ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠬᠣᠯᠪᠣᠭ᠎ᠠ 《ᠵᠢᠷᠭᠤᠭᠠᠨ ᠶᠡᠬᠡ ᠠᠵᠢᠯᠯᠠᠭ᠎ᠠ》 ᠪᠡᠷ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ ᠪᠤᠢ
2026-03-16 09:53:22
ᠵᠣᠬᠢᠶᠠᠭ᠍ᠴᠢ᠄
​ ᠬᠤᠩ ᠰᠢᠶᠠ
ᠣᠩᠱᠢᠭ᠍ᠰᠠᠨ ᠣᠳᠠᠭ᠎ᠠ᠄
★★★☆☆

2026 ᠣᠨ᠎ᠳᠤ᠂ ᠪᠥᠬᠥ᠌ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ 《ᠵᠢᠷᠭᠤᠭᠠᠨ ᠶᠡᠬᠡ ᠠᠵᠢᠯᠯᠠᠭ᠎ᠠ》 ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ ᠂ ᠪᠥᠬᠥ᠌ ᠣᠷᠣᠨ᠎ᠤ ᠥᠷᠭᠡᠨ ᠣᠯᠠᠨ ᠡᠮᠡᠭ᠌ᠲᠡᠢᠴᠦᠳ᠎ᠦᠨ ᠠᠵᠢᠯ ᠬᠢᠵᠦ᠍ ᠦᠶ᠋ᠯᠡᠰ ᠪᠤᠰᠭᠠᠨ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠵᠢ ᠲᠠᠢᠴᠢᠯᠠᠨ᠂  ᠥᠪᠥᠷ ᠮᠣᠩᠭᠣᠯ᠎ᠤᠨ ᠴᠢᠨᠠᠷ  ᠰᠠᠢᠲᠠᠶ  ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ 《ᠡᠮᠡᠭ᠌ᠲᠡᠶ ᠱᠢᠨᠵᠢᠯᠡᠬᠦ᠌ ᠤᠬᠠᠭᠠᠨᠲᠠᠳ᠎ᠤᠨ ᠤᠮᠠᠷᠠᠲᠤ ᠬᠢᠯᠢ᠎ᠵᠢᠨ ᠠᠶᠠᠯᠠᠯ》 ᠎ᠢ᠋ ᠦᠷᠭᠦᠯᠵᠢᠯᠡᠨ ᠥᠷᠨᠢᠭᠦᠯᠵᠦ᠍  ᠦᠶ᠋ᠯᠡᠳᠪᠦᠷᠢᠯᠡᠯ ᠵᠢᠭᠠᠨ ᠰᠤᠷᠭᠠᠯᠳᠠ ᠎ᠶ᠋ᠢ ᠭᠦᠨᠵᠡᠭᠡᠶ ᠵᠣᠯᠭᠠᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭ᠌ᠯᠡᠬᠦ᠌᠎ᠶ᠋ᠢ ᠠᠬᠢᠭᠤᠯᠤᠨ᠎ᠠ᠃ ᠡᠮᠡᠭ᠌ᠲᠡᠢ ᠳᠡᠭᠡᠳᠦ ᠳᠡᠰ᠎ᠤᠨ ᠴᠢᠳᠠᠪᠤᠷᠢᠲᠠᠨ᠎ᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶ᠋ᠢ ᠡᠷᠬᠢᠯᠡᠵᠦ᠍᠂ ᠡᠮᠡᠭ᠌ᠲᠡᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠳᠤ ᠴᠢᠳᠠᠪᠤᠷᠢ ᠣᠯᠭᠣᠵᠤ᠂ ᠲᠡᠳᠡᠨ ᠳ᠋ᠦ ᠱᠢᠯᠢᠳᠡᠭ ᠭᠡᠷ᠎ᠦᠨ ᠶᠠᠪᠤᠳᠠᠯ᠎ᠤᠨ ᠦᠢᠯᠡᠴᠢᠯᠡᠭᠡ ᠬᠠᠩᠭᠠᠨ᠎ᠠ᠃ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠶ᠋ᠯᠡᠴᠢᠯᠡᠭᠡ᠎ᠶ᠋ᠢ ᠦᠨᠳᠦᠰᠦᠨ ᠱᠠᠲᠤᠨ᠎ᠳᠤ ᠬᠦᠷᠭᠡᠬᠦ᠌》 ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠦᠨᠳᠦᠰᠦᠨ ᠱᠠᠲᠤᠨ᠎ᠤ ᠡᠮᠡᠭ᠌ᠲᠡᠢᠴᠦᠳ᠎ᠲᠦ 《ᠮᠡᠷᠭᠡᠵᠢᠯ ᠬᠦᠷᠭᠡᠵᠦ᠍᠂ ᠡᠷᠡᠭᠦᠯ ᠮᠡᠨᠳᠦ ᠬᠦᠷᠭᠡᠵᠦ᠍᠂ ᠦᠶ᠋ᠯᠡᠴᠢᠯᠡᠭᠡ ᠬᠦᠷᠭᠡᠨ᠎ᠡ》᠃ ᠡᠮᠡᠭ᠌ᠲᠡᠢᠴᠦᠳ᠎ᠦᠨ ᠪᠣᠯᠪᠠᠰᠤᠨ ᠠᠵᠢᠯ᠎ᠤᠨ ᠪᠠᠢᠷᠢ᠎ᠶ᠋ᠢ  ᠬᠥᠮᠦᠵᠢᠭᠦᠯᠦᠨ  ᠪᠣᠢᠵᠢᠭᠤᠯᠬᠤ᠂ ᠤᠬᠠᠭᠤᠯᠬᠤ  ᠠᠵᠢᠯ᠎ᠢ ᠰᠠᠢᠲᠤᠷ ᠬᠢᠵᠦ᠍᠂ ᠦᠯᠢᠭᠡᠷ ᠳᠠᠭᠤᠷᠢᠶᠠᠯ᠎ᠢᠶᠠᠷ ᠡᠮᠡᠭ᠌ᠲᠡᠢᠴᠦᠳ᠎ᠦᠨ ᠠᠵᠢᠯ᠎ᠤᠨ ᠪᠠᠢᠷᠢ᠎ᠲᠡᠭᠡᠷ᠎ᠡ ᠪᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠥᠲᠥᠯᠥᠨ ᠳᠠᠭᠠᠭᠤᠯᠤᠨ᠎ᠠ᠃

ᠠᠵᠢᠯ ᠣᠯᠭᠤᠵᠤ ᠦᠶ᠋ᠯᠡᠰ ᠪᠤᠰᠬᠠᠬᠤ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ ᠪᠥᠬᠥ᠌ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ 《ᠠᠶᠠᠯᠠᠯ ᠵᠠᠯᠠᠬᠤ᠂ ᠠᠶᠠᠯᠠᠯ  ᠬᠠᠮᠠᠭᠠᠯᠠᠬᠤ᠂ ᠠᠶᠠᠯᠠᠯ ᠳ᠋ᠤ ᠲᠤᠰᠠᠯᠠᠬᠤ》 ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠥᠬᠥ᠌ ᠣᠷᠣᠨ᠎ᠤ ᠡᠮᠡᠭ᠌ᠲᠡᠶ ᠠᠵᠤ ᠠᠬᠤᠢᠯᠠᠯᠲᠠᠨ᠎ᠤ ᠴᠢᠳᠠᠪᠤᠷᠢ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠩᠭᠢ ᠡᠷᠭᠢᠯᠡᠵᠦ᠍᠂ ᠡᠮᠡᠭ᠌ᠲᠡᠶ ᠠᠵᠤ ᠠᠬᠤᠢᠯᠠᠯᠲᠠᠨ᠎ᠤ ᠠᠵᠤ ᠦᠶ᠋ᠯᠡᠰ᠎ᠢᠶᠡᠨ ᠬᠦᠴᠦᠷᠬᠡᠭ᠌ᠵᠢᠭᠦᠯᠵᠦ᠍᠂ ᠨᠠᠩ ᠣᠯᠠᠨ ᠡᠮᠡᠭ᠌ᠲᠡᠢᠴᠦᠳ ᠲᠸ᠋ ᠠᠵᠢᠯ ᠣᠯᠭᠤᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠨᠥᠯᠥᠭᠡᠯᠡᠨ ᠳᠠᠢᠴᠢᠯᠠᠨ᠎ᠠ᠃ 12 ᠠᠢᠮᠠᠭ ᠬᠣᠲᠠ᠎ᠶ᠋ᠢᠨ ᠦᠶ᠋ᠯᠡᠰ ᠪᠤᠰᠬᠠᠵᠤ ᠠᠵᠢᠯ ᠣᠯᠭᠣᠬᠤ ᠦᠶ᠋ᠯᠡᠳᠭᠡᠯ᠎ᠦᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ 《ᠪᠦᠰᠡᠬᠦᠢ》 ᠨᠡᠷᠡᠮᠵᠢᠲᠦ ᠦᠶ᠋ᠯᠡᠳᠬᠦᠨ᠎ᠦ ᠵᠠᠬ᠎ᠠ ᠳᠡᠯᠭᠡᠭᠦᠷ᠎ᠢ ᠵᠣᠯᠭᠠᠭᠤᠯᠬᠤ ᠲᠠᠪᠴᠠᠩ᠎ᠢ ᠪᠠᠢᠭᠤᠯᠵᠤ᠂ ᠡᠯ᠎ᠡ ᠲᠥᠷᠥᠯ᠎ᠦᠨ ᠳᠡᠯᠭᠡᠨ ᠪᠣᠷᠣᠯᠠᠭᠤᠯᠬᠤ ᠴᠤᠭ᠍ᠯᠠᠭᠠᠨ ᠬᠢᠭᠡᠳ ᠬᠢᠯᠢ ᠠᠯᠤᠰᠯᠠᠭ᠍ᠰᠠᠨ ᠬᠠᠮᠲᠤᠷᠠᠯᠴᠠᠭ᠎ᠠ᠎ᠶ᠋ᠢ ᠵᠣᠬᠢᠶᠠᠨ ᠪᠠᠢᠭᠤᠯᠤᠨ᠂ 《ᠤᠮᠠᠷᠠᠲᠤ ᠬᠢᠯᠢ᠎ᠶ᠋ᠢᠨ ᠪᠦᠰᠡᠭᠦᠢ ᠤᠬᠠᠭᠠᠨ》 ᠣᠯᠠᠨ ᠨᠡᠢᠲᠡ᠎ᠶ᠋ᠢᠨ ᠲᠥᠷᠥᠯ ᠲᠡᠮᠳᠡᠭ᠌ᠲᠦ᠍᠎ᠶ᠋ᠢᠨ ᠬᠥᠭ᠌ᠵᠢᠯᠲᠡ ᠵᠢ ᠲᠠᠢᠴᠢᠯᠠᠨ᠎ᠠ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶ᠋ᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂《ᠤᠮᠠᠷᠠᠲᠤ ᠬᠢᠯᠢ᠎ᠶ᠋ᠢᠨ ᠡᠮᠡᠭ᠌ᠲᠡᠢᠴᠦᠳ ᠲᠸ᠋ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ ᠬᠠᠩᠭᠠᠬᠤ》  ᠵᠢᠭᠡᠯᠡᠯᠭᠡ᠎ᠶ᠋ᠢᠨ ᠠᠵᠢᠯ᠎ᠢ ᠰᠠᠢᠲᠤᠷ ᠬᠢᠵᠦ᠍᠂ ᠡᠮᠡᠭ᠌ᠲᠡᠢᠴᠦᠳ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ ᠪᠠ ᠵᠢᠵᠢᠭ ᠪᠢᠴᠢᠯ ᠠᠵᠤ ᠠᠬᠤᠢᠯᠠᠯ᠎ᠳᠤ ᠣᠨᠣᠪᠴᠢᠲᠠᠶ᠎ᠪᠠᠷ ᠴᠢᠳᠠᠪᠤᠷᠢ ᠣᠯᠭᠣᠨ᠎ᠠ᠃

ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ ᠬᠥᠳᠡᠭᠡ ᠲᠣᠰᠭᠣᠨ᠎ᠤ ᠡᠮᠡᠭ᠌ᠲᠡᠢᠴᠦᠳ᠎ᠦᠨ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠲᠠᠷᠢᠶᠠᠴᠢᠨ ᠠᠢᠯ᠎ᠤᠨ ᠵᠢᠭᠤᠯᠴᠢᠯᠠᠯ ᠤ᠋ᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠪᠣᠯᠪᠠᠰᠤᠷᠠᠯ᠎ᠢ ᠡᠷᠬᠢᠯᠡᠨ᠎ᠠ᠃ ᠲᠠᠷᠢᠶᠠᠯᠠᠩ ᠮᠠᠯ ᠠᠵᠤ ᠠᠬᠤᠶ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠦ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ᠂ ᠲᠠᠷᠢᠶᠠᠯᠠᠬᠤ ᠮᠠᠯᠵᠢᠬᠤ ᠣᠷᠣᠨ᠎ᠳᠤ ᠭᠦᠨᠵᠡᠭᠡᠢᠷᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠯᠪᠠᠰᠤᠷᠠᠯ᠂ ᠲᠤᠰᠭᠠᠶ ᠮᠡᠷᠭᠡᠵᠢᠯᠲᠡᠨ᠎ᠦ ᠠᠯᠪᠠᠨ ᠵᠢᠷᠤᠮ᠎ᠤᠨ ᠡᠮᠴᠢᠯᠡᠭᠡ᠂ ᠲᠤᠬᠠᠶ᠎ᠶ᠋ᠢᠨ ᠲᠠᠯᠠᠪᠠᠶ᠎ᠶ᠋ᠢᠨ ᠵᠢᠯᠣᠭᠣᠳᠤᠯᠭ᠎ᠠ᠂ ᠱᠢᠨᠵᠢᠯᠡᠬᠦ᠌ ᠤᠬᠠᠭᠠᠨ ᠲᠦᠭᠡᠮᠡᠯᠵᠢᠭᠦᠯᠬᠦ᠌ ᠲᠠᠢᠯᠤᠮᠵᠢ ᠬᠢᠯᠭᠡᠨ᠎ᠡ᠃ ᠴᠢᠩᠬᠤᠸᠠ ᠶᠡᠬᠡ ᠰᠤᠷᠭᠠᠭᠤᠯᠢ᠎ᠶ᠋ᠢᠨ ᠬᠥᠳᠡᠭᠡ ᠲᠣᠰᠭᠣᠨ᠎ᠢ  ᠬᠥᠭ᠌ᠵᠢᠭᠦᠯᠦᠨ ᠮᠠᠨᠳᠤᠭᠤᠯᠬᠤ ᠠᠯᠤᠰ ᠡᠵᠡᠮᠱᠢᠯᠲᠦ ᠵᠢᠭᠠᠨ ᠰᠤᠷᠭᠠᠯᠲᠠ᠎ᠶ᠋ᠢᠨ ᠥᠷᠲᠡᠭᠡ᠎ᠳᠦ ᠲᠦᠱᠢᠭ᠌ᠯᠡᠨ᠂ ᠲᠦᠭ ᠲᠦᠮᠡᠨ ᠡᠮᠡᠭ᠌ᠲᠡᠢᠴᠦᠳ ᠪᠠ ᠬᠡᠷ ᠪᠦᠯᠢ᠎ᠶ᠋ᠢᠨ ᠬᠡᠪ ᠴᠢᠨᠠᠷ᠎ᠢ ᠳᠡᠭᠡᠭ᠌ᠰᠢᠯᠡᠭᠦᠯᠬᠦ᠌  ᠵᠢᠴᠢ  ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠤᠷᠭᠠᠨ ᠬᠥᠮᠦᠵᠢᠯ᠎ᠦᠨ ᠲᠥᠯᠥᠪᠯᠡᠭᠡ᠎ᠶ᠋ᠢ ᠥᠷᠨᠢᠭᠦᠯᠦᠨ᠎ᠡ᠃ ᠬᠦᠴᠢᠷᠳᠡᠯᠲᠡᠶ ᠡᠮᠡᠭ᠌ᠲᠡᠢᠴᠦᠳ᠎ᠲᠦ ᠬᠠᠨᠳᠤᠭᠤᠯᠤᠨ 103 ᠬᠣᠱᠢᠭᠤ ᠱᠢᠶᠠᠨ ᠲᠣᠭᠣᠷᠢᠭ᠎ᠲᠤ ᠠᠮᠢᠳᠤᠯᠢᠭ᠎ᠢᠶᠠᠷ ᠠᠵᠢᠯ ᠣᠯᠭᠣᠬᠤ ᠤᠷ᠎ᠠ ᠴᠢᠳᠠᠪᠤᠷᠢ᠎ᠶ᠋ᠢ  ᠳᠡᠭᠡᠭ᠌ᠰᠢᠯᠡᠭᠦᠯᠬᠦ᠌  ᠲᠥᠯᠥᠪᠯᠡᠭᠡ᠎ᠶ᠋ᠢ ᠥᠷᠨᠢᠭᠦᠯᠦᠨ᠎ᠡ᠃

ᠠᠮᠢ ᠠᠬᠤᠶ᠎ᠶ᠋ᠢᠨ ᠪᠣᠯᠪᠠᠰᠤᠨ᠎ᠤ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ 《ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ》᠂ 《ᠨᠤᠮᠢᠨ  ᠤᠰᠤ  ᠬᠥᠬᠡᠮᠳᠦᠭ  ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ》 ᠭᠡᠬᠦ᠌  ᠣᠢᠯᠠᠭᠠᠭ᠍ᠳᠠᠬᠤᠨ᠎ᠢ ᠶᠡᠬᠡ᠎ᠪᠡᠷ  ᠤᠬᠠᠭᠤᠯᠵᠤ᠂ ᠲᠡᠷᠢᠭᠦᠨ᠎ᠦ ᠨᠡᠢᠲᠡᠯᠢᠭ ᠵᠢᠱ᠌ᠢᠢ᠎ᠡ᠎ᠪᠡᠷ ᠬᠦᠲᠦᠯᠦᠨ ᠳᠠᠭᠠᠭᠤᠯᠵᠤ ᠡᠮᠡᠭ᠌ᠲᠡᠢᠴᠦᠳ᠎ᠤᠨ ᠠᠮᠢ ᠠᠬᠤᠢ᠎ᠶ᠋ᠢᠨ ᠦᠷᠳᠡᠭ᠎ᠦᠨ ᠵᠥᠪ ᠦᠵᠡᠯᠲᠡ᠎ᠵᠢ ᠪᠤᠢ ᠪᠣᠯᠭᠠᠨ᠎ᠠ᠃ ᠦᠵᠡᠰᠭᠦᠯᠡᠩᠲᠦ ᠰᠠᠢᠬᠠᠨ ᠬᠦᠷᠢᠶ᠎ᠡ ᠬᠠᠱᠢᠶ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠪᠦᠬᠦ᠌ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠵᠢ ᠵᠣᠬᠢᠶᠠᠨ ᠪᠠᠢᠭᠤᠯᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠍᠂ ᠡᠮᠡᠭ᠌ᠲᠡᠢᠴᠦᠳ᠎ᠢ ᠬᠥᠲᠥᠯᠥᠨ ᠵᠢᠯᠣᠭᠣᠳᠴᠤ᠌ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠣᠷᠣᠯᠴᠠᠭᠤᠯᠤᠨ᠎ᠠ᠃

