᠲᠣᠭ᠍ᠲᠠᠴᠠ᠎ᠶ᠋ᠢ ᠪᠠᠢᠭᠤᠯᠪᠠ᠃ ᠡᠨᠡ ᠬᠦ᠌ ᠪᠠᠷᠢᠮᠵᠢᠶ᠎ᠠ ᠨᠢ ᠰᠠᠭᠤᠭᠠᠯᠢ ᠠᠷᠠᠳ᠎ᠤᠨ ᠳᠠᠷᠤᠭᠠᠰᠤ᠎ᠶ᠋ᠢ ᠬᠥᠩᠭᠡᠷᠡᠭᠦᠯᠦᠭ᠌ᠰᠡᠨ ᠮᠥᠷᠲᠡᠭᠡᠨ ᠪᠠᠰᠠ ᠦᠶ᠋ᠯᠡᠴᠢᠯᠡᠭᠡᠨ᠎ᠦ ᠶᠠᠰᠤ ᠴᠢᠨᠠᠷ᠎ᠢ ᠦᠨᠡᠨ ᠬᠦ᠌ ᠪᠠᠲᠤᠯᠠᠵᠤ ᠂ ᠠᠳᠠᠯ ᠠᠬᠤᠶ᠎ᠶ᠋ᠢᠨ ᠰᠦᠶ᠋ᠳᠭᠡᠯ ᠲᠤᠱᠢᠶᠠᠬᠤ ᠨᠣᠷᠮ᠎ᠠ 50% ᠪᠠᠢᠭ᠍ᠰᠠᠨ᠎ᠠᠴᠠ ᠪᠠᠨ 90% ᠪᠣᠯᠲᠠᠯ᠎ᠠ ᠳᠡᠭᠡᠭ᠌ᠰᠢᠯᠡᠪᠡ᠃
ᠬᠠᠮᠢᠶᠠᠷᠤᠭ᠍ᠴᠢ ᠵᠢ ᠥᠪᠡᠰᠦᠪᠠᠨ ᠰᠤᠩᠭᠤᠵᠦ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠪᠠ᠃ ᠦᠶ᠋ᠯᠡᠴᠢᠯᠡᠭᠡᠨ᠎ᠦ ᠠᠵᠢᠯᠲᠠᠨ᠎ᠢ ᠥᠮᠴᠢᠲᠡᠨ᠎ᠦ ᠪᠠᠲᠤᠯᠠᠨ ᠲᠠᠨᠢᠯᠴᠠᠭᠤᠯᠬᠤ ᠪᠠ ᠰᠠᠭᠤᠭᠠᠯᠢ ᠠᠷᠠᠳ ᠥᠪᠡᠷ᠎ᠢ᠎ᠪᠡᠨ ᠪᠠᠲᠤᠯᠠᠨ ᠲᠠᠨᠢᠯᠴᠠᠭᠤᠯᠬᠤ᠎ᠪᠠᠷ ᠳᠡᠮᠵᠢᠨ ᠤᠨᠤᠴᠠᠳᠠᠢ ᠰᠤᠩᠭᠤᠨ ᠭᠠᠷᠭᠠᠵᠦ᠂ ᠲᠣᠰ ᠰᠠᠭᠤᠭᠠᠯᠢ ᠠᠷᠠᠳ᠎ᠤᠨ ᠲᠣᠭᠣᠷᠢᠭ ᠵᠢᠴᠢ ᠬᠠᠷᠢᠶ᠎ᠠ ᠣᠷᠣᠨ᠎ᠤ ᠠᠵᠢᠯ ᠤᠯᠬᠤ᠎ᠳᠤ ᠬᠦᠴᠢᠷᠲᠡᠶ ᠬᠥᠮᠦᠰ᠎ᠢ ᠤᠷᠢᠳ᠎ᠢᠶᠡᠷ ᠪᠤᠳᠤᠯᠬᠢᠯᠠᠪᠠ᠃ ᠡᠢᠮᠦᠷᠬᠦᠦ 《ᠭᠡᠷ ᠣᠷᠣᠨ ᠵᠢᠡᠨ ᠦᠪᠡᠰᠦᠪᠡᠨ ᠬᠠᠮᠢᠶᠠᠷᠬᠤ》 ᠬᠡᠪ ᠵᠠᠭ᠍ᠪᠤᠷ ᠨᠢ ᠬᠡᠰᠡᠭ ᠰᠠᠭᠤᠭᠠᠯᠢ ᠠᠷᠠᠳ᠎ᠤᠨ ᠠᠵᠢᠯ ᠣᠯᠭᠣᠯᠲᠠ᠎ᠶ᠋ᠢᠨ ᠠᠰᠠᠭᠤᠳᠠᠯ᠎ᠢ ᠱᠢᠢᠳᠪᠦᠷᠢᠯᠡᠭ᠌ᠰᠡᠨ ᠮᠥᠷᠲᠡᠭᠡᠨ ᠪᠠᠰᠠ ᠦᠢᠯᠡᠴᠢᠯᠡᠭᠡᠨ᠎ᠦ ᠡᠩᠨᠡᠭᠡᠨ᠎ᠦ ᠬᠠᠷᠢᠭᠤᠴᠠᠯᠭᠠᠲᠤ ᠰᠡᠳᠭᠢᠯᠭᠡ ᠪᠠ ᠬᠠᠷᠢᠶᠠᠯᠠᠭ᠍ᠳᠠᠬᠤ ᠰᠡᠳᠭᠢᠯᠭᠡ᠎ᠶ᠋ᠢ ᠨᠡᠮᠡᠭ᠌ᠳᠡᠭᠦᠯᠦᠭ᠌ᠰᠡᠨ ᠪᠠᠢᠨ᠎ᠠ᠃
ᠦᠷ᠎ᠡ ᠪᠦᠲᠦᠮᠵᠢ᠎ᠵᠢ ᠦᠪᠡᠰᠦᠪᠠᠨ ᠦᠨᠡᠯᠡᠵᠦ᠍᠂ ᠬᠢᠨᠠᠯᠲᠠ᠎ᠵᠢ ᠢᠯᠡ ᠲᠤᠳᠤ ᠪᠤᠯᠭᠠᠪᠠ᠃ ᠨᠡᠢᠭᠡᠮ ᠲᠣᠭᠣᠷᠢᠭ᠎ᠨᠢ ᠪᠠᠢᠩᠭᠤᠵᠢᠬᠰᠠᠨ ᠬᠠᠨᠤᠮᠵᠢ᠎ᠶ᠋ᠢᠨ ᠬᠡᠮᠵᠢᠶ᠎ᠡ᠎ᠶ᠋ᠢ ᠱᠢᠯᠭᠠᠨ ᠲᠣᠭ᠍ᠲᠠᠭᠠᠬᠤ ᠲᠣᠭ᠍ᠲᠠᠴᠠ᠎ᠶ᠋ᠢ ᠪᠠᠢᠭᠤᠯᠵᠤ᠂ ᠠᠳᠠᠯ ᠠᠬᠤᠢ᠎ᠶ᠋ᠢᠨ ᠣᠷᠣᠯᠭ᠎ᠠ ᠵᠠᠷᠤᠯᠭ᠎ᠠ᠎ᠶ᠋ᠢ ᠤᠯᠠᠷᠢᠯ ᠪᠦᠷᠢᠳᠦ ᠨᠡᠢᠲᠡᠯᠡᠨ᠂ ᠰᠠᠭᠤᠭᠠᠯᠢ ᠠᠷᠠᠳ᠎ᠡᠴᠡ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠴᠠᠭ ᠲᠤᠬᠠᠶ᠎ᠳᠤᠨᠢ ᠦᠨᠡᠯᠡᠵᠦ᠍ ᠲᠡᠢᠯᠬᠦ᠎ᠶᠢ ᠪᠡᠶᠡᠯᠡᠬᠦᠯᠪᠡ᠃ ᠡᠬᠦᠨ᠎ᠳᠤ᠂ ᠦᠨᠡᠯᠡᠭ᠌ᠰᠡᠨ ᠦᠷ᠎ᠡ ᠳ᠋ᠦᠩ᠎ᠢ ᠬᠢᠨᠠᠨ ᠱᠢᠯᠭᠠᠬᠤ ᠦᠨᠳᠦᠰᠦᠯᠡᠯ ᠪᠣᠯᠭᠠᠵᠤ᠂ 《ᠦᠨᠡᠯᠡᠬᠦ᠌ — ᠰᠠᠢᠵᠢᠷᠠᠭᠤᠯᠬᠤ — ᠳᠡᠭᠡᠭ᠌ᠰᠢᠯᠡᠭᠦᠯᠬᠦ᠌》 ᠰᠠᠢ᠌ᠨ ᠣᠷᠴᠢᠯ᠎ᠢ ᠪᠦᠷᠢᠯᠳᠦᠭᠦᠯᠪᠠ᠃ ᠲᠤᠷᠱᠢᠯᠲᠠ᠎ᠵᠢᠨ ᠴᠡᠭ᠎ᠤᠨ ᠠᠵᠢᠯ᠎ᠢ ᠡᠬᠢᠯᠡᠬᠦᠯᠦᠭᠰᠡᠨ ᠡᠴᠡ ᠨᠠᠭᠠᠰᠢ᠂ 12345 ᠵᠠᠭᠠᠯᠳᠤᠯᠭ᠎ᠠ ᠨᠢ 《ᠬᠡᠷᠡᠭ ᠪᠣᠯᠭᠠᠨ ᠳᠠᠩᠰᠠᠯᠠᠬᠰᠠᠨ ᠤᠳᠠᠭ᠎ᠠ ᠦᠬᠡᠢ》 ᠪᠠᠢᠬᠤ ᠵᠢ ᠪᠡᠶᠡᠯᠡᠬᠦᠯᠵᠦ᠂ ᠰᠠᠭᠤᠭᠠᠯᠢ ᠠᠷᠠᠳ᠎ᠤᠨ ᠬᠠᠨᠤᠮᠵᠢ᠎ᠵᠢᠨ ᠬᠡᠮᠵᠢᠶ᠎ᠡ ᠨᠢ 100%᠎ᠳ᠋ᠤ ᠬᠦᠷᠴᠡᠶ᠃


《ᠭᠠᠭ᠍ᠴᠠ ᠬᠥᠮᠦᠨ᠎ᠦ ᠵᠦᠴᠦᠭᠡ》 ᠪᠠᠢᠬᠰᠠᠨ ᠡᠴᠡ ᠪᠠᠨ 《ᠤᠯᠠᠨ ᠬᠦᠮᠦᠨ᠎ᠤ ᠨᠠᠢᠷᠠᠯ ᠳᠠᠭᠤᠤ》 ᠪᠤᠯᠤᠬᠰᠠᠨ ᠵᠠᠰᠠᠯᠲᠠ
ᠮᠢᠨ ᠳᠠ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠤᠯᠤᠰ ᠲᠥᠷᠥ᠍ ᠵᠢᠨ ᠳᠠᠪᠠᠭᠤᠯᠢᠭ ᠪᠠ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ 《ᠨᠠᠮ᠎ᠤᠨ ᠡᠭᠦᠷ᠎ᠢ ᠰᠠᠭᠤᠭᠠᠯᠢ ᠠᠷᠠᠳ᠎ᠤᠨ ᠲᠣᠭᠣᠷᠢᠭ᠎ᠲᠤ ᠦᠨᠳᠦᠰᠦᠯᠡᠬᠦᠯᠬᠦ》 ᠪᠠ 《ᠵᠢᠵᠢᠭ ᠬᠦᠷᠢᠶᠡᠯᠡᠩ᠎ᠦᠨ ᠬᠡᠷᠡᠭ ᠵᠥᠪᠯᠡᠬᠦ᠌ ᠬᠤᠷᠠᠯ》 ᠤ᠋ᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠨᠢᠬᠲᠠ ᠲᠤᠤᠷᠵᠢᠬᠰᠠᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠪᠠ᠃
ᠨᠠᠮ᠎ᠤᠨ ᠡᠭᠦᠷ ᠰᠠᠭᠤᠭᠠᠯᠢ ᠠᠷᠠᠳ᠎ᠤᠨ ᠲᠣᠭᠣᠷᠢᠭ᠎ᠲᠤ ᠦᠨᠳᠦᠰᠦᠯᠡᠵᠦ᠍ ᠂ ᠵᠥᠷᠢᠴᠡᠯ᠎ᠢ ᠴᠤᠬᠤᠢᠯᠳᠠ ᠵᠢᠨ ᠬᠤᠭᠤᠴᠠᠭᠠᠨ ᠳ᠋ᠤᠨᠢ ᠨᠠᠮᠳᠠᠭᠤᠯᠪᠠ᠃ ᠲᠤᠷᠱᠢᠯᠲᠠ᠎ᠶ᠋ᠢᠨ ᠴᠡᠭ᠎ᠤᠨ ᠰᠠᠭᠤᠭᠠᠯᠢ ᠠᠷᠠᠳ᠎ᠤᠨ ᠲᠣᠭᠣᠷᠢᠭ᠎ᠲᠤ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠠᠵᠢᠯᠯᠠᠭᠠᠨ᠎ᠤ ᠲᠠᠰᠤᠭ ᠭᠠᠷᠭᠠᠵᠤ᠂ ᠨᠠᠮ᠎ᠤᠨ ᠭᠡᠱᠢᠭᠦᠨ ᠡᠳᠦᠷ ᠲᠤᠲᠤᠮ᠎ᠤᠨ ᠦᠶ᠋ᠯᠡᠳᠦᠯᠴᠡᠯ᠎ᠢᠶᠡᠷ ᠳᠠᠮᠵᠢᠨ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠴᠤᠭ᠍ᠯᠠᠭᠤᠯᠵᠤ᠂ 《ᠵᠠᠭᠠᠯᠳᠤᠬᠤ ᠡᠴᠡ ᠨᠢ ᠡᠮᠦᠨ᠎ᠡ ᠤᠷᠢᠳ᠎ᠢᠶᠠᠷ ᠭᠦᠶ᠋ᠴᠡᠳᠭᠡᠬᠦ᠌》 ᠲᠣᠭ᠍ᠲᠠᠴᠠ᠎ᠶ᠋ᠢ ᠪᠦᠷᠢᠯᠳᠦᠭᠦᠯᠪᠡ᠃ ᠬᠤᠤ ᠶᠧ ᠰᠠᠭᠤᠭᠠᠯᠢ ᠠᠷᠠᠳ᠎ᠤᠨ ᠲᠣᠭᠣᠷᠢᠭ᠎ᠤᠨ ᠶᠡᠬᠡ ᠡᠭᠦᠳᠡ᠎ᠶ᠋ᠢ ᠵᠠᠰᠠᠵᠤ ᠪᠠᠢᠭᠤᠯᠬᠤ᠎ᠠᠴᠠ ᠡᠮᠦᠨ᠎ᠡ᠂ ᠨᠠᠮ᠎ᠤᠨ ᠭᠡᠱᠢᠭᠦᠨ ᠭᠠᠳᠠᠨ᠎ᠠ᠎ᠠᠴᠠ ᠢᠷᠡᠭ᠌ᠰᠡᠨ ᠲᠡᠷᠭᠡ᠎ᠵᠢᠨ ᠲᠤᠬᠠᠢ ᠬᠠᠮᠢᠶᠠᠷᠤᠯᠲᠠ ᠲᠤᠲᠠᠬᠳᠠᠵᠦ ᠪᠠᠢᠭ᠎ᠠ ᠵᠢ ᠣᠯᠵᠤ ᠮᠡᠳᠡᠭᠡᠳ ᠲᠡᠷᠡ ᠳᠠᠷᠤᠶᠳᠤᠨᠢ ᠬᠡᠷᠡᠭ ᠵᠥᠪᠯᠡᠬᠦ ᠠᠵᠢᠯ᠎ᠢ ᠵᠣᠬᠢᠶᠠᠨ ᠪᠠᠢᠭᠤᠯᠵᠤ᠂ ᠤᠷᠤᠰᠢᠵᠦ ᠪᠠᠢᠭ᠎ᠠ ᠠᠰᠠᠭᠤᠲᠠᠯ᠎ᠢ ᠱᠢᠶ᠋ᠳᠪᠦᠷᠢᠯᠡᠪᠡ᠃
ᠨᠡᠢᠭᠡᠮ ᠲᠣᠭᠣᠷᠢᠭ ᠨᠢ ᠬᠡᠷᠡᠭ ᠵᠥᠪᠯᠡᠬᠦ᠌ ᠪᠢᠲᠡᠭᠦᠦ ᠴᠠᠭᠠᠷᠢᠭ᠎ᠤᠨ 《ᠵᠢᠵᠢᠭ ᠬᠦᠷᠢᠶᠡᠯᠡᠩ᠎ᠦᠨ ᠬᠡᠷᠡᠭ ᠵᠥᠪᠯᠡᠬᠦ᠌ ᠬᠤᠷᠠᠯ》 ᠤ᠋ᠨ ᠲᠠᠪᠴᠠᠩ᠎ᠳᠤ ᠲᠦᠱᠢᠭ᠌ᠯᠡᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠲᠡᠶ ᠬᠣᠯᠪᠣᠭᠠᠯᠠᠨ ᠦᠨᠳᠦᠰᠦᠨ ᠱᠠᠲᠤᠨ᠎ᠤ ᠵᠥᠪᠯᠡᠯᠭᠡ ᠬᠢᠵᠦ᠍᠂ 《ᠴᠤᠭ᠍ᠯᠠᠭᠤᠯᠬᠤ — ᠲᠥᠷᠥᠯ ᠬᠤᠪᠢᠶᠠᠬᠤ — ᠵᠥᠪᠯᠡᠬᠦ — ᠬᠠᠷᠢᠭᠤ ᠲᠤᠰᠭᠠᠬᠤ》 ᠪᠥᠬᠥ᠌ ᠶᠠᠪᠤᠴᠠ᠎ᠶ᠋ᠢᠨ ᠲᠣᠭ᠍ᠲᠠᠴᠠ᠎ᠶ᠋ᠢ ᠪᠠᠢᠭᠤᠯᠪᠠ᠃ ᠡᠬᠦᠨ᠎ᠳᠤ᠂ ᠦᠢᠯᠡᠴᠢᠯᠡᠬᠡᠨ᠎ᠤ ᠠᠩᠬᠢ᠎ᠵᠢᠨ ᠠᠵᠢᠯᠲᠠᠨ ᠪᠠ ᠰᠦᠯᠵᠢᠶᠡᠨ᠎ᠦ ᠠᠵᠢᠯᠲᠠᠨ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠲᠣᠭᠣᠷᠢᠨ ᠦᠵᠡᠵᠦ᠍᠂ ᠤᠯᠠᠨ ᠲᠦᠮᠡᠨ᠎ᠤ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠳ᠋ᠤ ᠴᠢᠭᠯᠡᠬᠦᠯᠦᠨ ᠠᠬᠤᠢ ᠲᠠᠯᠠᠪᠠᠢ᠎ᠳᠤ ᠲᠥᠰᠦᠯ ᠭᠠᠷᠭᠠᠵᠦ᠂ ᠬᠦᠴᠢᠷ ᠠᠰᠠᠭᠤᠳᠠᠯ᠎ᠢ ᠱᠢᠢᠳᠪᠦᠷᠢᠯᠡᠪᠡ᠃ ᠮᠢᠨ ᠳ᠋ᠡ ᠰᠠᠭᠤᠭᠠᠯᠢ ᠠᠷᠠᠳ᠎ᠤᠨ ᠲᠣᠭᠣᠷᠢᠭ᠎ᠤᠨ ᠠᠭᠤᠳᠠᠮ ᠲᠠᠯᠠᠪᠠᠶ᠎ᠵᠢᠨ ᠪᠠᠢᠭᠤᠯᠤᠬᠳᠠᠬᠰᠠᠨ ᠨᠢ ᠳᠠᠷᠤᠶ 3 ᠡᠭᠡᠯᠵᠢ᠎ᠶ᠋ᠢᠨ ᠬᠡᠷᠡᠭ ᠵᠥᠪᠯᠡᠬᠦ ᠬᠤᠷᠠᠯ᠂ ᠰᠠᠭᠤᠭᠠᠯᠢ ᠠᠷᠠᠳ᠎ᠤᠨ ᠰᠠᠨᠠᠯ ᠪᠠ ᠲᠤᠰᠭᠠᠶ ᠮᠡᠷᠭᠡᠵᠢᠯ᠎ᠦᠨ ᠵᠢᠷᠤᠭ ᠲᠥᠯᠥᠪᠯᠡᠭᠡ᠎ᠶ᠋ᠢ ᠡᠮᠬᠢᠯᠡᠨ ᠨᠡᠢᠯᠡᠭᠦᠯᠬᠦ᠌᠎ᠶᠢ ᠳᠠᠮᠵᠢᠨ᠂ ᠡᠴᠦᠰ᠎ᠲᠡᠬᠡᠨ ᠣᠯᠠᠨ ᠨᠡᠢᠲᠡ᠎ᠶ᠋ᠢᠨ ᠣᠷᠣᠨ ᠵᠠᠶ᠎ᠶ᠋ᠢᠨ ᠬᠣᠭᠣᠰᠣᠨ᠎ᠢ ᠨᠥᠬᠥᠪᠥᠷᠢᠯᠡᠵᠡᠢ᠃
ᠡᠬᠦᠨ ᠡᠴᠡ ᠭᠠᠳᠠᠨ᠎ᠠ᠂ ᠮᠢᠨ ᠳᠠ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ 《ᠤᠯᠠᠨ ᠲᠦᠮᠡᠨ᠎ᠳᠦ ᠪᠣᠳᠠᠲᠤ ᠶᠠᠪᠤᠳᠠᠯ ᠬᠢᠬᠦ᠌ ᠪᠡᠯᠡ ᠮᠥᠩᠭᠥ᠌ + ᠠᠳᠠᠯ ᠠᠬᠤᠢ᠎ᠶ᠋ᠢᠨ ᠪᠡᠯᠡ ᠮᠥᠩᠭᠥ᠌》 ᠶ᠋ᠢ ᠡᠮᠬᠢᠯᠡᠨ ᠨᠡᠢᠯᠡᠭᠦᠯᠵᠦ᠍᠂ ᠨᠡᠢ᠌ᠲᠡ 9 ᠲᠦᠮᠡ ᠭᠠᠷᠤᠢ ᠲᠥᠭᠥᠷᠢᠭ ᠣᠷᠣᠭᠤᠯᠤᠨ ᠪᠢᠴᠢᠯ ᠥᠭᠡᠷᠡᠴᠢᠯᠡᠯᠲᠡ ᠬᠢᠵᠦ᠍᠂ ᠠᠰᠠᠷ᠎ᠤᠨ ᠫᠠᠢᠰᠠ᠎ᠶ᠋ᠢ ᠰᠣᠯᠢᠬᠤ᠂ ᠨᠣᠭᠣᠭᠠᠷᠠᠭᠤᠯᠬᠤ᠂ ᠬᠢᠨᠠᠨ ᠡᠵᠡᠮᠳᠡᠯ᠎ᠢ ᠬᠠᠮᠠᠭᠠᠯᠠᠬᠤ ᠵᠡᠷᠭᠡ ᠠᠵᠢᠯ᠎ᠢ ᠬᠢᠪᠡ᠃ ᠰᠠᠭᠤᠭᠠᠯᠢ ᠠᠷᠠᠳ ᠴᠤ᠌ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ 《ᠠᠳᠠᠯ ᠠᠬᠤᠢ᠎ᠶ᠋ᠢᠨ ᠰᠦᠢᠳᠭᠡᠯ᠎ᠢ ᠱᠠᠯᠠᠪᠳᠠᠭᠤᠯᠤᠨ ᠬᠤᠷᠢᠶᠠᠭ᠍ᠴᠢ》᠂ 《ᠨᠣᠭᠣᠭᠠᠷᠠᠭᠤᠯᠤᠯᠲᠠ᠎ᠶ᠋ᠢᠨ ᠤᠰᠤᠯᠠᠭ᠍ᠴᠢ》᠂ 《ᠲᠡᠷᠭᠡ ᠵᠣᠭ᠍ᠰᠣᠬᠤ ᠡᠮᠬᠢ ᠳᠢᠭ᠌ᠯᠢᠮ᠎ᠦᠨ ᠬᠠᠮᠠᠭᠠᠯᠠᠭ᠍ᠴᠢ》 ᠵᠡᠷᠭᠡ᠎ᠵᠢᠨ ᠳᠦᠷᠢ᠎ᠶ᠋ᠢ ᠲᠤᠬᠯᠠᠵᠦ᠂ ᠬᠠᠮᠲᠤ᠎ᠪᠠᠷ ᠵᠠᠰᠠᠬᠤ ᠪᠠᠢᠷᠢᠱᠢᠯ᠎ᠢ ᠪᠦᠷᠢᠯᠳᠦᠭᠦᠯᠪᠡ᠃ ᠬᠤᠤ ᠶᠧ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠪᠣᠯᠪᠠᠰᠤᠨ ᠪᠤᠰᠤ ᠦᠶ᠋ᠯᠡ ᠠᠵᠢᠯᠯᠠᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠢᠳᠬᠠᠨ ᠵᠤᠬᠰᠤᠭᠠᠵᠦ᠂ ᠬᠥᠷᠰᠢ ᠵᠡᠷᠭᠡᠯᠡᠳᠡᠭᠡ᠎ᠶ᠋ᠢᠨ ᠵᠥᠷᠢᠴᠡᠯ᠎ᠢ ᠬᠠᠪᠰᠤᠷᠤᠨ ᠡᠶᠡᠳᠡᠭᠦᠯᠵᠦ᠍᠂ 《ᠭᠡᠷ ᠣᠷᠣᠨ ᠵᠢᠡᠨ ᠦᠪᠡᠰᠦᠪᠡᠨ ᠬᠠᠮᠢᠶᠠᠷᠬᠤ》 ᠵᠢ ᠦᠨᠡᠨ ᠬᠦ᠌ ᠪᠡᠶᠡᠯᠡᠭᠦᠯᠪᠡ᠃

《ᠬᠠᠭᠤᠴᠢᠨ ᠲᠦᠷᠬᠦ》 ᠪᠠᠨ ᠦᠭᠡᠷᠡᠴᠢᠯᠡᠵᠦ 《ᠰᠢᠨ᠎ᠡ ᠲᠦᠷᠰᠦ ᠪᠠᠢᠳᠠᠯ》 ᠢ᠋ ᠡᠬᠦᠳᠦᠬᠰᠡᠨ ᠬᠤᠪᠢᠷᠠᠯᠳᠠ
ᠰᠠᠭᠤᠭᠠᠯᠢ ᠠᠷᠠᠳ᠎ᠤᠨ ᠲᠤᠭᠤᠷᠢᠭ᠎ᠤᠨ ᠣᠷᠣᠱᠢᠨ ᠰᠠᠭᠤᠬᠤ ᠣᠷᠴᠢᠨ ᠨᠦᠬᠦᠴᠡᠯ ᠮᠡᠳᠡᠭᠳᠡᠮ᠎ᠡ ᠰᠠᠢᠵᠢᠷᠠᠪᠠ᠃ ᠬᠤᠤ ᠶᠧ ᠰᠠᠭᠤᠭᠠᠯᠢ ᠠᠷᠠᠳ᠎ᠤᠨ ᠲᠣᠭᠣᠷᠢᠭ᠎ᠤᠨ ᠳᠤᠮᠤ ᠡᠬᠦᠳᠡ᠎ᠵᠢ 1 ᠰᠠᠷ᠎ᠠ᠎ᠵᠢᠨ ᠬᠤᠭᠤᠴᠠᠭᠠᠨ᠎ᠳᠤ ᠵᠠᠰᠠᠨ ᠪᠠᠢᠭᠤᠯᠵᠦ ᠳᠠᠭᠤᠰᠭᠠᠨ᠂ ᠮᠢᠨ ᠳ᠋ᠡ ᠰᠠᠭᠤᠭᠠᠯᠢ ᠠᠷᠠᠳ᠎ᠤᠨ ᠲᠣᠭᠣᠷᠢᠭ᠎ᠲᠤ ᠠᠭᠤᠳᠠᠮ ᠲᠠᠯᠠᠪᠠᠶ᠎ᠵᠢ ᠪᠠᠢᠭᠤᠯᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠨᠣᠭᠣᠭᠠᠷᠠᠭᠤᠯᠤᠯᠲᠠ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 100% ᠪᠣᠯᠭᠠᠨ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ 10 ᠪᠣᠳᠠᠲᠤ ᠶᠠᠪᠤᠳᠠᠯ᠎ᠢ ᠱᠢᠶ᠋ᠳᠪᠦᠷᠢᠯᠡᠵᠦ᠂ ᠬᠡᠷᠡᠭ᠌ᠴᠡᠭᠡ ᠱᠠᠭᠠᠷᠳᠠᠯᠭ᠎ᠠ᠎ᠶᠢ ᠣᠨᠣᠪᠴᠢᠲᠠᠶ ᠳᠠᠭᠠᠬᠤ᠎ᠵᠢ ᠪᠡᠶᠡᠯᠡᠬᠦᠯᠪᠡ᠃ ᠣᠯᠠᠨ ᠠᠷᠭ᠎ᠠ ᠵᠠᠮ᠎ᠢᠶᠠᠷ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠴᠤᠭ᠍ᠯᠠᠭᠤᠯᠵᠤ᠂ ᠰᠤᠯᠠ ᠳᠠᠯᠪᠢᠬᠳᠠᠵᠦ ᠪᠠᠢᠭ᠎ᠠ ᠪᠥᠭᠡᠮ ᠬᠦᠴᠢᠯ᠎ᠦᠨ ᠱᠢᠯᠭᠠᠨ ᠪᠠᠢᠴᠠᠭᠠᠬᠤ ᠭᠠᠵᠠᠷ᠎ᠢ ᠬᠠᠮᠲᠤ᠎ᠪᠠᠷ ᠡᠳ᠋ᠯᠡᠬᠦ᠌ ᠪᠠᠭᠠᠵᠢ ᠬᠡᠷᠡᠭᠰᠡᠯ᠎ᠤᠨ ᠬᠡᠷ ᠪᠣᠯᠭᠠᠨ ᠥᠭᠡᠷᠡᠴᠢᠯᠡᠨ ᠵᠠᠰᠠᠵᠤ᠂ 50 ᠭᠠᠷᠤᠶ ᠲᠥᠷᠥᠯ᠎ᠦᠨ ᠪᠠᠭᠠᠵᠢ᠎ᠶ᠋ᠢ ᠡᠮᠬᠢᠯᠡᠨ ᠨᠡᠢᠯᠡᠭᠦᠯᠵᠦ᠍᠂ ᠤᠯᠠᠨ ᠲᠦᠮᠡᠨ᠎ᠤ ᠠᠮᠢᠳᠤᠷᠠᠯ ᠳᠤᠮᠳᠠᠬᠢ ᠰᠡᠯᠪᠢᠨ ᠵᠠᠰᠠᠬᠤ ᠪᠡᠷᠬᠡ ᠰᠡᠳᠦᠪ᠎ᠢ ᠱᠢᠶ᠋ᠳᠪᠦᠷᠢᠯᠡᠪᠡ᠃ ᠦᠢᠯᠡᠴᠢᠯᠡᠭᠡᠨ᠎ᠦ ᠡᠩᠨᠡᠭᠡ᠎ᠶ᠋ᠢ ᠣᠷᠣᠨ ᠨᠤᠲᠤᠭ᠍ᠴᠢᠯᠠᠬᠤᠵᠢ ᠪᠡᠶᠡᠯᠡᠬᠦᠯᠵᠦ᠂ ᠠᠵᠢᠯ ᠤᠯᠬᠤ᠎ᠳᠤ ᠬᠦᠴᠢᠷᠲᠡᠶ 7 ᠬᠥᠮᠦᠨ᠎ᠢ ᠬᠠᠪᠰᠤᠷᠤᠨ ᠠᠵᠢᠯ ᠣᠯᠭᠣᠬᠤ ᠠᠰᠠᠭᠤᠳᠠᠯ᠎ᠢ᠎ᠨᠢ ᠱᠢᠶ᠋ᠳᠪᠦᠷᠢᠯᠡᠵᠦ᠍᠂ ᠨᠢᠭᠡᠨ ᠰᠠᠯᠠᠭ᠎ᠠ ᠤᠯᠤᠰ ᠲᠥᠷᠥ᠎ᠶ᠋ᠢᠨ ᠬᠡᠪ ᠴᠢᠨᠠᠷ᠎ᠢᠶᠠᠷ ᠴᠢᠩᠭ᠎ᠠ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠰᠠᠢᠨ ᠮᠡᠳᠡᠳᠡᠭ 《ᠥᠪᠡᠰᠦᠪᠠᠨ ᠵᠠᠰᠠᠬᠤ ᠦᠶ᠋ᠯᠡᠴᠢᠯᠡᠭᠡᠨ᠎ᠦ ᠡᠩᠨᠡᠭᠡ》 ᠶ᠋ᠢ ᠪᠠᠢᠭᠤᠯᠪᠠ᠃ ᠦᠨᠡᠯᠡᠬᠦ᠌ ᠲᠣᠭ᠍ᠲᠠᠴᠠ ᠵᠢ ᠢᠯᠡ ᠲᠣᠳᠣ ᠪᠤᠯᠭᠠᠵᠦ᠂ ᠠᠳᠠᠯ ᠠᠬᠤᠶ᠎ᠶ᠋ᠢᠨ ᠣᠷᠣᠯᠭ᠎ᠠ ᠵᠠᠷᠤᠯᠭ᠎ᠠ᠎ᠶ᠋ᠢ ᠢᠯᠡ ᠪᠣᠯᠭᠠᠬᠤ᠂ ᠰᠠᠭᠤᠭᠠᠯᠢ ᠠᠷᠠᠳ᠎ᠤᠨ ᠦᠨᠡᠯᠡᠵᠦ᠍ ᠬᠠᠷᠢᠭᠤ ᠲᠤᠰᠭᠠᠬᠤ ᠲᠠᠪᠴᠠᠩ᠎ᠢ ᠪᠤᠢ ᠪᠤᠯᠭᠠᠵᠦ᠂ 《ᠦᠨᠡᠯᠡᠬᠦ᠌ — ᠰᠠᠢᠵᠢᠷᠠᠭᠤᠯᠬᠤ — ᠳᠡᠭᠡᠭ᠌ᠰᠢᠯᠡᠭᠦᠯᠬᠦ᠌》 ᠣᠷᠴᠢᠯ᠎ᠢ ᠪᠣᠶ ᠪᠣᠯᠭᠠᠨ᠂ ᠥᠮᠴᠢᠲᠡᠨ ᠵᠠᠭᠠᠯᠳᠤᠬᠤ ᠥᠬᠡᠶ ᠪᠤᠯᠵᠦ᠂ ᠬᠠᠨᠤᠮᠵᠢᠲᠠᠶ ᠪᠠᠢᠬᠤ ᠨᠣᠷᠮ᠎ᠠ᠎ᠶ᠋ᠢ 100%᠎ᠳ᠋ᠤ ᠬᠦᠷᠦᠭᠦᠯᠪᠡ᠃
ᠮᠢᠨ ᠳ᠋ᠡ ᠨᠡᠢᠭᠡᠮ ᠲᠣᠭᠣᠷᠢᠭ᠎ᠤᠨ ᠦᠶ᠋ᠯᠡᠳᠦᠯᠭᠡ ᠭᠡᠷᠡᠴᠢᠯᠡᠭ᠌ᠰᠡᠨ᠎ᠨᠢ ᠨᠠᠮ᠎ᠤᠨ ᠪᠠᠢᠭᠤᠯᠤᠯᠲᠠ᠎ᠶ᠋ᠢᠨ ᠬᠦᠳᠦᠯᠦᠨ ᠳᠠᠭᠠᠭᠤᠯᠭ᠎ᠠ ᠳᠤᠤᠷᠠᠬᠢ 《ᠦᠪᠡᠰᠦᠪᠡᠨ ᠡᠵᠡᠮᠳᠡᠬᠦ ᠮᠠᠶᠢᠭ᠎ᠤᠨ ᠠᠳᠠᠯ ᠠᠬᠤᠶ》 ᠶ᠋ᠢᠨ ᠵᠠᠭ᠍ᠪᠤᠷ᠎ᠨᠢ ᠬᠠᠭᠤᠴᠢᠨ ᠰᠠᠭᠤᠭᠠᠯᠢ ᠲᠣᠭᠣᠷᠢᠭ᠎ᠤᠨ ᠵᠠᠰᠠᠯᠲᠠ᠎ᠶ᠋ᠢᠨ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠰᠠᠭᠤᠭᠠᠯᠢ ᠠᠷᠠᠳ 《ᠰᠠᠨᠠᠭᠠᠴᠢᠯᠠᠭ᠎ᠠ ᠥᠬᠡᠶ ᠪᠡᠷ ᠦᠶ᠋ᠯᠡᠴᠢᠯᠡᠭᠡ ᠭᠥᠯᠢᠶᠡᠨ ᠠᠪᠴᠤ᠌》 ᠪᠠᠢᠭ᠍ᠰᠠᠨ᠎ᠠᠴᠠ 《ᠰᠠᠨᠠᠭᠠᠴᠢᠯᠠᠭᠠᠳᠠᠢ ᠪᠡᠷ ᠵᠠᠰᠠᠯᠲᠠ᠎ᠳᠤ ᠣᠷᠣᠯᠴᠠᠬᠤ》 ᠪᠣᠯᠪᠠ᠃ ᠡᠨᠡ ᠬᠦ᠌ ᠵᠠᠭ᠍ᠪᠤᠷ᠎ᠨᠢ ᠪᠥᠬᠥ᠌ ᠤᠯᠤᠰ᠎ᠤᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠎ᠳᠦ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ᠍ ᠪᠣᠯᠬᠤᠢᠴᠠ 《ᠠᠷᠠᠳ᠎ᠤᠨ ᠠᠮᠢᠳᠤᠷᠠᠯ᠎ᠤᠨ ᠥᠯᠢᠭᠡᠷ ᠬᠡᠪ》 ᠢ᠋ ᠬᠠᠩᠭᠠᠪᠠ᠃

(ᠬᠡᠷᠡᠯ ᠵᠢᠷᠤᠭ᠎ᠤᠳ ᠪᠤᠯ ᠦᠢᠯᠡᠴᠢᠯᠡᠭᠡᠨ᠎ᠤ ᠠᠩᠬᠢᠢ᠋ᠢᠨ ᠠᠵᠢᠯᠯᠠᠭ᠎ᠠ ᠦᠷᠨᠢᠭᠦᠯᠵᠦ ᠪᠠᠢᠭ᠎ᠠ ᠬᠡᠰᠡᠭ ᠦᠵᠡᠭᠲᠡᠯ ᠪᠠᠢᠵᠦ᠂ ᠮᠢᠨᠳᠠ ᠨᠡᠢᠭᠡᠮ ᠲᠤᠭᠤᠷᠢᠭ ᠡᠴᠡ ᠬᠠᠩᠭᠠᠪᠠ)