ᠨᠡᠢᠭᠡᠮ᠎ᠦᠨ ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ 《ᠴᠠᠭᠠᠨ ᠳᠠᠩᠰᠠ》 ᠵᠢ ᠨᠡᠢᠲᠡᠯᠡᠪᠡ
2026-03-16 17:32:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠡᠯᠪᠡᠷᠢᠴᠢ ᠦᠵᠡᠯ᠎ᠢ ᠤᠯᠠᠮ ᠴᠢᠨᠠᠭᠰᠢᠳᠠ ᠴᠡᠭᠴᠡᠯᠡᠨ ᠵᠠᠰᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠪᠤᠰᠤ ᠳᠠᠷᠤᠭᠠᠰᠤ᠎ᠶᠢ ᠬᠥᠩᠭᠡᠷᠡᠭᠦᠯᠬᠦ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠣᠢᠷ᠎ᠠ᠎ᠳᠤ 《2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠶᠢᠨ ᠨᠡᠢᠭᠡᠮ᠎ᠦᠨ ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠴᠠᠭᠠᠨ ᠳᠠᠩᠰᠠ 《(ᠳᠣᠷᠣᠭ᠍ᠰᠢ 《ᠴᠠᠭᠠᠨ ᠳᠠᠩᠰᠠ》 ᠭᠡᠵᠦ ᠲᠣᠪᠴᠢᠯᠠᠨ᠎ᠠ) ᠵᠢ  ᠵᠢᠩᠬᠢᠨᠢ᠎ᠪᠡᠷ ᠨᠡᠢᠲᠡᠯᠡᠵᠦ᠂ ᠣᠷᠣᠬᠤ ᠵᠥᠪᠰᠢᠶᠡᠷᠡᠯ᠎ᠢ ᠴᠢᠩᠳᠠᠯᠠᠬᠤ᠂ ᠶᠠᠪᠤᠴᠠ᠎ᠶᠢ ᠵᠢᠷᠤᠮᠵᠢᠭᠤᠯᠬᠤ᠂ ᠬᠢᠨᠠᠯᠲᠠ ᠲᠠᠯᠪᠢᠬᠤ᠎ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠰᠤᠷᠭᠠᠭᠤᠯᠢ᠎ᠶᠢᠨ ᠬᠦᠷᠢᠶᠡᠨ᠎ᠦ ᠠᠵᠢᠯᠯᠠᠭ᠎ᠠ᠎ᠳᠤ ᠰᠢᠨ᠎ᠡ ᠲᠣᠭᠲᠠᠭᠠᠯ ᠭᠠᠷᠭᠠᠵᠤ᠂ ᠰᠤᠷᠭᠠᠭᠤᠯᠢ ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠡᠮᠬᠢ ᠳᠢᠭ᠌ᠯᠢᠮ᠎ᠢ ᠦᠨᠡᠨ ᠬᠦ᠌ ᠪᠠᠲᠤᠯᠠᠪᠠ᠃