ᠡᠷᠬᠡ᠎ᠪᠡᠨ ᠬᠠᠮᠠᠭᠠᠯᠠᠬᠤ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ ᠡᠮᠡᠭ᠌ᠲᠡᠢᠴᠦᠳ᠎ᠦᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂《ᠬᠠᠤᠯᠢ᠎ᠪᠠᠷ ᠵᠠᠰᠠᠬᠤ ᠥᠪᠥᠷ ᠮᠣᠩᠭᠣᠯ᠎ᠢ ᠪᠦᠲᠦᠭᠡᠨ ᠪᠠᠢᠭᠤᠯᠬᠤ ·ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠠᠵᠢᠯᠯᠠᠭ᠎ᠠ》 ᠶ᠋ᠢ ᠭᠦᠨᠵᠡᠭᠡᠢᠷᠡᠭᠦᠯᠵᠦ᠍᠂ ᠵᠠᠭᠤᠨ ᠡᠮᠡᠭ᠌ᠲᠡᠢ ᠬᠠᠤᠯᠢᠴᠢ ᠵᠠᠭᠤᠨ ᠲᠠᠯᠠᠪᠠᠢ ᠬᠠᠤᠯᠢ᠎ᠪᠠᠷ ᠵᠠᠰᠠᠬᠤ ᠨᠡᠢᠲᠡ᠎ᠶ᠋ᠢᠨ ᠠᠰᠠᠷᠠᠮᠵᠢ᠎ᠶ᠋ᠢᠨ ᠲᠣᠭᠣᠷᠢᠨ ᠲᠠᠢᠯᠤᠮᠵᠢ ᠬᠢᠬᠦ ᠵᠢᠴᠢ ᠡᠮᠡᠭ᠌ᠲᠡᠢᠴᠦᠳ᠎ᠦᠨ ᠬᠠᠤᠯᠢ ᠲᠦᠭᠡᠮᠡᠯᠵᠢᠭᠦᠯᠬᠦ᠌ ᠬᠥᠳᠡᠭᠡ ᠲᠣᠰᠭᠣᠨ᠎ᠤ ᠠᠶᠠᠯᠠᠯ᠂ ᠬᠠᠤᠯᠢ᠎ᠪᠠᠷ ᠵᠠᠰᠠᠬᠤ ᠬᠥᠮᠦᠵᠢᠯ᠎ᠢ ᠰᠤᠷᠭᠠᠭᠤᠯᠢ ᠵᠢᠨ ᠬᠦᠷᠢᠶᠡᠨ᠎ᠳᠤ ᠣᠷᠣᠭᠤᠯᠬᠤ ᠵᠡᠷᠭᠡ ᠠᠵᠢᠯᠯᠠᠭ᠎ᠠ ᠵᠢ ᠥᠷᠨᠢᠭᠦᠯᠦᠨ᠎ᠡ᠃《ᠬᠠᠤᠯᠢ ᠴᠠᠭᠠᠵᠠ᠎ᠶ᠋ᠢ ᠰᠠᠢᠨ ᠮᠡᠳᠡᠳᠡᠭ ᠬᠥᠮᠦᠨ》 ᠤ᠋ ᠡᠩᠨᠡᠭᠡ᠎ᠶ᠋ᠢ ᠥᠷᠭᠡᠳᠭᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠡᠮᠡᠭ᠌ᠲᠡᠢᠴᠦᠳ᠎ᠲᠦ ᠳᠥᠭᠥᠮ ᠳᠥᠲᠡ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠬᠠᠩᠭᠠᠨ᠎ᠠ᠃ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠡᠷᠬᠡ ᠠᠱᠢᠭ᠎ᠢᠶᠠᠨ ᠬᠠᠮᠠᠭᠠᠯᠠᠬᠤ 12338 ᠦᠶ᠋ᠯᠡᠴᠢᠯᠡᠭᠡᠨ᠎ᠦ ᠲᠥᠪ᠎ᠦᠨ ᠦᠶ᠋ᠯᠡᠳᠦᠯ᠎ᠢ  ᠪᠠᠳᠠᠷᠠᠭᠤᠯᠵᠤ᠂ 《ᠠᠮᠤᠭᠤᠯᠠᠩᠲᠦ ᠥᠪᠥᠷ ᠮᠣᠩᠭᠣᠯ》 ᠤ᠋ᠨ  ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ᠃

