ᠲᠦᠩᠯᠢᠶᠣᠤ ᠬᠣᠲᠠ᠎ᠶ᠋ᠢᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠣᠯᠠᠨ ᠤᠯᠤᠰ᠎ᠤᠨ ᠮᠠᠶᠢᠭ᠎ᠤᠨ ᠪᠥᠬᠡ᠎ᠶ᠋ᠢᠨ ᠤᠷᠤᠯᠳᠤᠭᠠᠨ ᠶᠠᠪᠤᠬᠳᠠᠪᠠ
2026-03-16 15:15:30
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠲᠦᠩᠯᠢᠶᠣᠤ ᠬᠣᠲᠠ᠎ᠶ᠋ᠢᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠣᠯᠠᠨ ᠤᠯᠤᠰ᠎ᠤᠨ ᠮᠠᠶᠢᠭ᠎ᠤᠨ ᠪᠥᠬᠡ᠎ᠶ᠋ᠢᠨ ᠤᠷᠤᠯᠳᠤᠭᠠᠨ ᠬᠦᠷᠢᠶ᠎ᠡ ᠬᠣᠱᠢᠭᠤᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠎ᠦᠨ ᠪᠥᠬᠡ᠎ᠶ᠋ᠢᠨ ᠣᠷᠳᠣᠨ᠎ᠳᠤ ᠠᠮᠵᠢᠯᠲᠠ᠎ᠲᠠᠶ ᠥᠨᠳᠥᠷᠯᠡᠪᠡ᠃ ᠪᠥᠬᠥ᠌ ᠬᠣᠲᠠ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ᠂ ᠪᠠᠷᠢᠮᠵᠢᠶ᠎ᠠ᠎ᠪᠠᠷ ᠬᠠᠮᠤᠭ᠎ᠤᠨ ᠥᠨᠳᠥᠷ ᠶᠡᠷᠦᠩᠬᠡᠢᠯᠡᠭ᠌ᠰᠡᠨ ᠴᠢᠨᠠᠷᠲᠠᠶ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ᠎ᠤ ᠠᠩᠬᠠᠳᠠᠭ᠍ᠴᠢ ᠲᠠᠯᠠᠪᠤᠷ ᠭᠤᠤᠯᠳᠠᠯᠭ᠎ᠠ᠎ᠲᠠᠶ ᠤᠷᠤᠯᠳᠤᠭᠠᠨ ᠪᠣᠯᠤᠭ᠍ᠰᠠᠨ᠎ᠤ ᠬᠤᠪᠢ᠎ᠳᠤ ᠲᠣᠰ ᠤᠳᠠᠭᠠᠨ᠎ᠤ ᠤᠷᠤᠯᠳᠤᠭᠠᠨ᠎ᠨᠢ ᠪᠥᠬᠥ᠌ ᠬᠣᠲᠠ᠎ᠶ᠋ᠢᠨ ᠪᠥᠬᠡ᠎ᠶ᠋ᠢᠨ ᠰᠤᠳᠤᠴᠤᠤᠯ᠎ᠢ ᠴᠤᠭ᠍ᠯᠠᠷᠠᠭᠤᠯᠵᠤ᠂ ᠪᠡᠶ᠎ᠡ᠎ᠶ᠋ᠢᠨ ᠲᠠᠮᠢᠷ᠎ᠲᠤ ᠪᠠᠬᠠᠲᠠᠶ ᠬᠥᠮᠦᠰ᠎ᠲᠦ ᠬᠦᠴᠦᠨ ᠴᠢᠳᠠᠯ ᠪᠠ ᠤᠷ᠎ᠠ ᠮᠡᠷᠭᠡᠵᠢᠯ᠎ᠢ ᠬᠤᠤᠰᠯᠠᠭᠤᠯᠤᠭ᠍ᠰᠠᠨ ᠭᠣᠢᠳᠠ ᠰᠠᠢᠬᠠᠨ ᠦᠵᠡᠯᠴᠡᠭᠡᠨ᠎ᠢ ᠠᠪᠴᠢᠷᠠᠵᠤ ᠦᠭᠭᠦᠭᠰᠡᠨ ᠪᠠᠢᠨ᠎ᠠ᠃

