ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠬᠠᠪᠤᠷ᠎ᠤᠨ ᠤᠯᠠᠷᠢᠯ᠎ᠤᠨ ᠠᠵᠢᠯᠲᠠᠨ ᠡᠯᠰᠡᠬᠦ᠌ ᠴᠤᠭᠯᠠᠭᠠᠨ ᠡᠷᠭᠢᠯᠡᠪᠠ
2026-03-16 15:27:19
ᠵᠣᠬᠢᠶᠠᠭ᠍ᠴᠢ᠄
ᠯᠢᠦ ᡁᠢ ᠰᠢᠶᠠᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 15᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠬᠠᠪᠤᠷ᠎ᠤᠨ ᠤᠯᠠᠷᠢᠯ᠎ᠤᠨ ᠲᠣᠮᠣ ᠬᠡᠯᠪᠡᠷᠢ᠎ᠶᠢᠨ ᠠᠵᠢᠯᠲᠠᠨ ᠡᠯᠰᠡᠬᠦ᠌ ᠴᠤᠭᠯᠠᠭᠠᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃ ᠠᠵᠢᠯᠲᠠᠨ ᠡᠯᠰᠡᠬᠦ᠌ ᠴᠤᠬᠯᠠᠭᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠳᠠᠭᠠᠭᠠᠴᠢᠯᠠᠨ ᠡᠷᠭᠢᠯᠡᠵᠦ᠍᠂ ᠬᠥᠮᠦᠨ ᠬᠡᠷᠡᠭᠯᠡᠬᠦ᠌ ᠨᠢᠭᠡᠴᠢ ᠬᠢᠭᠡᠳ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠤᠨᠤᠴᠠᠳᠠᠢ ᠵᠣᠯᠭᠠᠭᠤᠯᠬᠤ ᠬᠥᠭᠥᠷᠭᠡ ᠪᠠᠶ᠋ᠢᠭᠤᠯᠪᠠ᠃


