ᠦᠪᠦᠷ ᠮᠣᠩᠭᠣᠯ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ 2025 ᠣᠨ ᠳ᠋ᠤ ᠥᠪᠥᠷ ᠮᠣᠩᠭᠣᠯ ᠨᠡᠢᠲᠡ 3767.57 ᠲᠦᠮᠡᠨ ᠰᠠᠭᠤᠷᠢ ᠠᠯᠪᠠᠨ ᠵᠢᠷᠤᠮ ᠤ᠋ᠨ ᠮᠣᠳᠣ ᠳᠠᠷᠢᠵᠦ᠍᠂ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠳ᠋ᠤ ᠣᠷᠣᠯᠴᠠᠭ᠍ᠰᠠᠨ ᠬᠥᠮᠦᠨ ᠤ᠋ ᠲᠣᠭ᠎ᠠ 851.73 ᠲᠦᠮᠡᠨ ᠬᠥᠮᠦᠨ ᠤᠳᠠᠭ᠎ᠠ ᠳ᠋ᠤ ᠬᠦᠷᠴᠡᠶ᠃
ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠳᠤᠮᠳᠠ᠂ ᠡᠯ᠎ᠡ ᠭᠠᠵᠠᠷ ᠤ᠋ᠨ ᠬᠢᠨ ᠲᠡᠷᠢᠭᠦᠨ ᠤ᠋ ᠮᠡᠷᠭᠡᠵᠢᠯ ᠪᠠ ᠲᠥᠬᠥᠭᠡᠷᠦᠮᠵᠢ ᠶ᠋ᠢ ᠢᠳᠡᠪᠬᠢᠲᠡᠢ ᠠᠰᠢᠭᠯᠠᠵᠤ᠂ ᠮᠣᠳᠣ ᠲᠠᠷᠢᠬᠤ ᠦᠷ᠎ᠡ ᠪᠦᠲᠦᠮᠵᠢ ᠪᠠ ᠶᠠᠰᠤ ᠴᠢᠨᠠᠷ ᠢ᠋ ᠳᠡᠭᠡᠭ᠌ᠰᠢᠯᠡᠭᠦᠯᠪᠡ᠃ ᠪᠠᠶᠠᠨᠨᠠᠭᠤᠷ ᠬᠣᠲᠠ ᠮᠣᠳᠣ ᠳᠠᠷᠢᠬᠤ ᠲᠤᠬᠠᠶ ᠶ᠋ᠢᠨ ᠲᠠᠯᠠᠪᠠᠶ ᠳ᠋ᠤ ᠮᠠᠱᠢᠨ ᠬᠥᠮᠦᠨ ᠨᠦᠬᠡ ᠮᠠᠯᠲᠠᠬᠤ᠂ ᠬᠥᠮᠦᠨ ᠤ᠋ ᠬᠦᠴᠦ᠍ᠪᠡᠷ ᠵᠠᠢᠯᠠᠬᠤ᠂ ᠳᠤᠰᠤᠯᠭᠠᠨ ᠤᠰᠤᠯᠠᠬᠤ ᠶ᠋ᠢᠨ ᠬᠠᠮᠲᠤ ᠤᠰᠤ ᠠᠷᠪᠢᠯᠠᠬᠤ ᠤᠰᠤᠯᠠᠯᠲᠠ ᠪᠠ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠤᠭ᠍ᠰᠠᠨ ᠲᠥᠬᠥᠭᠡᠷᠦᠮᠵᠢ ᠶ᠋ᠢ ᠲᠥᠬᠥᠷᠵᠢᠭᠦᠯᠵᠦ᠍᠂ ᠠᠯᠪᠠᠨ ᠵᠢᠷᠤᠮ ᠤ᠋ᠨ ᠮᠣᠳᠣ ᠳᠠᠷᠢᠬᠤ ᠦᠷ᠎ᠡ ᠪᠦᠲᠦᠮᠵᠢ ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃ ᠤᠷᠳᠤᠰ ᠬᠤᠳᠠ ᠶ᠋ᠢᠨ ᠤᠳᠤᠭ ᠤ᠋ᠨ ᠡᠮᠦᠨᠡᠲᠦ ᠬᠣᠱᠢᠭᠤ ᠬᠥᠪᠴᠢ ᠶ᠋ᠢᠨ ᠬᠣᠢᠲᠤ ᠵᠠᠬ᠎ᠠ ᠶ᠋ᠢᠨ ᠤᠢ ᠱᠢᠭᠤᠢ ᠶ᠋ᠢᠨ ᠪᠦᠰᠡ ᠶ᠋ᠢᠨ ᠲᠦᠷᠦᠯ ᠵᠦᠢᠯ ᠢ᠋ ᠢᠳᠡᠪᠬᠢᠲᠡᠢ ᠠᠬᠢᠭᠤᠯᠵᠤ᠂ ᠲᠤᠷᠤᠭ ᠪᠤᠳᠠ ᠮᠣᠳᠣ ᠶ᠋ᠢᠨ ᠣᠢᠵᠢᠭᠤᠯᠤᠯᠲᠠ ᠳ᠋ᠤ ᠡᠯᠡᠰᠦᠨ ᠪᠤᠷᠭᠠᠰᠤ᠂ ᠨᠠᠢᠯᠵᠠᠭᠤᠷ ᠬᠠᠷᠭᠠᠨ᠎ᠠ ᠵᠡᠷᠭᠡ ᠭᠠᠩ ᠳ᠋ᠤ ᠲᠡᠰᠪᠦᠷᠢᠲᠠᠢ ᠡᠯᠡᠰᠦᠨ ᠱᠢᠭᠤᠷᠭᠠ ᠳ᠋ᠤ ᠳᠠᠭᠠᠭᠠᠴᠠᠲᠠᠢ ᠮᠣᠳᠣᠨᠤ ᠲᠦᠷᠦᠯ ᠢ᠋ ᠰᠣᠩᠭᠣᠵᠤ᠂ ᠢᠨᠵᠸᠨ᠋ᠸᠷᠢᠩ ᠵᠢᠡᠷ ᠡᠯᠡᠰᠦ ᠶ᠋ᠢ ᠲᠣᠭ᠍ᠲᠠᠪᠤᠷᠢᠵᠢᠭᠤᠯᠬᠤ ᠳ᠋ᠤ ᠡᠯᠡᠰᠦᠨ ᠪᠤᠷᠭᠠᠰᠤ ᠶ᠋ᠢᠨ ᠬᠠᠯᠬᠠᠪᠴᠢ᠂ ᠡᠪᠡᠰᠦᠨ ᠳᠥᠷᠪᠡᠯᠵᠢ ᠵᠡᠷᠭᠡ ᠠᠷᠭ᠎ᠠ ᠬᠡᠮᠵᠢᠶ᠎ᠡ ᠶ᠋ᠢ ᠠᠪᠴᠤ᠌᠂ ᠨᠡᠭᠦᠳᠡᠯ ᠡᠯᠡᠰᠦᠨ ᠤ᠋ ᠢᠳᠡᠭ᠌ᠳᠡᠯ ᠢ᠋ ᠪᠦᠲᠦᠮᠵᠢᠲᠡᠢ ᠬᠣᠷᠢᠭ᠍ᠯᠠᠨ᠂ ᠲᠠᠷᠢᠮᠠᠯ ᠡᠪᠡᠰᠦ ᠶ᠋ᠢ ᠱᠢᠭ᠌ᠰᠢᠨ ᠰᠣᠩᠭᠣᠵᠤ ᠡᠪᠡᠰᠦᠨ ᠤ᠋ ᠦᠷ᠎ᠡ ᠶ᠋ᠢ ᠲᠤᠬᠢᠷᠠᠭᠤᠯᠬᠤ ᠶ᠋ᠢᠨ ᠬᠠᠮᠲᠤ ᠱᠢᠯᠢᠳᠡᠭ᠌ᠵᠢᠭᠦᠯᠦᠨ ᠲᠠᠷᠢᠬᠤ ᠲᠥᠰᠦᠯ ᠢ᠋ ᠬᠡᠷᠡᠭ᠌ᠵᠢᠭᠦᠯᠵᠦ᠍᠂ ᠤᠷᠭᠤᠮᠠᠯ ᠤ᠋ᠨ ᠬᠤᠴᠢᠯᠭ᠎ᠠ ᠶ᠋ᠢᠨ ᠦᠷᠭᠦᠯᠵᠢᠯᠡᠨ ᠤᠷᠭᠤᠬᠤ ᠶ᠋ᠢ ᠪᠠᠲᠤᠯᠠᠨ《ᠨᠡᠭᠦᠳᠡᠯ ᠡᠯᠡᠰᠦ ᠬᠠᠲᠤᠨ ᠭᠣᠣᠯ ᠳ᠋ᠤ ᠤᠷᠤᠬᠤ ᠶ᠋ᠢ ᠬᠤᠷᠢᠭᠯᠠᠬᠤ》 ᠠᠮᠢ ᠠᠬᠤᠢ ᠶ᠋ᠢᠨ ᠬᠠᠯᠬᠠᠪᠴᠢ ᠶ᠋ᠢ ᠪᠦᠬᠦ ᠬᠦᠴᠦᠨ ᠵᠢᠡᠷ ᠪᠠᠢᠭᠤᠯᠤᠭᠰᠠᠨ ᠪᠠᠢᠨ᠎ᠠ᠃
