ᠰᠤᠷᠪᠤᠯᠵᠢᠯᠠᠭ᠍ᠴᠢ ᠤᠯᠤᠰ ᠤᠨ ᠪᠠᠷᠢᠮᠵᠢᠶ᠎ᠠ
ᠵᠢᠨ ᠵᠥᠪᠯᠡᠯ᠎ᠡᠴᠡ ᠣᠢᠯᠠᠭᠠᠭᠰᠠᠨ᠎ᠢᠶᠠᠷ᠂ 《ᠬᠣᠲᠠ᠎ᠶᠢᠨ ᠵᠢᠮᠲᠦ ᠵᠠᠮ ᠬᠠᠷᠢᠯᠴᠠᠭᠠᠨ᠎ᠤ ᠠᠦ᠋ᠲ᠋ᠣ᠋ ᠠᠵᠢᠯᠯᠠᠭᠠᠨ᠎ᠤ
ᠰᠢᠰᠲᠧᠮ᠎ᠦᠨ ᠨᠡᠢᠳᠡᠮ ᠬᠡᠷᠡᠭᠯᠡᠬᠦ ᠮᠡᠷᠭᠡᠵᠢᠯ᠎ᠦᠨ ᠨᠥᠬᠥᠴᠡᠯ 》 ᠦᠨ ᠤᠯᠤᠰ᠎ᠤᠨ ᠪᠠᠷᠢᠮᠵᠢᠶ᠎ᠠ ᠵᠢᠩᠬᠢᠨᠢ᠎ᠪᠡᠷ
ᠬᠡᠷᠡᠭᠵᠢᠭᠦᠯᠦᠭᠳᠡᠪᠡ᠃ ᠲᠣᠰ ᠪᠠᠷᠢᠮᠵᠢᠶ᠎ᠠ ᠨᠢ ᠭᠠᠯᠲᠤ ᠲᠡᠷᠭᠡ ᠶᠢ ᠠᠮᠤᠷ ᠲᠦᠪᠰᠢᠨ ᠠᠶᠠᠯᠠᠭᠤᠯᠬᠤ᠂ ᠠᠶᠠᠨᠴᠢᠳ᠎ᠤᠨ
ᠲᠡᠷᠭᠡᠨ᠎ᠳᠦ ᠰᠠᠭᠤᠵᠤ ᠪᠠᠭᠤᠬᠤ᠎ᠳᠤ ᠬᠢᠨᠠᠯᠲᠠ ᠲᠠᠯᠪᠢᠬᠤ᠂ ᠪᠠᠴᠢᠮ ᠪᠠᠢᠳᠠᠯ᠎ᠢ ᠪᠠᠢᠴᠠᠭᠠᠨ ᠰᠢᠯᠭᠠᠬᠤ ᠪᠠ ᠰᠢᠢᠳᠪᠦᠷᠢᠯᠡᠬᠦ᠂
ᠠᠯᠤᠰ ᠡᠵᠡᠮᠰᠢᠯ ᠵᠡᠷᠭᠡ ᠶᠢᠰᠦᠨ ᠲᠠᠯ᠎ᠠ᠎ᠠᠴᠠ ᠬᠠᠮᠢᠶ᠎ᠠ ᠪᠦᠬᠦᠢ ᠮᠡᠷᠭᠡᠵᠢᠯ᠎ᠦᠨ ᠱᠠᠭᠠᠷᠳᠠᠯᠭ᠎ᠠ᠎ᠶᠢ ᠲᠣᠳᠣᠷᠬᠠᠢᠯᠠᠵᠤ᠂
ᠠᠦ᠋ᠲ᠋ᠣ᠋ ᠠᠵᠢᠯᠯᠠᠭᠠᠨ᠎ᠤ ᠰᠢᠰᠲᠧᠮ᠎ᠦᠨ ᠪᠦᠲᠦᠴᠡ᠂ ᠴᠢᠳᠠᠮᠵᠢ᠂ ᠵᠠᠯᠭᠠᠰᠤ ᠨᠢᠭᠡᠳᠦᠯ ᠦᠭᠡᠢ ᠪᠠᠢᠬᠤ ᠠᠰᠠᠭᠤᠳᠠᠯ᠎ᠢ
ᠰᠢᠢᠳᠪᠦᠷᠢᠯᠡᠵᠦ᠂ ᠥᠩᠭᠡᠷᠡᠭᠰᠡᠨ᠎ᠦ ᠡᠯ᠎ᠡ ᠱᠤᠭᠤᠮ᠎ᠤᠨ 《ᠲᠣᠰ ᠲᠣᠰ᠎ᠲᠠᠭᠠᠨ ᠠᠵᠢᠯᠯᠠᠬᠤ》 ᠪᠠᠢᠳᠠᠯ᠎ᠢ ᠡᠪᠳᠡᠵᠦ᠂
ᠠᠦ᠋ᠲ᠋ᠣ᠋ ᠠᠵᠢᠯᠯᠠᠭᠠᠨ᠎ᠤ ᠰᠢᠰᠲᠧᠮ᠎ᠦᠨ ᠵᠢᠷᠤᠵᠤ ᠲᠥᠯᠥᠪᠯᠡᠬᠦ᠂ ᠨᠡᠭᠡᠭᠡᠨ ᠬᠥᠭᠵᠢᠭᠦᠯᠬᠦ᠂ ᠰᠢᠯᠭᠠᠬᠤ ᠵᠢᠴᠢ
