ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ 2026 ᠣᠨ᠎ᠳᠤ 204 ᠬᠥᠮᠥᠨ ᠡᠯᠰᠡᠨ᠎ᠡ
2026-03-16 17:39:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠵᠢᠨ ᠬᠢᠨ 2026 ᠣᠨ ᠳ᠋ᠤ《ᠵᠠᠭᠤᠨ ᠳ᠋ᠣᠺᠲ᠋ᠣᠷ》᠎ᠤᠨ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠯᠪᠠᠨ ᠵᠠᠷᠯᠠᠯ ᠨᠡᠢᠳᠡᠯᠡᠪᠡ᠃ ᠤᠢᠯᠠᠭᠠᠭᠰᠠᠨ ᠵᠢᠡᠷ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ 2026 ᠣᠨ ᠳ᠋ᠤ ᠨᠡᠢᠭᠡᠮ ᠨᠡᠢᠲᠡ᠎ᠳᠦ ᠬᠠᠨᠳᠤᠭᠤᠯᠤᠨ ᠳ᠋ᠣᠺᠲ᠋ᠣᠷ ᠴᠣᠯᠠ ᠪᠦᠬᠦᠢ ᠲᠤᠰᠬᠠᠢ ᠪᠠᠭ᠍ᠰᠢ᠎ᠶᠢᠨ ᠠᠵᠢᠯ᠎ᠤᠨ ᠪᠠᠢᠷᠢ᠎ᠶᠢᠨ ᠵᠠᠯᠠᠭᠤ ᠴᠢᠳᠠᠪᠤᠷᠢᠲᠠᠨ᠎ᠢ 204 ᠬᠦᠮᠦᠨ ᠣᠷᠣᠭᠤᠯᠤᠨ ᠠᠪᠴᠢᠷᠠᠬᠤ᠎ᠪᠠᠷ ᠲᠥᠯᠥᠪᠯᠡᠵᠦ ᠪᠣᠶ᠂ ᠠᠵᠢᠯ᠎ᠤᠨ ᠪᠠᠢᠷᠢ᠎ᠶᠢᠨ ᠲᠥᠯᠥᠪᠯᠡᠭᠡ᠎ᠶᠢᠨ ᠲᠣᠭ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ᠎ᠶᠢ 《ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ 2026 ᠣᠨ᠎ᠤ〈ᠵᠠᠭᠤᠨ ᠳ᠋ᠣᠺᠲ᠋ᠣᠷ〉ᠴᠢᠳᠠᠪᠤᠷᠢᠲᠠᠨ ᠣᠷᠣᠭᠤᠯᠤᠨ ᠠᠪᠴᠢᠷᠠᠬᠤ ᠲᠥᠯᠥᠪᠯᠡᠭᠡ᠎ᠶᠢᠨ ᠠᠵᠢᠯ᠎ᠤᠨ ᠪᠠᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠬᠦᠰᠦᠨᠦᠭᠲᠦ》 ᠳ᠋ᠤ ᠨᠠᠷᠢᠨ ᠦᠵᠡᠭᠡᠷᠡᠢ᠂ ᠠᠵᠢᠯ᠎ᠤᠨ  ᠪᠠᠢᠷᠢ᠎ᠶᠢᠨ ᠬᠡᠷᠡᠭᠴᠡᠭᠡ ᠱᠠᠭᠠᠷᠳᠠᠯᠭ᠎ᠠ ᠨᠢ ᠪᠥᠬᠥ ᠵᠢᠯ᠎ᠳᠦ ᠬᠦᠴᠦᠨ᠎ᠲᠠᠢ᠃

ᠵᠠᠷᠯᠠᠯ ᠳ᠋ᠤ ᠨᠡᠢᠳᠡᠯᠡᠭᠰᠡᠨ ᠵᠢᠡᠷ᠂ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠳ᠋ᠤ ᠳᠤᠤᠷᠠᠬᠢ ᠬᠠᠷᠠᠭᠠᠯᠵᠠᠯ ᠦᠵᠡᠬᠦᠯᠦᠨ᠎ᠡ᠄

