ᠪᠢᠴᠢᠯ ᠰᠢᠬᠦᠮᠵᠢ
2026-03-16 10:26:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2025 ᠣᠨ᠎ᠤ 1 ᠰᠠᠷ᠎ᠠ ᠡᠴᠡ 11 ᠰᠠᠷ᠎ᠠ᠎ᠪᠣᠯᠳᠠᠯ᠎ᠠ ᠂ ᠪᠦᠬᠦ ᠤᠯᠤᠰ᠎ᠤᠨ ᠪᠠᠢᠴᠠᠭᠠᠬᠤ ᠪᠠᠢᠭᠤᠯᠭ᠎ᠠ ᠬᠤᠳᠠᠯᠳᠤᠭᠠᠨ᠎ᠤ ᠨᠢᠭᠤᠴᠠ᠎ᠳᠤ ᠬᠠᠯᠳᠠᠭᠰᠠᠨ 232 ᠶᠠᠯᠠᠲᠤ ᠡᠲᠡᠭᠡᠳ᠎ᠢ  ᠬᠦᠯᠢᠶᠡᠨ ᠠᠪᠴᠤ ᠬᠢᠨᠠᠨ ᠪᠠᠢᠴᠠᠭᠠᠵᠤ ᠵᠠᠭᠠᠯᠳᠤᠪᠠ᠂ ᠡᠨᠡ ᠲᠣᠭ᠎ᠠ ᠬᠡᠮᠵᠢᠶ᠎ᠡ ᠨᠢ ᠲᠦᠷᠦᠭᠦᠦ ᠬᠣᠶᠠᠷ ᠵᠢᠯ᠎ᠦᠨ ᠬᠢ᠎ᠡᠴᠡ ᠨᠡᠮᠡᠭᠳᠡᠬᠦ ᠬᠠᠨᠳᠤᠰᠢ᠎ᠲᠠᠢ ᠪᠣᠯᠪᠠ᠃ ᠪᠠᠢᠴᠠᠭᠠᠬᠤ ᠪᠠᠢᠭᠤᠯᠭ᠎ᠠ ᠣᠢᠷ᠎ᠠ᠎ᠶᠢᠨ ᠵᠢᠯ᠎ᠦᠳ᠎ᠲᠦ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ᠂ ᠳᠡᠭᠡᠳᠦ ᠲᠡᠰ᠎ᠤᠨ ᠲᠣᠨᠣᠭᠯᠠᠯ᠂ ᠠᠮᠢᠳᠤ ᠪᠣᠳᠠᠰ ᠦᠢᠯᠡᠳᠬᠦ᠂ ᠰᠢᠨ᠎ᠡ ᠡᠨᠧᠷᠭᠢ᠎ᠶᠢᠨ ᠰᠤᠷᠪᠤᠯᠵᠢ᠂ ᠰᠢᠨ᠎ᠡ ᠮᠠᠲᠧᠷᠢᠶᠠᠯ ᠵᠡᠷᠭᠡ ᠰᠢᠨ᠎ᠡ᠎ᠪᠡᠷ ᠮᠠᠨᠳᠤᠬᠰᠠᠨ ᠠᠵᠤ ᠦᠢᠯᠡᠰ᠂ ᠢᠷᠡᠭᠡᠳᠦᠢ᠎ᠶᠢᠨ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠤᠤᠭᠠᠯ ᠰᠢᠨ᠎ᠡ ᠡᠭᠦᠳᠦᠯᠲᠡ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠬᠠᠤᠯᠢ ᠬᠡᠷᠡᠭᠵᠢᠬᠦᠯᠬᠦ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠭᠣᠣᠯᠯᠠᠬᠤ ᠮᠡᠷᠭᠡᠵᠢᠯ᠎ᠳᠦ ᠬᠠᠯᠳᠠᠭᠰᠠᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠬᠤᠳᠠᠯᠳᠤᠭᠠᠨ᠎ᠤ ᠲᠠᠩᠨᠠᠭᠤᠯ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃

ᠦᠨᠡᠯᠡᠯᠳᠡ᠄ ᠵᠠᠩᠬᠢᠯᠠᠭ᠎ᠠ ᠵᠢᠨ ᠮᠡᠷᠭᠡᠵᠢᠯ ᠪᠣᠯ ᠬᠦᠮᠦᠨ ᠪᠤᠯᠭᠠᠨ ᠲᠣᠷ᠎ᠠ ᠪᠡᠷ ᠵᠢᠡᠨ ᠠᠪᠴᠢᠬᠠᠳᠠᠭ 《ᠰᠦᠢᠳᠬᠡᠯ ᠬᠤᠷᠢᠶᠠᠳᠠᠭ ᠦᠭᠡᠢ ᠠᠭᠤᠷᠬᠠᠢ᠎ᠶᠢᠨ ᠪᠤᠯᠠᠭᠳᠠᠴᠠ》 ᠪᠢᠰᠢ᠂ ᠡᠨᠡ᠎ᠬᠦ ᠠᠵᠢᠯᠯᠠᠭ᠎ᠠ ᠨᠢ ᠠᠵᠤ ᠠᠬᠤᠢᠯᠠᠯ᠎ᠤᠨ ᠲᠣᠰ ᠪᠡᠶ᠎ᠡ᠎ᠶᠢᠨ ᠠᠰᠢᠭ᠋ ᠲᠤᠰᠠ᠎ᠶᠢ ᠬᠠᠮᠠᠭᠠᠯᠠᠬᠤ ᠵᠢᠨ ᠬᠠᠮᠳᠣ ᠪᠠᠰᠠ ᠣᠯᠣᠰ᠎ᠦᠨ ᠢᠷᠡᠭᠡᠳᠦᠢ ᠵᠢᠨ ᠠᠵᠦ ᠦᠢᠯᠡᠰ᠎ᠦᠨ ᠥᠷᠢᠰᠦᠯᠳᠦᠭᠡᠨ᠎ᠦ ᠰᠠᠭᠤᠷᠢ ᠵᠢ ᠪᠡᠬᠢᠵᠢᠬᠦᠯᠵᠦ ᠪᠠᠢᠭ᠎ᠠ ᠶᠠᠪᠣᠳᠠᠯ ᠪᠣᠯᠣᠨ᠎ᠠ᠃

《ᠠᠷᠠᠳ ᠎ᠤᠨ ᠤᠯᠤᠰ ᠲᠦᠷᠦ ᠵᠢᠨ ᠵᠦᠪᠯᠡᠯᠭᠡᠨ 》 ᠎ᠤ ᠰᠤᠨᠢᠨ ᠡᠴᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号