《ᠦᠪᠦᠷ ᠮᠤᠩᠭᠤᠯ ᠎ᠳᠡᠬᠢ ᠪᠤᠭᠤᠷᠤᠯᠴᠤᠳ᠎ᠤᠨ ᠬᠢᠯᠪᠠᠭ᠎ᠠ》 ᠠᠵᠢᠯᠯᠠᠭ᠎ᠠ ᠦᠯᠡᠮᠵᠢ ᠦᠷ᠎ᠡ ᠪᠦᠲᠦᠮᠵᠢ ᠤᠯᠪᠠ
2026-03-16 10:01:27
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠦᠪᠡᠷᠲᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠬᠠᠮᠠᠳ ᠺᠠᠳ᠋ᠷ᠎ᠤᠨ ᠲᠤᠪᠴᠢᠶ᠎ᠠ ᠡᠴᠡ ᠤᠢᠯᠠᠭᠠᠬᠰᠠᠨ ᠵᠢᠡᠷ᠂ 2025 ᠤᠨ᠎ᠳᠦ ᠦᠪᠡᠷᠲᠡᠬᠡᠨ ᠵᠠᠰᠠᠬᠤ ᠤᠷᠤᠨ 《ᠦᠪᠦᠷ ᠮᠤᠩᠭᠤᠯ ᠎ᠳᠡᠬᠢ ᠪᠤᠭᠤᠷᠤᠯᠴᠤᠳ᠎ᠤᠨ ᠬᠢᠯᠪᠠᠭ᠎ᠠ》 ᠬᠡᠬᠦ ᠠᠵᠢᠯᠯᠠᠭ᠎ᠠ ᠎ᠶ᠋ᠢ  ᠦᠷᠨᠢᠬᠦᠯᠵᠦ᠂ ᠪᠤᠭᠤᠷᠤᠯᠴᠤᠳ᠎ᠤᠨ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ  ᠬᠥᠭ᠌ᠵᠢᠭᠡᠪᠡ᠃

ᠲᠤᠰ ᠠᠵᠢᠯᠯᠠᠭ᠎ᠠ ᠨᠢ 3 ᠲᠦᠮᠡ ᠱᠢᠬᠠᠮ ᠠᠬᠠᠮᠠᠳ ᠨᠥᠬᠥᠳ᠎ᠢ ᠵᠣᠬᠢᠶᠠᠨ ᠪᠠᠢᠭᠤᠯᠤᠨ ᠭᠣᠣᠯᠳᠠᠯᠭ᠎ᠠ᠎ᠲᠠᠶ ᠠᠵᠢᠯ᠎ᠤᠨ ᠲᠣᠭᠣᠷᠢᠨ᠎ᠳᠤ 556 ᠲᠠᠯᠠᠪᠤᠷ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠦᠷᠨᠢᠬᠦᠯᠵᠦ᠂ ᠠᠬᠠᠮᠠᠳ ᠺᠠᠳ᠋ᠷᠴᠤᠳ ᠡᠴᠡ 1928 ᠵᠤᠷᠪᠤᠰ ᠰᠠᠨᠠᠯ ᠰᠠᠨᠠᠭᠤᠯᠭ᠎ᠠ ᠳᠤᠷᠠᠳᠪᠠ; ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ᠎ᠤ ᠭᠤᠷᠪᠠᠨ ᠱᠠᠲᠤᠨ ᠎ᠤ 809 ᠰᠠᠯᠠᠭ᠎ᠠ ᠪᠤᠭᠤᠷᠤᠯᠴᠤᠳ᠎ᠤᠨ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠵᠤ᠂ 1.46 ᠲᠦᠮᠡ ᠭᠠᠷᠤᠶ ᠪᠤᠭᠤᠷᠤᠯᠴᠤᠳ᠎ᠤᠨ ᠴᠢᠳᠠᠪᠤᠷᠢᠲᠠᠨ᠎ᠤ ᠢᠳᠡᠪᠬᠢᠲᠡᠶ ᠠᠵᠢᠯᠯᠠᠬᠤ᠎ᠶᠢ ᠬᠦᠲᠦᠯᠦᠨ ᠵᠢᠯᠤᠭᠤᠳᠪᠠ᠃ ᠡᠬᠦᠨ᠎ᠳᠤ 4000 ᠱᠢᠬᠠᠮ ᠪᠤᠭᠤᠷᠤᠯᠴᠤᠳ᠎ᠤᠨ ᠬᠠᠤᠯᠢ ᠴᠠᠭᠠᠵᠠ᠎ᠶ᠋ᠢᠨ ᠴᠢᠳᠠᠪᠤᠷᠢᠲᠠᠨ ᠦᠨᠳᠦᠰᠦᠨ ᠱᠠᠲᠤᠨ᠎ᠤ  ᠵᠠᠰᠠᠯᠲᠠ᠎ᠶ᠋ᠢᠨ  ᠡᠮᠦᠨ᠎ᠡ  ᠹᠷᠣᠨᠲ᠎ᠲᠤ ᠬᠦᠨᠵᠡᠬᠡᠢᠷᠡᠵᠦ᠂ ᠪᠥᠬᠥ᠌ ᠵᠢᠯ᠎ᠳᠦ 1.83 ᠲᠦᠮᠡ ᠭᠠᠷᠤᠶ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠵᠦ᠍᠂ 《ᠠᠬᠠᠮᠠᠳ ᠴᠠᠭ᠍ᠳᠠᠭᠠᠨ ᠳᠠᠷᠤᠭ᠎ᠠ᠎ᠶ᠋ᠢᠨ ᠠᠵᠢᠯᠯᠠᠬᠤ ᠦᠷᠦᠬᠡ》᠂  《ᠰᠠᠢᠨ ᠡᠭᠡᠴᠢ᠎ᠶ᠋ᠢᠨ ᠡᠶᠡᠳᠡᠭᠦᠯᠬᠦ᠌ ᠲᠥᠪ》 ᠵᠡᠷᠭᠡ ᠠᠵᠢᠯ᠎ᠤᠨ ᠲᠦᠷᠦᠯ ᠲᠡᠮᠳᠡᠭ ᠴᠣᠯᠭᠣᠷᠠᠨ ᠭᠠᠷᠪᠠ; ᠡᠯ᠎ᠡ ᠱᠠᠲᠦᠨ᠎ᠤ ᠠᠬᠠᠮᠠᠳ ᠺᠠᠳ᠋ᠷᠴᠤᠳ᠎ᠤᠨ ᠠᠵᠢᠯᠯᠠᠭᠠᠨ ᠎ᠤ ᠲᠦᠪ᠂ ᠨᠠᠰᠤᠲᠠᠢᠴᠤᠳ᠎ᠤᠨ ᠶᠡᠬᠡ ᠰᠤᠷᠭᠠᠭᠤᠯᠢ᠂ ᠨᠠᠰᠤᠲᠠᠢᠴᠤᠳ᠎ᠤᠨ ᠨᠡᠢᠭᠡᠮ᠎ᠤᠨ ᠵᠤᠬᠢᠶᠠᠨ ᠪᠠᠢᠭᠤᠯᠤᠯᠲᠠ ᠵᠡᠷᠭᠡ  ᠡᠯ᠎ᠡ ᠲᠥᠷᠥᠯ᠎ᠦᠨ ᠲᠠᠪᠴᠠᠩ᠎ᠳᠤ ᠲᠦᠱᠢᠭ᠌ᠯᠡᠨ 《ᠲᠤᠰᠭᠠᠶ ᠮᠡᠷᠭᠡᠵᠢᠯᠲᠡᠨ᠎ᠦ ᠳᠤᠭᠤᠢᠯᠠᠩ》᠂ 《ᠦᠶ᠋ᠯᠡᠴᠢᠯᠡᠭᠡᠨ᠎ᠦ ᠠᠩᠭᠢ》  ᠵᠡᠷᠭᠡ᠎ᠶ᠋ᠢ ᠪᠠᠢᠭᠤᠯᠵᠤ᠂ ᠠᠬᠠᠮᠠᠳ ᠨᠥᠬᠥᠳ᠎ᠦᠨ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠬᠥᠲᠥᠯᠥᠨ ᠵᠢᠯᠣᠭᠣᠳᠪᠠ; ᠤᠷᠮᠠᠱᠢᠭᠤᠯᠬᠤ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠡᠷᠢᠭᠦᠨ᠎ᠦ ᠬᠠᠮᠲᠤ ᠪᠠ ᠬᠤᠪᠢ ᠬᠥᠮᠦᠨ᠎ᠢ ᠱᠢᠯᠭᠠᠷᠠᠭᠤᠯᠤᠨ ᠬᠥᠬᠢᠭᠦᠯᠦᠨ ᠰᠠᠢᠱᠢᠶᠠᠵᠤ᠂ 《ᠬᠤᠪᠢ ᠬᠤᠷᠠᠮᠳᠤᠭᠤᠯᠬᠤ ᠬᠡᠲᠦ ᠳᠡᠯᠭᠡᠭᠦᠷ》 ᠤ᠋ᠨ ᠤᠷᠮᠠᠱᠢᠭᠤᠯᠬᠤ ᠲᠤᠬᠲᠠᠴᠠ᠎ᠵᠢ ᠰᠦᠪᠡᠭ᠌ᠴᠢᠯᠡᠵᠦ᠍᠂ ᠪᠤᠭᠤᠷᠤᠯᠴᠤᠳ᠎ᠤᠨ ᠴᠢᠳᠠᠪᠤᠷᠢᠲᠠᠨ᠎ᠤ ᠦᠷᠭᠦᠯᠵᠢᠯᠡᠨ ᠬᠡᠷᠡᠯ ᠭᠢᠯᠪᠠᠭ᠎ᠠ᠎ᠪᠠᠨ ᠰᠠᠴᠤᠷᠠᠭᠤᠯᠬᠤ ᠵᠢ  ᠬᠦᠴᠦᠲᠡᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号