1. ᠭᠡᠷ ᠡᠷᠦᠭᠡ᠎ᠪᠡᠨ ᠲᠥᠪᠬᠢᠨᠡᠭᠦᠯᠬᠦ ᠮᠥᠩᠭᠥ ᠥᠭᠬᠦᠨ᠎ᠡ;  ᠬᠥᠬᠡᠬᠣᠲᠠ᠎ᠶᠢᠨ ᠳᠡᠭᠡᠳᠦ ᠲᠠᠰ᠎ᠤᠨ ᠴᠢᠳᠠᠪᠤᠷᠢᠲᠠᠨ᠎ᠤ ᠨᠡᠶ᠋ᠢᠲᠡ᠎ᠶᠢᠨ ᠪᠠᠢᠷᠢ᠎ᠶᠢ ᠭᠤᠶᠤᠴᠢᠯᠠᠬᠤ᠎ᠳᠤ ᠳᠡᠮᠵᠢᠬᠦ ᠪᠤᠶᠤ ᠰᠤᠷᠭᠠᠭᠤᠯᠢ᠎ᠶᠢᠨ ᠳᠣᠲᠣᠷᠠᠬᠢ ᠳ᠋ᠣᠺᠲ᠋ᠣᠷ᠎ᠤᠨ ᠨᠡᠶ᠋ᠢᠲᠡ᠎ᠶᠢᠨ ᠪᠠᠢᠷᠢ᠎ᠶᠢ ᠬᠠᠩᠭᠠᠨ᠎ᠠ᠃

2. ᠰᠢᠨᠵᠢᠯᠡᠬᠦ ᠤᠬᠠᠭᠠᠨ᠎ᠤ ᠰᠤᠳᠤᠯᠭᠠᠨ᠎ᠢ ᠡᠬᠢᠯᠡᠭᠦᠯᠬᠦ ᠵᠠᠷᠤᠳᠠᠯ᠎ᠢ ᠬᠠᠩᠭᠠᠨ᠎ᠠ; ᠬᠤᠪᠢ ᠬᠥᠮᠥᠨ᠎ᠦ ᠰᠢᠨᠵᠢᠯᠡᠭᠡᠨ᠎ᠦ ᠰᠠᠯᠠᠭ᠎ᠠ᠎ᠶᠢᠨ ᠴᠢᠭᠯᠡᠯ ᠪᠠ ᠲᠤᠰᠬᠠᠢ ᠮᠡᠷᠭᠡᠵᠢᠯ᠎ᠦᠨ ᠣᠨᠴᠠᠯᠢᠭ᠋᠎ᠢ ᠦᠨᠳᠦᠰᠦᠯᠡᠨ᠂ ᠪᠦᠯᠬᠦᠮ᠎ᠤᠨ ᠬᠥᠮᠥᠵᠢᠬᠦᠯᠥᠯ᠎ᠳᠦ ᠣᠷᠣᠭᠤᠯᠤᠨ᠎ᠠ; ᠠᠰᠫᠢᠷᠠᠨᠲ᠎ᠤᠨ ᠵᠢᠯᠣᠭᠣᠳᠤᠭ᠍ᠴᠢ ᠪᠠᠭ᠍ᠰᠢ ᠪᠣᠯᠬᠤ᠎ᠶᠢ ᠳᠡᠮᠵᠢᠵᠦ᠂ ᠰᠣᠷᠣᠭ᠍ᠴᠢ ᠡᠯᠰᠡᠬᠦ ᠲᠥᠯᠥᠪᠯᠡᠭᠡ᠎ᠶᠢ ᠪᠠᠲᠤᠯᠠᠨ᠎ᠠ; ᠬᠡᠷᠡᠭᠴᠡᠭᠡ ᠪᠦᠬᠦᠢ ᠲᠡᠷᠢᠭᠦᠨ᠎ᠦ ᠮᠡᠷᠭᠡᠵᠢᠯ᠎ᠦᠨ ᠬᠡᠮᠵᠢᠭᠦᠷᠯᠢᠭ᠎ᠢ ᠲᠥᠬᠦᠭᠡᠷᠦᠮᠵᠢ ᠬᠤᠳᠠᠯᠳᠤᠨ ᠠᠪᠴᠤ ᠨᠥᠭᠡᠴᠡᠯᠡᠬᠦ ᠬᠥᠮᠥᠷᠭᠡ᠎ᠳᠦ ᠤᠷᠢᠳ ᠵᠢᠠᠷ ᠵᠢᠭ᠍ᠰᠠᠭᠠᠨ ᠣᠷᠣᠭᠤᠯᠤᠨ᠎ᠠ᠃ ᠣᠷᠣᠨ᠎ᠤ ᠳᠣᠲᠣᠷᠠᠬᠢ ᠫᠤᠰᠲ ᠳ᠋ᠣᠺᠲ᠋ᠣᠷ᠎ᠤᠨ ᠥᠷᠲᠡᠭᠡ᠎ᠡᠴᠡ ᠭᠠᠷᠴᠤ ᠥᠪᠦᠷ ᠮᠣᠩᠭᠣᠯ᠎ᠳᠤ ᠦᠯᠡᠳᠡᠵᠦ ᠠᠵᠢᠯ ᠣᠯᠣᠭᠰᠠᠨ ᠪᠠᠢᠪᠠᠯ᠂ ᠲᠤᠰᠬᠠᠢ ᠵᠦᠢᠯ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠳᠡᠮᠵᠢᠯᠭᠡ ᠦᠵᠡᠭᠦᠯᠦᠨ᠎ᠡ᠃

3. ᠠᠵᠢᠯ ᠦᠢᠯᠡᠰ᠎ᠦᠨ ᠣᠷᠣᠨ ᠲᠣᠭ᠎ᠠ᠎ᠳᠤ ᠣᠷᠣᠭᠤᠯᠵᠤ᠂ 《ᠰᠠᠭᠠᠳ ᠦᠭᠡᠢ ᠨᠡᠪᠲᠡᠷᠡᠬᠦ ᠵᠠᠮ》᠎ᠢᠶᠠᠷ ᠳᠠᠮᠵᠢᠭᠤᠯᠤᠨ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠶᠢᠨ ᠰᠢᠯᠭᠠᠷᠠᠭᠤᠯᠤᠯᠲᠠ᠎ᠳᠤ ᠰᠢᠭᠤᠳ ᠣᠷᠣᠯᠴᠠᠵᠤ ᠪᠣᠯᠣᠨ᠎ᠠ; ᠯᠧᠺᠲ᠋ᠣᠷ᠎ᠤᠨ ᠠᠵᠢᠯ᠎ᠤᠨ ᠪᠠᠢᠷᠢ᠎ᠳ᠋ᠤ ᠤᠷᠢᠨ ᠬᠡᠷᠡᠭᠯᠡᠬᠦ᠎ᠶᠢᠨ ᠬᠠᠮᠲᠤ᠂ ᠳᠡᠳ᠋ ᠫᠷᠤᠹᠧᠰᠰᠤᠷ᠎ᠢᠶᠠᠷ ᠠᠵᠢᠯ᠎ᠤᠨ ᠪᠠᠢᠷᠢ᠎ᠶᠢᠨ ᠠᠮᠵᠢᠯᠲᠠ ᠪᠦᠲᠦᠮᠵᠢ᠎ᠶᠢ ᠨᠢ ᠪᠡᠶᠡᠯᠡᠭᠦᠯᠵᠦ ᠪᠣᠯᠣᠨ᠎ᠠ᠂ ᠨᠥᠬᠥᠴᠡᠯ᠎ᠳᠦ ᠨᠡᠢᠴᠡᠬᠦ ᠰᠢᠯᠢᠳᠡᠭ ᠴᠢᠳᠠᠪᠤᠷᠢᠲᠠᠨ᠎ᠳᠤ ᠣᠨ᠎ᠤ ᠴᠠᠯᠢᠩ᠎ᠤᠨ ᠳᠦᠷᠢᠮ᠎ᠢᠶᠡᠷ ᠣᠯᠭᠣᠮᠵᠢ ᠭᠥᠷᠳᠡᠭᠡᠵᠦ ᠪᠣᠯᠣᠨ᠎ᠠ᠃ ᠠᠬᠠᠯᠠᠭ᠍ᠴᠢ ᠳ᠋ᠣᠺᠲ᠋ᠣᠷ᠎ᠤᠨ ᠪᠠᠭ᠍ᠰᠢ ᠨᠠᠷ ᠥᠷᠲᠡᠭᠡᠨ᠎ᠳᠦ ᠪᠠᠢᠬᠤ ᠬᠤᠭᠤᠴᠠᠭᠠᠨ᠎ᠳᠠᠭᠠᠨ ᠵᠢᠯ᠎ᠦᠨ ᠴᠠᠯᠢᠩ + ᠠᠮᠢᠳᠤᠷᠠᠯ᠎ᠤᠨ ᠨᠥᠬᠥᠪᠦᠷᠢ ᠭᠥᠷᠳᠡᠵᠦ᠂ ᠥᠷᠲᠡᠭᠡᠨ᠎ᠡᠴᠡ ᠭᠠᠷᠤᠭᠰᠠᠨ᠎ᠤ ᠳᠠᠷᠠᠭ᠎ᠠ ᠠᠵᠢᠯ᠎ᠤᠨ ᠣᠷᠣᠨ ᠲᠣᠭ᠎ᠠ᠎ᠳᠤ ᠣᠷᠣᠵᠤ ᠪᠣᠯᠣᠨ᠎ᠠ᠃