ᠤᠷᠤᠯᠳᠤᠭᠠᠨ᠎ᠳ᠋ᠦ 6 ᠲᠥᠯᠥᠭᠡᠯᠡᠭ᠌ᠴᠢᠳ᠎ᠦᠨ ᠠᠩᠭᠢ᠂ 240 ᠲᠠᠮᠢᠷᠴᠢᠨ ᠤᠷᠤᠯᠳᠤᠵᠤ᠂ ᠡᠷᠡᠭ᠌ᠲᠡᠶ ᠡᠮᠡᠭ᠌ᠲᠡᠶ ᠵᠢᠨ ᠬᠥᠬᠡ᠂ ᠬᠥᠬᠡᠭ᠌ᠴᠢᠨ᠂ ᠤᠯᠠᠭᠠᠨ ᠳᠤᠭᠤᠢᠯᠠᠩ ᠬᠤᠪᠢᠶᠠᠨ ᠲᠤᠰ ᠲᠤᠰ ᠤᠷᠤᠯᠳᠤᠵᠤ᠂ ᠨᠡᠢ᠌ᠲᠡ 69 ᠮᠠᠩᠯᠠᠶ ᠵᠢ ᠱᠢᠯᠭᠠᠷᠠᠭᠤᠯᠵᠠᠶ᠃ ᠤᠷᠤᠯᠳᠤᠭᠠᠨ᠎ᠤ ᠲᠠᠯᠠᠪᠤᠷ᠎ᠲᠤ  ᠲᠠᠮᠢᠷᠴᠢᠳ ᠴᠣᠭ ᠵᠢᠪᠬᠤᠭ᠎ᠠ ᠪᠠᠳᠠᠷᠠᠩᠭᠤᠶ ᠪᠠᠢᠵᠤ᠂ ᠡᠷᠡᠰ ᠬᠠᠲᠠᠭᠤ ᠵᠣᠷᠢᠭ ᠰᠠᠨᠠᠭ᠎ᠠ ᠪᠣᠯᠤᠨ ᠬᠤᠷᠴᠠ ᠱᠠᠯᠠᠮᠠᠭᠠᠢ ᠤᠷ᠎ᠠ ᠮᠡᠷᠭᠡᠵᠢᠯ᠎ᠢᠶᠡᠷ᠎ᠢᠶᠡᠨ ᠪᠥᠬᠡ᠎ᠶ᠋ᠢᠨ ᠬᠥᠳᠡᠯᠭᠡᠭᠡᠨ᠎ᠦ ᠥᠪᠡᠷᠮᠢᠴᠡ ᠷᠢᠳᠢ ᠱᠢᠳᠢ᠎ᠶ᠋ᠢ ᠢᠯᠡᠷᠡᠭᠦᠯᠪᠡ᠃

ᠱᠢᠷᠦᠭᠦᠨ ᠥᠷᠢᠰᠥᠯᠳᠦᠭᠡᠨ᠎ᠢᠶᠡᠷ ᠳᠠᠮᠵᠢᠭᠠᠳ ᠬᠦᠷᠢᠶ᠎ᠡ ᠬᠣᠱᠢᠭᠤᠨ᠎ᠤ ᠲᠥᠯᠥᠭᠡᠯᠡᠭ᠌ᠴᠢᠳ᠎ᠦᠨ ᠠᠩᠭᠢ 29 ᠠᠯᠲᠠᠨ ᠮᠧᠳᠠᠯ ᠬᠦᠷᠳᠡᠵᠦ᠂ ᠵᠠᠷᠤᠳ ᠬᠣᠱᠢᠭᠤ᠂ ᠨᠠᠢ᠍ᠮᠠᠨ ᠬᠣᠱᠢᠭᠤ ᠲᠤᠰ ᠲᠤᠰ ᠬᠣᠶᠠᠳᠤᠭᠠᠷ ᠭᠤᠷᠪᠠᠳᠤᠭᠠᠷ᠎ᠲᠤ ᠲᠤᠳᠤᠷᠠᠵᠠᠢ᠃ ᠲᠣᠰ ᠤᠳᠠᠭᠠᠨ᠎ᠤ ᠤᠷᠤᠯᠳᠤᠭᠠᠨ᠎ᠨᠢ ᠪᠥᠬᠥ᠌ ᠬᠣᠲᠠ᠎ᠶ᠋ᠢᠨ ᠪᠥᠬᠡ᠎ᠶ᠋ᠢᠨ ᠲᠠᠮᠢᠷᠴᠢᠳ᠎ᠲᠤ ᠤᠷ᠎ᠠ ᠮᠡᠷᠭᠡᠵᠢᠯ᠎ᠢᠶᠡᠨ ᠰᠤᠯᠢᠯᠴᠠᠬᠤ᠂ ᠬᠠᠮᠲᠤ᠎ᠪᠠᠷ ᠤᠷᠤᠭ᠍ᠰᠢᠯᠠᠨ ᠲᠠᠪᠰᠢᠬᠤ ᠲᠠᠪᠴᠠᠩ᠎ᠢ ᠪᠠᠢᠭᠤᠯᠵᠤ ᠥᠭ᠌ᠭᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠲᠦᠩᠯᠢᠶᠤᠤ ᠬᠣᠲᠠ᠎ᠶ᠋ᠢᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号