20 ᠭᠠᠷᠤᠢ ᠮᠤᠵᠢ ᠵᠢᠨ ᠤᠯᠤᠰ ᠎ᠤᠨ ᠠᠯᠪᠠᠲᠠᠨ ᠎ᠤ ᠰᠢᠯᠭᠠᠯᠲᠠ ᠡᠬᠢᠯᠡᠯ᠎ᠡ
2026-03-16 17:43:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ 3 ᠰᠠᠷ᠎ᠠ᠎ᠶᠢᠨ 14 ᠎ᠦ ᠡᠳᠦᠷ᠂ ᠴᠦᠩᠴᠢᠩ᠂ ᠭᠢᠷᠢᠨ᠂ ᠱᠠᠨ ᠰᠢ᠂ ᠾᠧᠨᠠᠨ ᠵᠡᠷᠭᠡ 20 ᠭᠠᠷᠤᠶ ᠮᠤᠵᠢ ᠬᠤᠲᠠ ᠲᠣᠰ ᠵᠢᠯ᠎ᠦᠨ ᠠᠯᠪᠠᠲᠠᠨ ᠡᠯᠰᠡᠬᠦ ᠨᠡᠶ᠋ᠢᠲᠡ᠎ᠶᠢᠨ ᠬᠢᠴᠢᠶᠡᠯ᠎ᠦᠨ ᠰᠢᠯᠭᠠᠯᠲᠠ᠎ᠶᠢ ᠵᠡᠷᠭᠡ᠎ᠪᠡᠷ ᠶᠠᠪᠤᠭᠳᠠᠭᠤᠯᠵᠤ ᠡᠬᠢᠯᠡᠪᠠ᠃ ᠲᠣᠰ ᠤᠳᠠᠭᠠᠨ᠎ᠤ ᠬᠠᠮᠲᠤᠷᠠᠭᠰᠠᠨ ᠰᠢᠯᠭᠠᠯᠲᠠ᠎ᠳᠤ ᠬᠣᠶᠠᠷ ᠶᠡᠬᠡ ᠢᠯᠡᠳᠲᠡ ᠬᠤᠪᠢᠷᠠᠯᠲᠠ ᠭᠠᠷᠴᠠᠶ᠃

ᠡᠩ ᠲᠡᠷᠢᠭᠦᠨ᠎ᠳᠦ᠂ ᠡᠯᠰᠡᠬᠦ ᠨᠠᠰᠤᠨ᠎ᠤ ᠱᠠᠭᠠᠷᠳᠠᠯᠭ᠎ᠠ᠎ᠶᠢ ᠨᠡᠶ᠋ᠢᠳᠡᠮ ᠠᠭᠤᠵᠢᠭᠤ ᠲᠠᠯᠪᠢᠪᠠ᠃ ᠡᠯ᠎ᠡ ᠮᠤᠵᠢ ᠤᠷᠤᠨ ᠰᠢᠯᠭᠠᠯᠲᠠ᠎ᠳᠤ ᠨᠡᠷ᠎ᠡ ᠮᠡᠳᠡᠭᠦᠯᠬᠦ ᠨᠠᠰᠤ᠎ᠶᠢ ᠦᠨᠳᠦᠰᠦᠨ᠎ᠳᠡᠭᠡᠨ ᠪᠦᠬᠦᠯᠢ 38 ᠨᠠᠰᠤ᠎ᠠᠴᠠ ᠳᠣᠷᠣᠭ᠍ᠰᠢ ᠪᠣᠯᠲᠠᠯ᠎ᠠ ᠳᠣᠭᠢᠷᠠᠭᠤᠯᠤᠭᠰᠠᠨ᠎ᠤ ᠬᠠᠮᠲᠤ 2026 ᠣᠨ᠎ᠳᠤ ᠠᠰᠫᠢᠷᠠᠨᠲ ᠪᠠ ᠳ᠋ᠣᠺᠲ᠋ᠣᠷᠠᠨᠲ᠎ᠤᠨ ᠨᠠᠰᠤ ᠵᠢᠯ᠎ᠦᠨ ᠱᠠᠭᠠᠷᠳᠠᠯᠭ᠎ᠠ᠎ᠶᠢ ᠪᠦᠬᠦᠯᠢ 43 ᠨᠠᠰᠤ᠎ᠠᠴᠠ ᠳᠣᠷᠣᠭ᠍ᠰᠢ ᠪᠣᠯᠲᠠᠯ᠎ᠠ ᠠᠭᠤᠵᠢᠭᠤ ᠲᠠᠯᠪᠢᠨ᠎ᠠ ᠭᠡᠵᠦ ᠲᠣᠳᠣᠷᠬᠠᠶ ᠲᠣᠭᠲᠠᠭᠠᠵᠠᠶ᠂ ᠡᠨᠡ ᠨᠢ ᠨᠢᠳᠤᠨᠤᠨ᠎ᠤ ᠤᠯᠤᠰ᠎ᠤᠨ ᠠᠯᠪᠠᠲᠠᠨ᠎ᠤ ᠰᠢᠯᠭᠠᠯᠲᠠ᠎ᠶᠢᠨ ᠲᠥᠷᠥ᠎ᠶᠢᠨ ᠪᠣᠳᠣᠯᠭ᠎ᠠ᠎ᠲᠠᠢ ᠬᠣᠯᠪᠣᠯᠳᠤᠵᠤ ᠪᠠᠶ᠋ᠢᠭ᠎ᠠ ᠶᠤᠮ᠃ ᠳᠠᠷᠠᠭᠠᠯᠠᠪᠠᠯ᠂ ᠡᠯᠰᠡᠬᠦ ᠲᠥᠯᠥᠪᠯᠡᠭᠡ᠎ᠶᠢ ᠲᠣᠰ ᠬᠤᠭᠤᠴᠠᠭᠠᠨ᠎ᠤ ᠲᠡᠭᠦᠰᠬᠦ ᠤᠶᠤᠲᠠᠨ ᠪᠠ ᠦᠨᠳᠦᠰᠦᠨ ᠱᠠᠲᠤᠨ᠎ᠤ ᠠᠵᠢᠯ᠎ᠤᠨ ᠪᠠᠶ᠋ᠢᠷᠢ ᠳᠠᠢᠰᠢ ᠦᠷᠭᠦᠯᠵᠢᠯᠡᠨ ᠶᠡᠬᠡ ᠪᠡᠷ ᠬᠡᠯᠪᠡᠶ᠋ᠢᠯᠭᠡᠪᠡ᠃ ᠣᠯᠠᠨ ᠮᠤᠵᠢ ᠣᠷᠣᠨ ᠲᠣᠰ ᠬᠤᠭᠤᠴᠠᠭᠠᠨ᠎ᠤ ᠲᠡᠭᠦᠰᠬᠦ ᠤᠶᠤᠲᠠᠳ᠎ᠲᠤ ᠶᠡᠬᠡ ᠬᠡᠮᠵᠢᠶᠡᠨ᠎ᠦ ᠲᠤᠰᠬᠠᠶ ᠲᠥᠯᠥᠪᠯᠡᠭᠡ ᠬᠠᠩᠭᠠᠭᠰᠠᠨ ᠪᠥᠭᠡᠳ ᠦᠨᠳᠦᠰᠦᠨ ᠱᠠᠲᠤᠨ᠎ᠤ ᠰᠢᠶᠠᠨ (ᠬᠤᠰᠢᠭᠤ) ᠰᠢᠶᠠᠩ ( ᠰᠤᠮᠤ )᠎ᠤᠨ ᠪᠠᠶ᠋ᠢᠭᠤᠯᠭ᠎ᠠ ᠪᠣᠯ ᠲᠣᠰ ᠤᠳᠠᠭᠠᠨ᠎ᠤ ᠡᠯᠰᠡᠬᠦ ᠬᠠᠷᠢᠴᠠᠯᠠᠰᠢ ᠥᠬᠡᠶ ᠭᠤᠤᠯ ᠴᠣᠭᠴᠠ ᠮᠥᠨ᠃ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠰᠢᠯᠵᠢᠬᠦ᠎ᠶᠢ ᠬᠥᠲᠥᠯᠥᠨ ᠵᠢᠯᠣᠭᠣᠳᠬᠤ᠎ᠶᠢᠨ ᠲᠥᠯᠥᠭᠡ᠂ ᠣᠯᠠᠨ ᠭᠠᠵᠠᠷ᠎ᠤᠨ ᠬᠢᠨ ᠪᠠᠷᠢᠮᠵᠢᠶ᠎ᠠ᠎ᠶᠢ ᠳᠣᠷᠣᠭᠰᠢᠯᠠᠭᠤᠯᠬᠤ᠂ ᠬᠠᠨᠳᠤᠯᠭ᠎ᠠ᠎ᠲᠠᠢ᠎ᠪᠠᠷ ᠡᠯᠰᠡᠬᠦ ᠵᠡᠷᠭᠡ ᠠᠷᠭ᠎ᠠ ᠬᠡᠮᠵᠢᠶ᠎ᠡ ᠠᠪᠴᠠᠶ᠃ ᠵᠢᠱ᠌ᠢᠶᠡᠯᠡᠪᠡᠯ᠂ ᠥᠪᠥᠷ ᠮᠣᠩᠭᠣᠯ 《ᠰᠢᠯᠢᠳᠡᠭ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ᠋)᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠦᠵᠢ》 ᠪᠠ 《ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠣᠷᠣᠨ᠎ᠤ ᠠᠵᠢᠯ ᠦᠢᠯᠡᠰ᠎ᠦᠨ ᠣᠷᠣᠨ ᠲᠣᠭᠠᠨ᠎ᠤ ᠠᠵᠢᠯᠲᠠᠨ》 ᠳ᠋ᠤ ᠬᠠᠨᠳᠤᠭᠤᠯᠤᠭᠰᠠᠨ ᠲᠤᠰᠬᠠᠶ ᠲᠤᠰᠢᠶᠠᠯ᠎ᠤᠨ ᠪᠠᠶ᠋ᠢᠷᠢ᠎ᠶᠢ ᠭᠠᠷᠭᠠᠭᠰᠠᠨ ᠪᠥᠭᠡᠳ ᠡᠨᠡ ᠲᠥᠷᠥᠯ᠎ᠦᠨ ᠬᠠᠨᠳᠤᠯᠭ᠎ᠠ᠎ᠲᠠᠢ᠎ᠪᠠᠷ ᠡᠯᠰᠡᠬᠦ ᠰᠢᠯᠭᠠᠯᠲᠠ᠎ᠳᠤ ᠨᠡᠷ᠎ᠡ ᠮᠡᠳᠡᠭᠦᠯᠬᠦ ᠨᠠᠰᠤ᠎ᠶᠢ ᠪᠦᠬᠦᠯᠢ 43 ᠨᠠᠰᠤᠨ᠎ᠠᠴᠠ ᠳᠣᠷᠣᠭ᠍ᠰᠢ ᠪᠣᠯᠲᠠᠯ᠎ᠠ ᠠᠭᠤᠵᠢᠭᠤ ᠲᠠᠯᠪᠢᠪᠠ᠃