QQ截图20260209113408.png


ᠲᠣᠰ ᠤᠳᠠᠭᠠᠨ᠎ᠤ ᠠᠵᠢᠯᠲᠠᠨ ᠡᠯᠰᠡᠬᠦ᠌ ᠴᠤᠭᠯᠠᠭᠠᠨ ᠨᠢ ᠠᠬᠤᠶ ᠲᠠᠯᠠᠪᠠᠶ ᠳ᠋ᠡᠬᠢ ᠵᠣᠯᠭᠠᠯᠴᠠᠭ᠎ᠠ᠎ᠪᠠᠷ ᠭᠤᠤᠯ ᠪᠣᠯᠭᠠᠵᠤ᠂ ᠥᠪᠥᠷ ᠮᠣᠩᠭᠣᠯ᠎ᠤᠨ ᠤᠶᠤᠲᠠᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠨ ᠰᠦᠯᠵᠢᠶᠡᠨ ᠳᠡᠭᠡᠷᠡᠬᠢ ᠲᠠᠪᠴᠠᠩ᠎ᠤᠨ ᠳᠡᠮᠵᠢᠯᠭᠡ ᠬᠠᠩᠭᠠᠪᠠ᠃ ᠠᠵᠢᠯᠲᠠᠨ ᠡᠯᠰᠡᠬᠦ᠌ ᠴᠤᠭᠯᠠᠭᠠᠨ᠎ᠳᠦ ᠵᠥᠩ ᠯᠢᠶᠠᠩ ᠺᠸ ᠺᠸᠦ ᠺᠸ ᠯᠧ᠂ ᠢᠯᠢ ᠪᠦᠯᠦᠭᠯᠡᠯ᠂ ᠮᠥ᠍ ᠶᠤᠸᠠᠨ ᠢᠳᠡᠭᠡᠨ ᠵᠡᠷᠭᠡ ᠣᠷᠣᠨ᠎ᠤ ᠳᠣᠲᠣᠨ᠎ᠠ ᠭᠠᠳᠠᠨᠠᠬᠢ 126 ᠰᠢᠯᠢᠳᠡᠭ ᠠᠵᠤ ᠠᠬᠤᠶ᠋ᠢᠯᠠᠯ᠎ᠢ ᠴᠤᠭᠯᠠᠭᠤᠯᠵᠤ᠂ 3000 ᠭᠠᠷᠤᠶ ᠠᠵᠢᠯ᠎ᠤᠨ ᠪᠠᠶ᠋ᠢᠷᠢ ᠬᠠᠩᠭᠠᠵᠤ᠂ ᠢᠳᠡᠭᠡᠨ ᠤᠮᠳᠠᠭᠠᠨ᠂ ᠲᠠᠷᠢᠶᠠᠯᠠᠩ ᠮᠠᠯ ᠠᠵᠤ ᠠᠬᠤᠶ ᠲᠡᠵᠢᠭᠡᠨ ᠦᠷᠡᠵᠢᠭᠦᠯᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠡᠨᠧᠷᠭᠢ᠂ ᠮᠥᠩᠭᠥᠨ ᠭᠦᠢᠯᠭᠡᠭᠡᠨ ᠳᠠᠭᠠᠳᠬᠠᠯ᠂ ᠪᠠᠷᠢᠯᠭ᠎ᠠ᠎ᠶᠢᠨ ᠢᠨᠵᠧᠨᠧᠷᠢᠩ᠂ ᠰᠤᠷᠭᠠᠨ ᠬᠥᠮᠦᠵᠢᠯ᠎ᠦᠨ ᠯᠠᠪᠯᠠᠭ᠎ᠠ ᠵᠡᠷᠭᠡ ᠣᠯᠠᠨ ᠠᠵᠢᠯ ᠲᠥᠷᠥᠯ᠎ᠢ ᠬᠠᠮᠤᠷᠴᠤ᠌᠂ ᠠᠵᠢᠯ᠎ᠤᠨ ᠪᠠᠶ᠋ᠢᠷᠢ ᠤᠯᠠᠨ᠂ ᠲᠤᠰᠬᠠᠶ ᠮᠡᠷᠭᠡᠵᠢᠯ᠎ᠦᠨ ᠵᠣᠬᠢᠴᠠᠬᠤ ᠴᠢᠨᠠᠷ᠎ᠢᠶᠠᠷ ᠴᠢᠩᠭ᠎ᠠ ᠪᠠᠶ᠋ᠢᠵᠤ᠂ ᠠᠳᠠᠯᠢ ᠪᠤᠰᠤ ᠲᠤᠰᠬᠠᠶ ᠮᠡᠷᠭᠡᠵᠢᠯ᠎ᠡᠴᠡ ᠲᠡᠭᠦᠰᠬᠦ ᠤᠶᠤᠳᠠᠳ᠎ᠤᠨ ᠠᠵᠢᠯ ᠡᠷᠢᠬᠦ᠌ ᠴᠢᠭᠯᠡᠯ᠎ᠲᠡᠶ ᠭᠦᠢᠴᠡᠳ ᠨᠡᠶ᠋ᠢᠴᠡᠪᠠ᠃


QQ截图20260316094106.png


ᠪᠦᠷᠢᠳᠬᠡᠯ᠎ᠢ ᠦᠨᠳᠦᠰᠦᠯᠡᠪᠡᠯ᠂ ᠠᠵᠢᠯᠲᠠᠨ ᠡᠯᠰᠡᠬᠦ᠌ ᠴᠤᠭᠯᠠᠭᠠᠨ᠎ᠤ ᠲᠤᠬᠠᠶ᠎ᠶᠢᠨ ᠲᠠᠯᠠᠪᠠᠢ᠎ᠳᠦ ᠣᠷᠣᠯᠴᠠᠭᠰᠠᠨ ᠰᠣᠷᠣᠭᠴᠢ᠎ᠶᠢᠨ ᠲᠣᠭ᠎ᠠ 4300 ᠭᠠᠷᠤᠶ ᠪᠠᠶ᠋ᠢᠵᠤ᠂ ᠰᠦᠯᠵᠢᠶᠡᠨ ᠳᠡᠭᠡᠷ᠎ᠡ ᠠᠩᠬᠠᠷᠤᠬᠰᠠᠨ ᠬᠥᠮᠦᠨ ᠤᠳᠠᠭ᠎ᠠ 2 ᠲᠦᠮᠡ ᠰᠢᠬᠠᠮ ᠬᠦᠷᠪᠡ᠃ ᠲᠤᠰ ᠡᠳᠦᠷ᠎ᠦᠨ ᠦᠳᠡ᠎ᠶᠢᠨ ᠬᠣᠶ᠋ᠢᠨ᠎ᠠ᠂ 20 ᠭᠠᠷᠤᠢ ᠠᠵᠤ ᠠᠬᠤᠶ᠋ᠢᠯᠠᠯ ᠪᠠᠰᠠ ᠨᠢᠭᠤᠷᠲᠠᠨ ᠰᠢᠯᠭᠠᠯᠲᠠ᠎ᠪᠠᠨ ᠪᠠᠴᠢᠮ ᠲᠤᠬᠢᠷᠠᠭᠤᠯᠪᠠ᠃