2025 ᠣᠨ ᠳ᠋ᠤ ᠥᠪᠥᠷ ᠮᠣᠩᠭᠣᠯ ᠪᠥᠬᠥ᠌ ᠵᠢᠯᠳᠦ 《ᠪᠢ〈ᠤᠮᠠᠷᠠᠲᠤ ᠶ᠋ᠢᠨ ᠭᠤᠷᠪᠠᠨ ᠣᠷᠣᠨ〉 ᠳ᠋ᠤ ᠮᠣᠳᠣ ᠲᠠᠷᠢᠨ᠎ᠠ》 ᠭᠡᠬᠦ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠶ᠋ᠢ ᠦᠷᠭᠦᠯᠵᠢᠯᠡᠨ ᠥᠷᠨᠢᠭᠦᠯᠪᠡ᠃ ᠪᠦᠬᠦ᠌ ᠣᠷᠣᠨᠤ ᠡᠯ᠎ᠡ ᠭᠠᠵᠠᠷ ᠤ᠋ᠨ ᠬᠢᠨ ᠠᠯᠪᠠᠨ ᠵᠢᠷᠤᠮ ᠤ᠋ᠨ ᠮᠣᠳᠣ ᠲᠠᠷᠢᠵᠤ ᠬᠠᠷᠢᠭᠤᠴᠠᠯᠭ᠎ᠠᠪᠠᠨ ᠭᠦᠢᠴᠡᠳᠭᠡᠬᠦ᠌ ᠬᠡᠯᠪᠡᠷᠢ ᠶ᠋ᠢ ᠢᠳᠡᠪᠬᠢᠲᠡᠢ ᠪᠠᠶᠠᠯᠢᠭ᠍ᠵᠢᠭᠤᠯᠤᠨ᠂ 《ᠠᠯᠪᠠᠨ ᠵᠢᠷᠤᠮ ᠤ᠋ᠨ ᠮᠣᠳᠣ ᠲᠠᠷᠢᠬᠤ +》 ᠱᠢᠨ᠎ᠡ ᠠᠷᠭ᠎ᠠ ᠵᠠᠮ ᠢ᠋ ᠢᠳᠡᠪᠬᠢᠲᠡᠢ ᠰᠦᠪᠡᠭ᠌ᠴᠢᠯᠡᠵᠦ᠍᠂ ᠤᠯᠠᠮᠵᠢᠯᠠᠯᠲᠤ ᠠᠷᠭ᠎ᠠ ᠪᠡᠷ ᠣᠢᠵᠢᠭᠤᠯᠵᠤ ᠨᠣᠭᠣᠭᠠᠷᠠᠭᠤᠯᠬᠤ᠂ ᠰᠠᠢ᠌ᠨ ᠳᠤᠷ᠎ᠠ ᠶ᠋ᠢᠨ ᠦᠢᠯᠡᠴᠢᠯᠡᠭᠡ ᠡᠴᠡ ᠭᠠᠳᠠᠨ᠎ᠠ ᠪᠠᠰᠠ ᠪᠠᠢᠭᠠᠯᠢ ᠶ᠋ᠢᠨ ᠬᠠᠮᠠᠭᠠᠯᠠᠯᠲᠠ᠂ ᠡᠳ᠋ ᠪᠣᠳᠠᠰ ᠬᠠᠨᠳᠢᠪᠯᠠᠬᠤ᠂ ᠪᠣᠢᠵᠢᠭᠤᠯᠤᠨ ᠬᠠᠮᠢᠶᠠᠷᠴᠤ᠌ ᠬᠠᠮᠠᠭᠠᠯᠠᠬᠤ ᠵᠡᠷᠭᠡ ᠤᠯᠠᠨ ᠵᠦᠢᠯ ᠤ᠋ᠨ ᠬᠡᠯᠪᠡᠷᠢ ᠶ᠋ᠢᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠶ᠋ᠢ ᠥᠷᠨᠢᠭᠦᠯᠪᠡ᠃