4. ᠰᠤᠷᠭᠠᠭᠤᠯᠢ ᠠ᠋ᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠵᠠᠰᠠᠭ᠎ᠤᠨ ᠣᠷᠳᠣᠨ᠎ᠤ ᠢᠵᠢ ᠪᠦᠷᠢᠳᠦᠭᠦᠯᠦᠨ ᠳᠡᠮᠵᠢᠵᠦ ᠪᠠᠲᠤᠯᠠᠬᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ; ᠬᠠᠷᠢᠶᠠᠲᠤ ᠬᠡᠦᠬᠡᠳ᠎ᠦᠨ ᠴᠡᠴᠡᠷᠯᠢᠭ᠂ ᠬᠠᠷᠢᠶᠠᠲᠤ ᠪᠠᠭ᠎ᠠ ᠰᠤᠷᠭᠠᠭᠤᠯᠢ᠎ᠶᠢᠨ ᠰᠤᠷᠭᠠᠭᠤᠯᠢ᠎ᠳᠤ ᠣᠷᠣᠬᠤ ᠵᠢ ᠬᠠᠪᠰᠤᠷᠤᠨ  ᠰᠢᠢᠳᠪᠦᠷᠢᠯᠡᠨ᠎ᠡ;ᠨᠥᠬᠥᠴᠡᠯ᠎ᠳᠦ ᠨᠡᠢᠴᠡᠭᠰᠡᠨ ᠰᠢᠯᠢᠳᠡᠭ ᠴᠢᠳᠠᠪᠤᠷᠢᠲᠠᠨ᠎ᠤ ᠬᠠᠨᠢ ᠨᠥᠭᠦᠷ᠎ᠤᠨ ᠬᠢᠨᠢ ᠠᠵᠢᠯ ᠤᠯᠬᠤ ᠵᠢ ᠰᠢᠢᠳᠪᠦᠷᠢᠯᠡᠵᠦ ᠪᠣᠯᠣᠨ᠎ᠠ᠃

ᠪᠦᠬᠦ ᠠᠭᠤᠯᠭ᠎ᠠ ᠵᠢ ᠳᠤᠤᠷᠠᠬᠢ 《ᠤᠤᠯ ᠵᠤᠬᠢᠶᠠᠯ᠎ᠢ ᠦᠵᠡᠬᠦ》 (《阅读原文》) ᠵᠢ ᠳᠤᠪᠴᠢᠳᠠᠵᠤ ᠦᠵᠡᠭᠡᠷᠠᠢ!

ᠢᠷᠡᠯᠲᠡ᠄ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠴᠢᠳᠠᠪᠤᠷᠢᠲᠠᠨ ᠤᠷᠢᠬᠤ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号