QQ截图20260316094703.png


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ 3 ᠰᠠᠷ᠎ᠠ᠎ᠶᠢᠨ ᠳᠤᠮᠳᠠᠴᠢ ᠪᠠ ᠬᠣᠷᠢᠳ᠎ᠢᠶᠠᠷ᠂ ᠰᠤᠷᠭᠠᠨ ᠬᠥᠮᠦᠵᠢᠯ᠎ᠦᠨ ᠲᠢᠩᠬᠢᠮ ᠬᠠᠮᠢᠶ᠎ᠠ ᠪᠥᠬᠥᠶ ᠰᠠᠯᠠᠭ᠎ᠠ ᠮᠥᠴᠢᠷ᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ ᠵᠡᠷᠭᠡ᠎ᠲᠡᠶ ᠬᠠᠮᠲᠤᠷᠠᠨ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ ᠬᠤᠪᠢᠶᠠᠭᠰᠠᠨ᠂ ᠬᠠᠮᠲᠤ ᠨᠡᠢᠳᠠ ᠬᠤᠪᠢᠶᠠᠭᠰᠠᠨ ᠡᠯ᠎ᠡ ᠲᠥᠷᠥᠯ᠎ᠦᠨ ᠠᠵᠢᠯᠲᠠᠨ ᠡᠯᠰᠡᠬᠦ᠌ ᠠᠵᠢᠯᠯᠠᠭ᠎ᠠ᠎ᠶᠢ 50 ᠲᠠᠯᠠᠪᠤᠷ ᠣᠷᠴᠢᠮ ᠡᠷᠭᠢᠯᠡᠵᠦ᠍᠂ ᠰᠢᠯᠢᠳᠡᠭ ᠠᠵᠢᠯ᠎ᠤᠨ ᠪᠠᠶ᠋ᠢᠷᠢ᠎ᠶᠢᠨ ᠡᠬᠢ ᠪᠠᠶᠠᠯᠢᠭ᠎ᠢ ᠲᠠᠰᠤᠷᠠᠯᠲᠠ ᠥᠬᠡᠶ ᠡᠮᠬᠢᠯᠡᠨ ᠨᠡᠶ᠋ᠢᠯᠡᠭᠦᠯᠵᠦ᠍᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠦᠨ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ᠍ ᠠᠵᠢᠯ ᠣᠯᠭᠣᠯᠲᠠ᠎ᠶᠢᠨ ᠵᠢᠯᠣᠭᠣᠳᠣᠯᠭ᠎ᠠ ᠪᠠ ᠠᠵᠢᠯ᠎ᠤᠨ ᠪᠠᠶ᠋ᠢᠷᠢ ᠵᠣᠯᠭᠠᠭᠤᠯᠬᠤ ᠦᠢᠯᠡᠴᠢᠯᠡᠭᠡ ᠬᠠᠩᠭᠠᠵᠤ᠂ 2026 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠬᠦ ᠤᠶᠤᠳᠠᠳ᠎ᠤᠨ ᠤᠷᠤᠭᠰᠢᠲᠠᠶ ᠪᠡᠷ ᠠᠵᠢᠯ ᠤᠯᠬᠤ᠂ ᠴᠢᠨᠠᠷ ᠰᠠᠶ᠋ᠢᠲᠠᠶ ᠠᠵᠢᠯ ᠤᠯᠬᠤ᠎ᠶᠢ ᠳᠡᠮᠵᠢᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠳᠦ ᠵᠠᠯᠠᠭᠤ ᠴᠢᠳᠠᠪᠤᠷᠢᠲᠠᠨ᠎ᠤ ᠬᠦᠴᠦᠨ᠎ᠢ ᠲᠥᠪᠯᠡᠷᠡᠭᠦᠯᠦᠨ᠎ᠡ ᠭᠡᠵᠡᠶ᠃


QQ截图20260316094745.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号