ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠲᠦᠩᠯᠢᠶᠣᠤ ᠬᠣᠲᠠ ᠢ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠥᠯᠵᠡᠢᠮᠥ᠋ᠷᠡᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠤ᠋ ᠱᠢᠰᠲ᠋ᠧᠮ ᠢ᠋ ᠶᠡᠷᠦᠩᠬᠡᠢᠯᠡᠨ ᠴᠡᠭ᠌ᠴᠡᠯᠡᠨ ᠵᠠᠰᠠᠬᠤ ᠲᠥᠷᠥᠯ ᠵᠦᠶ᠋ᠯ ᠲᠦᠷᠦᠭᠦᠬᠡᠨ ᠪᠠᠷᠢᠯᠭ᠎ᠠ ᠳᠠᠭᠤᠰᠪᠠ᠃ ᠡᠨᠡᠨᠢ ᠥᠯᠵᠡᠢᠮᠥ᠋ᠷᠡᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠢ᠋ᠢ ᠰᠡᠷᠭᠦᠭᠡᠨ ᠵᠠᠰᠠᠬᠤ ᠠᠵᠢᠯ ᠱᠠᠲᠤᠴᠢ ᠴᠢᠨᠠᠷᠲᠠᠶ ᠴᠢᠬᠤᠯᠠ ᠦᠷ᠎ᠡ ᠪᠦᠲᠦᠭᠡᠯ ᠣᠯᠤᠭ᠍ᠰᠠᠨ ᠢ᠋ ᠬᠠᠷᠠᠭᠤᠯᠵᠤ ᠪᠠᠢᠨ᠎ᠠ᠃
ᠥᠯᠵᠡᠢᠮᠥ᠋ᠷᠡᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠤ᠋ ᠱᠢᠰᠲ᠋ᠧᠮ ᠢ᠋ ᠶᠡᠷᠦᠩᠬᠡᠢᠯᠡᠨ ᠴᠡᠭ᠌ᠴᠡᠯᠡᠨ ᠵᠠᠰᠠᠬᠤ ᠲᠥᠷᠥᠯ ᠵᠦᠶ᠋ᠯ ᠳ᠋ᠤ ᠣᠲᠣ ᠦᠶ᠎ᠡ ᠢ᠋ᠢᠨ ᠤᠰᠤᠨ ᠠᠱᠢᠭ᠍ᠯᠠᠯᠲᠠ ᠢ᠋ᠢᠨ ᠢᠨᠵᠧᠨᠧᠷᠢᠩ ᠤ᠋ᠨ ᠮᠡᠷᠭᠡᠵᠢᠯ ᠬᠢᠭᠡᠳ ᠪᠠᠢᠭᠠᠯᠢ ᠢ᠋ᠢᠨ ᠠᠮᠢ ᠠᠬᠤᠶ ᠢ᠋ᠢ ᠵᠠᠰᠠᠨ ᠰᠡᠷᠭᠦᠭᠡᠬᠦ᠌ ᠣᠭ ᠶᠣᠰᠣ ᠢ᠋ᠢ ᠭᠦᠨᠵᠡᠭᠡᠶ ᠠᠭᠤᠰᠤᠯᠴᠠᠭᠤᠯᠤᠨ᠂ ᠨᠤᠭᠤ ᠭᠠᠵᠠᠷ ᠤ᠋ᠨ ᠱᠢᠰᠲ᠋ᠧᠮ ᠤ᠋ᠨ ᠤᠰᠤᠨ ᠤ᠋ ᠴᠢᠨᠠᠷ ᠢ᠋ ᠦᠷᠭᠦᠯᠵᠢᠯᠡᠨ ᠴᠡᠪᠡᠷᠱᠢᠭᠦᠯᠬᠦ᠌ ᠪᠠ ᠲᠣᠭ᠍ᠲᠠᠭᠤᠨ ᠢ᠋ᠢᠡᠷ ᠬᠠᠮᠠᠭᠠᠯᠠᠬᠤ ᠴᠢᠳᠠᠪᠤᠷᠢ ᠢ᠋ᠢ ᠶᠡᠬᠡ ᠪᠡᠷ ᠳᠡᠭᠡᠭ᠌ᠰᠢᠯᠡᠭᠦᠯᠵᠦ᠍᠂ ᠪᠦᠷᠢᠨ ᠪᠦᠲᠦᠨ ᠪᠦᠲᠦᠴᠡ ᠪᠠ ᠣᠷᠳᠣ ᠬᠤᠭᠤᠴᠠᠭᠠᠨ ᠤ᠋ ᠴᠢᠳᠠᠮᠵᠢ ᠪᠦᠬᠦᠢ ᠵᠣᠬᠢᠶᠠᠮᠠᠯ ᠨᠤᠭᠤ ᠭᠠᠵᠠᠷ ᠤ᠋ᠨ ᠱᠢᠰᠲ᠋ᠧᠮ ᠢ᠋ ᠪᠠᠢᠭᠤᠯᠪᠠ᠃ ᠣᠳᠣᠬᠠᠨ ᠳ᠋ᠤ ᠲᠣᠰ ᠱᠢᠰᠲ᠋ᠧᠮ ᠤ᠋ᠨ ᠠᠵᠢᠯᠯᠠᠭᠠᠨ ᠲᠣᠭ᠍ᠲᠠᠭᠤᠨ ᠪᠠᠢᠵᠤ᠂ ᠥᠯᠵᠡᠢᠮᠥ᠋ᠷᠡᠨ ᠭᠤᠤᠯ ᠤ᠋ᠨ ᠤᠰᠤᠨ ᠤ᠋ ᠴᠢᠨᠠᠷ ᠮᠠᠭᠤ V ᠲᠥᠷᠥᠯ ᠤ᠋ᠨ ᠪᠠᠢᠭᠰᠠᠨ ᠡᠴᠡ ᠰᠡᠷᠭᠦᠨ ᠰᠠᠢᠵᠢᠷᠠᠭᠠᠳ I ᠲᠥᠷᠥᠯ ᠤ᠋ᠨ ᠪᠠᠷᠢᠮᠵᠢᠶ᠎ᠠ ᠳ᠋ᠤ ᠲᠣᠭ᠍ᠲᠠᠪᠤᠷᠢᠵᠢᠵᠤ᠂ ᠥᠯᠵᠡᠢᠮᠥ᠋ᠷᠡᠨ ᠭᠤᠤᠯ ᠤ᠋ᠨ ᠰᠠᠪᠠ ᠭᠠᠵᠠᠷ ᠤ᠋ᠨ ᠪᠣᠬᠢᠷ ᠤᠰᠤ ᠢ᠋ᠢ ᠴᠡᠪᠡᠷᠱᠢᠭᠦᠯᠬᠦ᠌ ᠴᠢᠳᠠᠪᠤᠷᠢ ᠪᠠ ᠠᠮᠢ ᠠᠬᠤᠶ ᠢ᠋ᠢᠨ ᠱᠢᠰᠲ᠋ᠧᠮ ᠤ᠋ᠨ ᠡᠷᠡᠭᠦᠯ ᠮᠡᠨᠳᠦ᠍ ᠢ᠋ᠢᠨ ᠪᠠᠢᠳᠠᠯ ᠢᠯᠡᠳᠲᠡ ᠰᠠᠢᠵᠢᠷᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号