ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠤ ᠠᠵᠢᠯ᠎ᠤᠨ ᠬᠠᠷᠠᠯᠳᠠ
2026-03-16 11:34:09
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

 2026ᠤᠨ ᠳ᠋ᠦ᠂ ᠥᠪᠥᠷ ᠮᠣᠩᠭᠣᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠦᠷᠭᠦᠯᠵᠢᠯᠡᠨ ᠰᠠᠢᠲᠤᠷ ᠬᠢᠵᠦ᠍᠂ 1500 ᠲᠦᠮᠡᠨ ᠮᠤ᠌ ᠡᠴᠡ ᠳᠡᠭᠡᠭ᠌ᠰᠢᠬᠢ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠠᠵᠢᠯ ᠢ᠋ ᠪᠡᠶᠡᠯᠡᠭᠦᠯᠬᠦ᠌᠎ᠪᠡᠷ ᠪᠣᠶ᠃

ᠡᠨᠡ ᠵᠢᠯ᠂ ᠥᠪᠥᠷ ᠮᠣᠩᠭᠣᠯ ᠡᠬᠢ ᠪᠠᠶᠠᠯᠢᠭ ᠤ᠋ᠨ ᠬᠦᠴᠦᠨ ᠵᠢᠡᠨ ᠲᠥᠪᠯᠡᠷᠡᠭᠦᠯᠦᠨ ᠨᠢᠭᠡ ᠪᠦᠯᠦᠭ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠭᠤᠤᠯᠳᠠᠯᠭ᠎ᠠ ᠲᠠᠶ ᠢᠨᠵᠧᠨᠧᠷᠢᠩ ᠢ᠋ ᠬᠡᠷᠡᠭ᠌ᠵᠢᠭᠦᠯᠦᠨ᠎ᠡ᠃ ᠡᠭᠦᠨ ᠳ᠋ᠦ᠂ ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨ ᠪᠦᠰᠡ ᠳ᠋ᠦ ᠠᠯᠠᠱᠠ ᠠᠭᠤᠯᠠ ᠡᠴᠡ ᠮᠤᠨᠢ ᠠᠭᠤᠯᠠ ᠬᠦᠷᠬᠦ ᠬᠡᠰᠡᠭ ᠤ᠋ᠨ ᠬᠠᠲᠤᠨ ᠭᠤᠤᠯ ᠤ᠋ᠨ ᠡᠷᠭᠢ ᠳᠠᠭᠠᠤ 180 ᠺᠢᠯᠣᠮᠧᠲ᠋ᠷ ᠤ᠋ᠨ ᠨᠡᠭᠦᠳᠡᠯ ᠡᠯᠡᠰᠦ ᠶ᠋ᠢ ᠱᠢᠰᠲ᠋ᠧᠮ ᠲᠡᠶ ᠵᠠᠰᠠᠬᠤ ᠵᠡᠷᠭᠡ ᠢᠨᠵᠧᠨᠧᠷᠢᠩ ᠢ᠋ ᠭᠤᠤᠯᠳᠠᠯᠭ᠎ᠠ ᠲᠠᠶ ᠠᠬᠢᠭᠤᠯᠤᠨ᠎ᠠ; ᠬᠣᠷᠴᠢᠨ ᠤ᠋ ᠪᠠ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ ᠰᠥᠨᠥᠭᠡᠬᠦ᠌ ᠳᠠᠢᠯᠠᠯᠳᠤᠭᠠᠨ ᠤ᠋ ᠣᠷᠣᠨ ᠪᠦᠰᠡ ᠳ᠋ᠦ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠶ᠋ᠢᠨ ᠵᠠᠰᠠᠯᠲᠠ ᠵᠡᠷᠭᠡ ᠢᠨᠵᠧᠨᠧᠷᠢᠩ ᠢ᠋ ᠭᠤᠤᠯᠳᠠᠯᠭ᠎ᠠ ᠲᠠᠶ ᠬᠡᠷᠡᠭ᠌ᠵᠢᠭᠦᠯᠤᠨ᠎ᠠ ; ᠾᠸᠰᠢ ᠵᠢᠨ ᠬᠤᠩᠬᠢᠯ — ᠲᠠᠺᠯᠢᠮᠠᠺᠠᠨ ᠡᠯᠡᠰᠦᠨ ᠴᠦᠯ ᠤ᠋ᠨ ᠬᠥᠪᠡᠭᠡ ᠵᠠᠬ᠎ᠠ ᠵᠢᠨ ᠬᠣᠷᠢᠭ᠍ᠯᠠᠯᠲᠠ ᠵᠢᠨ ᠳᠠᠢᠯᠠᠯᠳᠤᠭᠠᠨ ᠤ᠋ ᠣᠷᠣᠨ ᠪᠦᠰᠡ ᠳ᠋ᠦ ᠪᠠᠳᠠᠶ ᠶ᠋ᠢᠨ ᠵᠢᠷᠠᠨ᠂ ᠲᠩᠷᠢ ᠡᠯᠡᠰᠦ ᠶ᠋ᠢᠨ ᠬᠥᠪᠡᠭᠡ ᠵᠠᠬ᠎ᠠ ᠶ᠋ᠢ ᠨᠤᠭᠳᠤᠯᠠᠬᠤ ᠵᠡᠷᠭᠡ ᠢᠨᠵᠧᠨᠧᠷᠢᠩ ᠢ᠋ ᠭᠤᠤᠯᠳᠠᠯᠭ᠎ᠠ ᠲᠠᠶ ᠬᠡᠷᠡᠭ᠌ᠵᠢᠭᠦᠯᠦᠨ᠎ᠡ᠃ ᠬᠠᠮᠳᠤ ᠳ᠋ᠤᠨᠢ᠂ ᠥᠪᠥᠷ ᠮᠣᠩᠭᠣᠯ ᠬᠡᠷᠡᠯᠴᠢ ᠴᠡᠨᠡᠭ ᠵᠢᠡᠷ ᠡᠯᠡᠰᠦ ᠶ᠋ᠢ ᠵᠠᠰᠠᠬᠤ᠂ ᠵᠠᠮ ᠵᠢᠡᠷ ᠡᠯᠡᠰᠦ ᠶ᠋ᠢ ᠵᠠᠰᠠᠬᠤ ᠵᠡᠷᠭᠡ ᠵᠠᠭ᠍ᠪᠤᠷ ᠢ᠋ ᠦᠷᠭᠦᠯᠵᠢᠯᠡᠨ ᠳᠡᠯᠭᠡᠷᠡᠭᠦᠯᠵᠦ᠍᠂ ᠡᠯᠡᠰᠦ ᠶ᠋ᠢ ᠵᠠᠰᠠᠬᠤ ᠦᠷ᠎ᠡ ᠪᠦᠲᠦᠮᠵᠢ ᠶ᠋ᠢ ᠬᠦᠴᠦᠯᠡᠨ ᠳᠡᠭᠡᠭ᠌ᠰᠢᠯᠡᠭᠦᠯᠦᠨ᠎ᠡ᠃ ᠮᠣᠳᠣ ᠲᠠᠷᠢᠬᠤ ᠣᠶᠤᠨᠴᠢ ᠮᠠᠱᠢᠨ ᠬᠥᠮᠦᠨ᠂ ᠡᠯᠡᠰᠦᠨ᠎ᠬᠠᠯᠬᠠᠪᠴᠢ ᠳᠡᠪᠢᠰᠭᠦ ᠮᠠᠱᠢᠨ ᠵᠡᠷᠭᠡ ᠡᠯᠡᠰᠦ ᠶ᠋ᠢ ᠵᠠᠰᠠᠬᠤ ᠲᠡᠷᠢᠭᠦᠨ ᠤ᠋ ᠮᠠᠱᠢᠨ ᠲᠦᠬᠦᠭᠡᠷᠦᠮᠵᠢ ᠶ᠋ᠢ ᠳᠡᠯᠭᠡᠷᠡᠭᠦᠯᠦᠨ ᠬᠡᠷᠡᠭ᠌ᠯᠡᠬᠦ᠌ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠬᠤ ᠪᠡᠷ ᠪᠤᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号