ᠥᠪᠥᠷ ᠮᠣᠩᠭᠣᠯ 2 ᠳ᠋ᠦᠩᠰᠢᠭᠤᠷ ᠲᠥᠭᠥᠷᠢᠭ᠎ᠦᠨ ᠡᠮ ᠡᠮᠨᠡᠯᠭᠡ ᠵᠢᠨ ᠲᠠᠭᠠᠳᠬᠠᠯ᠎ᠤᠨ ᠤᠷᠢᠳᠴᠢᠯᠠᠨ ᠦᠭᠬᠦ ᠮᠥᠩᠭᠥ ᠪᠠᠭᠤᠯᠭᠠᠪᠠ
2026-03-16 15:38:20
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠡᠮᠴᠢᠯᠡᠭᠡᠨ᠎ᠤ ᠪᠠᠲᠤᠯᠠᠭ᠎ᠠ᠎ᠵᠢᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠴᠢᠯᠡᠭᠡᠨ᠎ᠦ ᠪᠠᠢᠭᠤᠯᠤᠮᠵᠢ᠎ᠶᠢᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ᠎ᠶᠢᠨ ᠲᠥᠯᠥᠭᠡ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠬᠣᠶᠠᠷ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠵᠢᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠬᠥᠬᠡᠬᠣᠲᠠ ᠣᠷᠣᠨ᠎ᠤ ᠡᠮᠴᠢᠯᠡᠭᠡᠨ᠎ᠤ ᠪᠠᠢᠭᠤᠯᠤᠮᠵᠢ᠎ᠳᠤ 2 ᠳ᠋ᠦᠩᠰᠢᠭᠤᠷ ᠲᠥᠭᠥᠷᠢᠭ᠎ᠦᠨ ᠡᠮ ᠡᠮᠨᠡᠯᠭᠡ ᠵᠢᠨ ᠲᠠᠭᠠᠳᠬᠠᠯ᠎ᠤᠨ ᠤᠷᠢᠳᠴᠢᠯᠠᠨ ᠦᠭᠬᠦ ᠪᠡᠯᠡ ᠮᠥᠩᠭᠥ ᠲᠥᠪᠯᠡᠷᠡᠭᠦᠯᠦᠨ ᠪᠠᠭᠤᠯᠭᠠᠵᠤ᠂ ᠡᠮᠴᠢᠯᠡᠭᠡᠨ᠎ᠦ ᠪᠠᠢᠭᠤᠯᠤᠮᠵᠢ᠎ᠶᠢᠨ ᠡᠪᠡᠳᠴᠢᠨ ᠦᠵᠡᠭᠦᠯᠵᠦ ᠡᠮᠨᠡᠭᠦᠯᠬᠦ ᠪᠡᠯᠡ ᠮᠥᠩᠭᠥ᠎ᠶᠢ ᠤᠷᠤᠯᠠᠨ ᠦᠭᠭᠦ ᠲᠠᠷᠤᠭᠠᠰᠦ᠎ᠶᠢ ᠪᠦᠲᠦᠮᠵᠢᠲᠡᠶ ᠬᠥᠩᠭᠡᠷᠡᠭᠦᠯᠪᠡ᠃

ᠣᠢᠯᠠᠭᠠᠭᠰᠠᠨ᠎ᠢᠶᠠᠷ᠂ ᠲᠣᠰ ᠤᠳᠠᠭ᠎ᠠ ᠵᠢᠨ ᠪᠠᠭᠤᠯᠭᠠᠭᠰᠠᠨ ᠡᠮ ᠡᠮᠨᠡᠯᠭᠡ ᠵᠢᠨ ᠲᠠᠭᠠᠳᠬᠠᠯ᠎ᠤᠨ ᠤᠷᠢᠳᠴᠢᠯᠠᠨ ᠦᠭᠬᠦ ᠮᠥᠩᠭᠥ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ ᠵᠡᠷᠭᠡ 17 ᠡᠮᠴᠢᠯᠡᠭᠡᠨ᠎ᠦ ᠪᠠᠢᠭᠤᠯᠤᠮᠵᠢ᠎ᠳᠤ ᠬᠣᠯᠪᠣᠭᠳᠠᠵᠤ᠂ ᠰᠢᠨᠵᠢᠯᠡᠬᠦ ᠤᠬᠠᠭᠠᠨᠴᠢ ᠪᠠᠷ ᠲᠥᠰᠥᠭᠡᠯᠡᠨ ᠪᠤᠳᠤᠬᠤ᠂ ᠲᠣᠭᠲᠠᠭᠠᠯ ᠶᠣᠰᠣᠭᠠᠷ ᠪᠠᠭᠤᠯᠭᠠᠬᠤ ᠵᠢ ᠪᠠᠷᠢᠮᠲᠠᠯᠠᠵᠤ᠂ ᠪᠡᠯᠡ ᠮᠥᠩᠭᠥ᠎ᠶᠢ ᠡᠮᠴᠢᠯᠡᠭᠡᠨ᠎ᠤ ᠪᠠᠢᠭᠤᠯᠤᠮᠵᠢ᠎ᠳᠤ ᠰᠢᠭᠤᠳ ᠬᠦᠷᠭᠡᠬᠦ᠎ᠶᠢ ᠦᠨᠡᠨ ᠬᠦ᠌ ᠪᠠᠲᠤᠯᠠᠵᠤ᠂ ᠡᠮ ᠡᠮᠨᠡᠯᠭᠡ᠎ᠶᠢᠨ ᠠᠵᠢᠯ ᠲᠥᠷᠥᠯ᠎ᠦᠨ ᠬᠥᠭᠵᠢᠯᠲᠡ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠭᠰᠡᠨ ᠪᠠᠢᠨ᠎ᠠ᠃

ᠣᠢᠷ᠎ᠠ᠎ᠶᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ ᠵᠢᠨ ᠰᠠᠯᠠᠭ᠎ᠠ ᠮᠥᠴᠢᠷ᠎ᠦᠳ ᠡᠮ ᠡᠮᠨᠡᠯᠭᠡ ᠵᠢᠨ ᠲᠠᠭᠠᠳᠬᠠᠯ᠎ᠤᠨ ᠲᠣᠭᠠᠴᠠᠭ᠎ᠠ ᠬᠢᠬᠦ ᠠᠷᠭ᠎ᠠ ᠮᠠᠶᠢᠭ᠋᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《ᠵᠢᠯ᠎ᠦᠨ ᠡᠬᠢᠨ᠎ᠳᠦ ᠤᠷᠢᠳᠴᠢᠯᠠᠨ ᠦᠭᠬᠦ᠂ ᠡᠳᠦᠷ᠎ᠢᠶᠡᠷ ᠴᠠᠭ ᠲᠤᠬᠠᠢ ᠳ᠋ᠤᠨᠢ ᠪᠠᠭᠤᠯᠭᠠᠬᠤ᠂ ᠰᠠᠷ᠎ᠠ᠎ᠪᠠᠷ ᠳ᠋ᠦᠩᠨᠡᠨ ᠪᠤᠳᠤᠬᠤ᠂ ᠣᠨ᠎ᠢᠶᠠᠷ ᠢᠯᠭᠠᠷᠠᠭᠤᠯᠤᠨ ᠪᠤᠳᠤᠬᠤ》 ᠰᠠᠭᠤᠷᠢ ᠮᠥᠩᠭᠥ᠎ᠶᠢᠨ ᠳ᠋ᠦᠩᠨᠡᠨ ᠪᠤᠳᠤᠬᠤ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠷᠢᠳᠴᠢᠯᠠᠨ ᠥᠭᠬᠦ ᠮᠥᠩᠭᠥ᠂ DIP ᠡᠷᠭᠢᠯᠲᠡ᠎ᠶᠢᠨ ᠮᠥᠩᠭᠥ᠂ ᠡᠮ᠎ᠦᠨ ᠵᠦᠢᠯ᠎ᠦᠨ ᠬᠣᠷᠣᠭᠳᠠᠯ ᠮᠠᠲᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠦ ᠣᠷᠣᠯᠠᠨ ᠦᠭᠭᠦ ᠪᠡᠯᠡ ᠮᠥᠩᠭᠥ ᠵᠡᠷᠭᠡ ᠳᠡᠮᠵᠢᠬᠦ ᠠᠷᠭ᠎ᠠ ᠬᠡᠮᠵᠢᠶ᠎ᠡ᠎ᠶᠢ ᠨᠢᠭᠡᠳᠦᠯᠲᠡᠢ ᠲᠥᠯᠥᠪᠯᠡᠨ ᠨᠠᠢᠳᠠᠪᠤᠷᠢᠵᠢᠭᠤᠯᠵᠤ᠂ ᠡᠮ ᠡᠮᠨᠡᠯᠭᠡ ᠵᠢᠨ ᠲᠠᠭᠠᠳᠬᠠᠯ᠎ᠤᠨ ᠤᠷᠢᠳᠴᠢᠯᠠᠨ ᠥᠭᠬᠦ ᠬᠡᠪᠴᠢᠶ᠎ᠡ᠎ᠶᠢ 2.5 ᠰᠠᠷ᠎ᠠ᠎ᠳᠤ ᠬᠦᠷᠦᠭᠦᠯᠵᠦ᠂ ᠪᠠᠢᠩᠭᠤᠵᠢᠭᠰᠡᠨ᠂ ᠪᠥᠬᠥ ᠶᠠᠪᠤᠴᠠ ᠵᠢᠨ ᠪᠡᠯᠡ ᠮᠥᠩᠭᠥ᠎ᠶᠢᠨ ᠪᠠᠲᠤᠯᠠᠭ᠎ᠠ᠎ᠶᠢᠨ ᠲᠤᠯᠭᠠᠭᠤᠷᠢᠯᠠᠯ᠎ᠢ ᠪᠦᠷᠢᠯᠳᠦᠭᠦᠯᠪᠡ᠃

ᠡᠮ ᠡᠮᠨᠡᠯᠭᠡ ᠵᠢᠨ ᠲᠠᠭᠠᠳᠬᠠᠯ᠎ᠤᠨ ᠤᠷᠢᠳᠴᠢᠯᠠᠨ ᠦᠭᠬᠦ ᠲᠣᠭᠲᠠᠴᠠ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠪᠣᠯ ᠡᠮᠴᠢᠯᠡᠭᠡᠨ᠎ᠤ ᠪᠠᠲᠤᠯᠠᠭ᠎ᠠ᠎ᠵᠢᠨ ᠰᠠᠯᠠᠭ᠎ᠠ ᠮᠥᠴᠢᠷ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠳᠠᠭᠠᠳᠬᠠᠯ᠎ᠤᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠬᠤ᠌ ᠬᠠᠢ ᠵᠢᠤᠸᠠᠨ᠄ 《ᠪᠢᠳᠠ ᠰᠠᠭᠤᠷᠢ ᠮᠥᠩᠭᠥ᠎ᠶᠢ ᠪᠠᠭᠤᠯᠭᠠᠨ ᠬᠡᠷᠡᠭᠯᠡᠭᠦᠯᠬᠦ ᠲᠣᠭᠲᠠᠴᠠ᠎ᠶᠢ ᠦᠷᠭᠦᠯᠵᠢᠯᠡᠨ ᠪᠦᠷᠢᠨᠰᠢᠭᠦᠯᠵᠦ᠂ ᠪᠡᠯᠡ ᠮᠥᠩᠭᠥ᠎ᠶᠢᠨ ᠪᠠᠲᠤᠯᠠᠭ᠎ᠠ᠎ᠶᠢᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠨᠡᠩ ᠣᠨᠣᠴᠠᠳᠠᠢ᠂ ᠨᠡᠩ ᠥᠨᠳᠥᠷ ᠪᠦᠲᠦᠮᠵᠢᠲᠡᠢ᠂ ᠨᠡᠩ ᠬᠦᠴᠦᠲᠡᠢ ᠳᠡᠮᠵᠢᠯᠭᠡ᠎ᠪᠡᠷ ᠡᠮᠴᠢᠯᠡᠭᠡᠨ᠎ᠤ ᠪᠠᠢᠭᠤᠯᠤᠮᠵᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠦ᠂ ᠠᠷᠠᠳ ᠤᠯᠠᠨ᠎ᠤ ᠡᠷᠡᠭᠦᠯ ᠮᠡᠨᠳᠦ᠎ᠶᠢ ᠰᠠᠬᠢᠨ ᠬᠠᠮᠠᠭᠠᠯᠠᠬᠤ᠎ᠳᠤ ᠨᠡᠩ ᠪᠠᠲᠤ ᠪᠡᠬᠢ ᠪᠠᠲᠤᠯᠠᠭ᠎ᠠ ᠬᠠᠩᠭᠠᠨ᠎ᠠ》 ᠬᠡᠵᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号