ᠬᠣᠯᠪᠣᠭᠳᠠᠯ ᠪᠥᠬᠥᠶ ᠪᠠᠶ᠋ᠢᠭᠤᠯᠤᠮᠵᠢ᠎ᠶᠢᠨ ᠪᠦᠷᠢᠳᠬᠡᠯ᠎ᠢ ᠦᠨᠳᠦᠰᠦᠯᠡᠪᠡᠯ᠂ ᠲᠣᠰ ᠤᠳᠠᠭᠠᠨ᠎ᠤ ᠬᠠᠮᠲᠤᠷᠠᠭᠰᠠᠨ ᠰᠢᠯᠭᠠᠯᠲᠠ᠎ᠪᠡᠷ ᠳᠠᠮᠵᠢᠵᠤ ᠡᠯᠰᠡᠬᠦ ᠪᠡᠷ ᠪᠤᠢ ᠡᠯ᠎ᠡ ᠮᠤᠵᠢ ᠣᠷᠣᠨ᠎ᠤ ᠨᠡᠢᠲᠡ ᠬᠥᠮᠦᠨ᠎ᠦ ᠲᠣᠭ᠎ᠠ 12 ᠲᠦᠮᠡ᠎ᠶᠢ ᠳᠠᠪᠠᠵᠤ᠂ ᠶᠡᠷᠦᠩᠬᠡᠶ ᠬᠡᠪᠴᠢᠶ᠎ᠡ ᠨᠢ ᠥᠩᠭᠡᠷᠡᠭᠰᠡᠨ ᠵᠢᠯ᠎ᠦᠨ ᠬᠢ᠎ᠡᠴᠡ ᠵᠢᠭᠠᠬᠠᠨ ᠪᠠᠭᠠᠰᠪᠠ᠃ ᠭᠡᠪᠡᠴᠦ ᠠᠵᠢᠯ ᠲᠥᠷᠥᠯ᠎ᠦᠨ ᠳᠣᠲᠣᠭᠠᠳᠤ᠎ᠶᠢᠨ ᠲᠤᠰᠬᠠᠶ ᠮᠡᠷᠭᠡᠵᠢᠯᠲᠡᠳ ᠵᠢᠭᠠᠵᠤ ᠭᠠᠷᠭᠠᠭᠰᠠᠨ ᠵᠢᠠᠷ᠂ ᠣᠶ᠋ᠢᠷ᠎ᠠ᠎ᠶᠢᠨ ᠵᠢᠯ᠎ᠳᠦ ᠠᠯᠪᠠᠲᠠᠨ᠎ᠤ ᠰᠢᠯᠭᠠᠯᠲᠠ᠎ᠳᠤ ᠨᠡᠷ᠎ᠡ ᠮᠡᠳᠡᠭᠦᠯᠴᠢᠬᠡᠭᠡᠳ ᠣᠷᠣᠯᠴᠠᠬᠤ ᠦᠭᠡᠶ ᠨᠣᠷᠮ᠎ᠠ ᠢᠯᠡᠳᠲᠡ ᠳᠣᠷᠣᠭᠰᠢᠯᠠᠵᠤ ᠪᠠᠶ᠋ᠢᠨ᠎ᠠ᠂ ᠡᠨᠡ ᠨᠢ ᠰᠢᠯᠭᠠᠯᠲᠠ᠎ᠳᠤ ᠪᠡᠯᠡᠳᠬᠡᠬᠦ ᠬᠠᠮᠲᠤ ᠨᠠᠢᠲᠡ ᠵᠢᠨ ᠨᠡᠩ ᠤᠨᠤᠪᠴᠢᠲᠠᠢ ᠪᠥᠭᠡᠳ ᠡᠷᠡᠰ ᠰᠢᠭᠤᠷᠬᠠᠢ ᠪᠣᠯᠵᠤ ᠪᠠᠶ᠋ᠢᠭ᠎ᠠ᠎ᠶᠢ ᠬᠠᠷᠠᠭᠤᠯᠵᠤ ᠪᠠᠶ᠋ᠢᠨ᠎ᠠ᠃

 ᠢᠷᠡᠯᠲᠡ᠄ ᠳᠤᠮᠳᠠᠳᠤ ᠤᠯᠤᠰ᠎ᠤᠨ ᠰᠤᠨᠢᠨ ᠮᠡᠳᠡᠭᠡᠨ᠎ᠤ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号