ᠠᠮᠢ ᠨᠠᠰᠤ ᠡᠷᠡᠭᠦᠯ ᠮᠡᠨᠳᠦ᠍᠎ᠶ᠋ᠢᠨ ᠭᠤᠤᠯ ᠰᠡᠳᠦᠪᠳᠦ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ 《ᠬᠣᠶᠠᠷ ᠥᠮᠡᠨ》  ᠢ᠋ ᠰᠡᠷᠭᠡᠢᠯᠡᠨ ᠵᠠᠰᠠᠬᠤ ᠮᠡᠳᠡᠯᠭᠡ᠎ᠶ᠋ᠢᠨ ᠤᠬᠠᠭᠤᠯᠭ᠎ᠠ ᠬᠢᠭᠡᠳ ᠦᠨᠳᠦᠰᠦᠨ ᠱᠠᠲᠤᠨ᠎ᠳᠤ ᠭᠦᠨᠵᠡᠭᠡᠢᠷᠡᠬᠦ᠌ ᠠᠵᠢᠯᠯᠠᠭ᠎ᠠ ᠥᠷᠨᠢᠭᠦᠯᠵᠦ᠍᠂ ᠣᠷᠣᠯᠭ᠎ᠠ ᠪᠠᠭᠠᠳᠠᠢ ᠬᠡᠷ ᠪᠦᠯᠢ᠎ᠶ᠋ᠢᠨ 《ᠬᠣᠶᠠᠷ ᠥᠮᠡᠨ》 ᠳ᠋ᠤ ᠨᠡᠷᠪᠡᠭ᠌ᠳᠡᠭ᠌ᠰᠡᠨ ᠡᠮᠡᠭ᠌ᠲᠡᠢᠴᠦᠳ᠎ᠢ ᠠᠪᠤᠷᠠᠨ ᠲᠤᠰᠠᠯᠠᠬᠤ ᠠᠵᠢᠯ ᠎ᠢ ᠰᠠᠢᠲᠤᠷ ᠬᠢᠵᠦ᠍᠂ ᠡᠮᠡᠭ᠌ᠲᠡᠢᠴᠦᠳ᠎ᠢ ᠡᠷᠡᠭᠦᠯ ᠮᠡᠨᠳᠦ᠍ ᠎ᠪᠡᠷ ᠬᠠᠪᠰᠤᠷᠤᠨ ᠲᠡᠳᠬᠦᠬᠦ᠌ ᠎ᠶ᠋ᠢ ᠪᠦᠷᠢᠨ ᠪᠥᠷᠬᠥᠭᠦᠯᠦᠨ᠎ᠡ᠃ ᠡᠬᠡᠴᠤᠤᠯ᠎ᠦᠨ ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ᠎ᠶ᠋ᠢᠨ ᠲᠥᠷᠥᠯ ᠵᠦᠶ᠋ᠯ᠎ᠢ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠠᠷᠠᠳ᠎ᠤᠨ ᠠᠮᠢ ᠨᠠᠰᠤᠨ᠎ᠤ ᠳᠠᠭᠠᠳᠭᠠᠯ᠎ᠤᠨ ᠥᠪᠥᠷ ᠮᠣᠩᠭᠣᠯ᠎ᠳ᠋ᠡᠬᠢ ᠬᠤᠪᠢᠶᠠᠷᠢ ᠺᠣᠮᠫᠠᠨᠢ ᠵᠡᠷᠭᠡ ᠬᠠᠯᠠᠭᠤᠨ ᠰᠡᠳᠬᠢᠯᠳᠦ ᠠᠵᠤ ᠠᠬᠤᠢᠯᠠᠯ᠎ᠤᠨ ᠬᠠᠨᠳᠢᠪ ᠎ᠢ ᠢᠳᠡᠪᠬᠢᠳᠡᠢ ᠣᠯᠵᠤ᠂ ᠡᠮᠡᠭ᠌ᠲᠡᠢᠴᠦᠳ᠎ᠦᠨ ᠡᠷᠡᠭᠦᠯ ᠮᠡᠨᠳᠦ᠍᠎ᠶ᠋ᠢᠨ ᠳᠠᠭᠠᠳᠭᠠᠯ᠎ᠢ ᠬᠠᠯᠠᠮᠵᠢᠯᠠᠬᠤ  ᠤᠬᠠᠭᠤᠯᠭ᠎ᠠ ᠵᠢᠴᠢ ᠬᠠᠨᠳᠢᠪ ᠬᠦᠷᠭᠡᠬᠦ᠌  ᠬᠠᠮᠢᠶ᠎ᠠ  ᠪᠥᠬᠥᠶ  ᠠᠵᠢᠯ᠎ᠢ  ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号