《ᠴᠠᠭᠠᠨ ᠳᠠᠩᠰᠠ》 ᠵᠢᠨ ᠳᠦᠷᠢᠮ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠠᠴᠠ ᠳᠤᠮᠳᠠᠳᠤ ᠪᠠᠭ᠎ᠠ ᠰᠤᠷᠭᠠᠭᠤᠯᠢ ᠪᠠ ᠪᠠᠭ᠍ᠰᠢ᠎ᠳᠤ ᠬᠣᠯᠪᠣᠭᠳᠠᠬᠤ ᠨᠡᠢᠭᠡᠮ᠎ᠦᠨ ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠵᠦᠢᠯᠡᠰ᠎ᠢ ᠪᠥᠬᠥ ᠲᠠᠯ᠎ᠠ᠎ᠪᠠᠷ ᠡᠮᠬᠢᠯᠡᠵᠦ᠂ ᠨᠠᠷᠢᠨ ᠳᠠᠩᠰᠠᠨ᠎ᠳᠤ ᠣᠷᠣᠭᠤᠯᠤᠭᠰᠠᠨ ᠦᠭᠡᠢ ᠵᠦᠢᠯᠡᠰ᠎ᠢ ᠵᠠᠷᠴᠢᠮ ᠳᠡᠭᠡᠷ᠎ᠡ᠎ᠪᠡᠨ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠵᠤ ᠪᠣᠯᠬᠤ ᠦᠭᠡᠢ᠃ ᠨᠠᠷᠢᠨ ᠳᠠᠩᠰᠠᠨ᠎ᠳᠤ᠂ ᠠᠳᠠᠯᠢ ᠨᠢᠭᠡᠨ ᠵᠦᠢᠯᠡᠰ᠎ᠢ ᠨᠢᠭᠡ ᠵᠢᠯ᠎ᠦᠨ ᠳᠣᠲᠣᠷ᠎ᠠ ᠠᠳᠠᠯᠢ ᠨᠢᠭᠡ ᠰᠤᠷᠭᠠᠭᠤᠯᠢ ᠎ᠳᠦ ᠨᠢᠭᠡ ᠯᠡ ᠤᠳᠠᠭ᠎ᠠ ᠦᠷᠨᠢᠭᠦᠯᠭᠦ᠎ᠶᠢ ᠵᠥᠪᠰᠢᠶᠡᠷᠡᠵᠦ᠂ ᠰᠤᠷᠭᠠᠭᠤᠯᠢ᠎ᠳᠤ ᠳᠠᠬᠢᠨ ᠳᠠᠪᠲᠠᠨ ᠣᠷᠣᠬᠤ᠎ᠶᠢ ᠴᠢᠩᠭ᠎ᠠ ᠴᠠᠭᠠᠵᠠᠯᠠᠬᠤ ᠬᠡᠷᠡᠭᠳᠡᠢ; ᠰᠤᠷᠭᠠᠭᠤᠯᠢ ᠨᠢᠭᠡᠪᠦᠷᠢ ᠎ᠶᠢᠨ ᠰᠤᠷᠤᠯᠭ᠎ᠠ᠎ᠶᠢᠨ ᠬᠤᠭᠤᠴᠠᠭ᠎ᠠ ᠪᠦᠷᠢ ᠳ᠋ᠡᠬᠢ ᠰᠤᠷᠭᠠᠭᠤᠯᠢ᠎ᠶᠢᠨ ᠬᠦᠷᠢᠶᠡᠨ᠎ᠳᠦ ᠣᠷᠣᠬᠤ ᠡᠯ᠎ᠡ ᠲᠥᠷᠥᠯ᠎ᠦᠨ ᠠᠵᠢᠯᠯᠠᠭ᠎ᠠ᠎ᠶᠢᠨ ᠶᠡᠷᠦᠩᠬᠡᠢ ᠬᠡᠮᠵᠢᠶ᠎ᠡ 6 ᠤᠳᠠᠭ᠎ᠠ᠎ᠠᠴᠠ ᠬᠡᠲᠦᠷᠡᠵᠦ ᠪᠣᠯᠬᠤ ᠦᠭᠡᠢ᠂ ᠬᠡᠪ᠎ᠦᠨ ᠵᠢᠭᠠᠨ ᠰᠤᠷᠭᠠᠯᠲᠠ᠎ᠶᠢ ᠬᠠᠷᠰᠢᠯᠠᠬᠤ ᠶᠠᠪᠤᠳᠠᠯ᠎ᠢ ᠡᠬᠢ ᠡᠭᠦᠰᠦᠯ᠎ᠡᠴᠡ ᠨᠢ ᠪᠠᠭᠠᠰᠬᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃

ᠠᠵᠢᠯᠯᠠᠭ᠎ᠠ ᠣᠨᠳᠣᠣᠰᠢᠵᠦ ᠪᠠᠭ᠍ᠰᠢ ᠎ᠶᠢᠨ ᠳᠠᠷᠤᠭᠠᠰᠤ ᠪᠤᠯᠬᠤ ᠡᠴᠡ ᠵᠠᠢᠯᠠᠰᠬᠢᠬᠦ᠎ᠶᠢᠨ ᠲᠥᠯᠥᠭᠡ᠂ 《ᠴᠠᠭᠠᠨ ᠳᠠᠩᠰᠠ》 ᠳ᠋ᠤ ᠰᠠᠢᠨ ᠳᠤᠷ᠎ᠠ ᠡᠴᠡ ᠪᠡᠨ ᠣᠷᠣᠯᠴᠠᠬᠤ ᠵᠠᠷᠴᠢᠮ᠎ᠢ ᠴᠢᠬᠤᠯᠠᠴᠢᠯᠠᠵᠤ᠂ ᠠᠯᠪᠠᠳᠠᠯᠭ᠎ᠠ᠎ᠪᠡᠷ ᠱᠠᠭᠠᠷᠳᠠᠬᠤ᠂ ᠨᠡᠷᠡᠰ᠎ᠦᠨ ᠵᠢᠭ᠍ᠰᠠᠭᠠᠯᠲᠠ᠎ᠶᠢ ᠰᠢᠯᠭᠠᠨ ᠬᠢᠨᠠᠬᠤ ᠪᠤᠶᠤ ᠱᠠᠲᠤ ᠱᠠᠲᠤ᠎ᠪᠠᠷ ᠰᠢᠯᠢᠨ ᠰᠣᠩᠭᠣᠬᠤ᠎ᠶᠢ ᠴᠠᠭᠠᠵᠠᠯᠠᠬᠤ᠎ᠶᠢᠨ ᠬᠠᠮᠲᠤ ᠠᠵᠢᠯᠯᠠᠭ᠎ᠠ᠎ᠶᠢᠨ ᠶᠠᠪᠤᠴᠠ ᠵᠢ ᠳᠥᠭᠥᠮᠴᠢᠯᠡᠵᠦ᠂ ᠬᠡᠲᠦᠷᠬᠡᠢ ᠣᠷᠣᠮ ᠦᠯᠡᠳᠡᠭᠡᠬᠦ᠎ᠶᠢ  ᠬᠣᠷᠢᠭ᠍ᠯᠠᠵᠤ᠂ ᠬᠠᠮᠢᠶ᠎ᠠ ᠪᠦᠬᠦᠢ ᠠᠵᠢᠯᠯᠠᠭ᠎ᠠ᠎ᠶᠢ ᠰᠢᠯᠢᠳᠡᠭ ᠪᠠ ᠲᠡᠷᠢᠭᠦᠨ᠎ᠦ ᠬᠢ᠎ᠶᠢ ᠰᠢᠯᠭᠠᠷᠠᠭᠤᠯᠬᠤ᠂ ᠰᠢᠯᠭᠠᠨ ᠬᠢᠨᠠᠵᠤ ᠦᠨᠡᠯᠡᠬᠦ ᠯᠦ᠍ᠭᠡ ᠬᠣᠯᠪᠣᠭᠳᠠᠭᠤᠯᠬᠤ᠎ᠶᠢ ᠴᠢᠩᠭ᠎ᠠ ᠴᠠᠭᠠᠵᠠᠯᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠄ 《ᠳᠠᠷᠤᠭᠠᠰᠤ᠎ᠶᠢ ᠬᠥᠩᠭᠡᠷᠡᠭᠦᠯᠬᠦ᠎ᠶᠢᠨ ᠵᠠᠩᠭᠢᠯᠠᠭ᠎ᠠ ᠨᠢ ᠪᠠᠭ᠍ᠰᠢ᠎ᠶᠢ ᠵᠢᠭᠠᠨ ᠰᠤᠷᠭᠠᠯᠲᠠ᠎ᠶᠢᠨ ᠲᠤᠬᠠᠢᠯᠠᠭᠰᠠᠨ ᠠᠵᠢᠯ ᠳ᠋ᠤᠨᠢ ᠪᠤᠴᠠᠭᠠᠵᠤ᠂ ᠬᠡᠯᠪᠡᠷᠢᠴᠢ ᠦᠵᠡᠯ᠎ᠦᠨ ᠣᠶᠤᠨ ᠴᠢᠳᠠᠯ᠎ᠢ ᠬᠤᠷᠤᠬᠳᠠᠭᠤᠯᠬᠤ᠎ᠠᠴᠠ ᠵᠠᠢᠯᠠᠰᠬᠢᠬᠦ᠎ᠳᠦ ᠪᠠᠢᠨ᠎ᠠ》 ᠭᠡᠪᠡ᠃

ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠥᠪᠥᠷ ᠮᠣᠩᠭᠣᠯ ᠡᠯ᠎ᠡ ᠭᠠᠵᠠᠷ᠎ᠤᠨ ᠬᠢᠨ᠎ᠢ ᠨᠡᠢᠭᠡᠮ᠎ᠦᠨ ᠬᠡᠷᠡᠭ ᠶᠠᠪᠤᠳᠠᠯ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠵᠥᠪᠰᠢᠶᠡᠷᠡᠬᠦ ᠪᠠ ᠮᠡᠳᠡᠭᠦᠯᠦᠨ ᠬᠢᠨᠠᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠪᠣᠶ ᠪᠦᠬᠦᠢ ᠬᠡᠷᠡᠭ ᠶᠠᠪᠤᠳᠠᠯ᠎ᠢ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ᠎ᠤ ᠳᠠᠷᠠᠭ᠎ᠠ ᠰᠠᠶᠢ ᠬᠡᠷᠡᠭᠵᠢᠭᠦᠯᠵᠦ ᠪᠣᠯᠣᠨ᠎ᠠ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号