ᠬᠠᠮᠠᠭᠠᠯᠠᠬᠤ᠎ᠳᠤ ᠨᠢᠭᠡᠳᠦᠯᠲᠡᠢ ᠮᠡᠷᠭᠡᠵᠢᠯ᠎ᠦᠨ ᠵᠢᠷᠤᠮᠵᠢᠯ ᠬᠠᠩᠭᠠᠪᠠ᠃
ᠮᠠᠨ᠎ᠤ ᠤᠯᠤᠰ᠎ᠤᠨ ᠬᠣᠲᠠ᠎ᠶᠢᠨ ᠵᠢᠮᠳᠤ
ᠵᠠᠮ ᠬᠠᠷᠢᠯᠴᠠᠭᠠᠨ᠎ᠤ ᠠᠦ᠋ᠲ᠋ᠣ᠋ ᠠᠵᠢᠯᠯᠠᠭᠠᠨ᠎ᠤ ᠬᠦᠷᠢᠶᠡᠨ᠎ᠦ ᠠᠩᠬᠠᠳᠠᠭ᠍ᠴᠢ ᠤᠯᠤᠰ᠎ᠤᠨ ᠪᠠᠷᠢᠮᠵᠢᠶ᠎ᠠ ᠪᠣᠯᠤᠭᠰᠠᠨ᠎ᠤ
ᠬᠤᠪᠢ᠎ᠳᠤ᠂ ᠮᠠᠨ᠎ᠤ ᠤᠯᠤᠰ᠎ᠤᠨ ᠣᠶᠤᠨᠴᠢ ᠬᠣᠲᠠ᠎ᠶᠢᠨ ᠵᠢᠮᠳᠤ ᠵᠠᠮ᠎ᠤᠨ ᠪᠦᠲᠦᠭᠡᠨ ᠪᠠᠢᠭᠤᠯᠤᠯᠲᠠ᠎ᠳᠤ ᠮᠡᠷᠭᠡᠵᠢᠯ᠎ᠦᠨ
ᠦᠨᠳᠦᠰᠦᠯᠡᠯ ᠬᠠᠩᠭᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠮᠡᠷᠭᠡᠵᠢᠯ᠎ᠦᠨ ᠬᠡᠯᠡ ᠪᠣᠯᠵᠤ᠂ ᠮᠠᠨ᠎ᠤ ᠤᠯᠤᠰ᠎ᠤᠨ
ᠳᠡᠭᠡᠳᠦ ᠲᠠᠰ᠎ᠤᠨ ᠲᠣᠨᠣᠭᠯᠠᠯ᠎ᠤᠨ ᠭᠠᠳᠠᠭᠠᠳᠤ ᠳᠦ ᠭᠠᠷᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠪᠡ᠃
ᠲᠦᠷᠦᠭᠦᠬᠡᠨ᠂ ᠮᠠᠨ᠎ᠤ ᠤᠯᠤᠰ᠎ᠤᠨ ᠬᠣᠲᠠ᠎ᠶᠢᠨ ᠵᠢᠮᠳᠤ ᠵᠠᠮ ᠬᠠᠷᠢᠯᠴᠠᠭᠠᠨ᠎ᠤ ᠳᠣᠬᠢᠶᠠᠨ᠎ᠤ ᠰᠢᠰᠲᠧᠮ᠎ᠦᠨ ᠬᠤᠷᠠᠮᠠᠯ᠎ᠤᠨ
ᠬᠤᠳᠠᠯᠳᠤᠭᠠᠴᠢᠨ ᠣᠯᠠᠨ ᠤᠯᠤᠰ ᠤᠨ ᠲᠦᠷᠦᠯ ᠵᠦᠢᠯ ᠦᠨ ᠳᠠᠭᠠᠭᠠᠴᠢᠯᠠᠯᠲᠠ ᠥᠷᠢᠰᠦᠯᠳᠦᠬᠦ ᠳᠦ ᠣᠷᠣᠯᠴᠠᠬᠤ᠎ᠳᠠᠭᠠᠨ᠂
《ᠬᠣᠲᠠ᠎ᠶᠢᠨ ᠵᠢᠮᠳᠤ ᠵᠠᠮ ᠬᠠᠷᠢᠯᠴᠠᠭᠠᠨ᠎ᠤ ᠠᠦ᠋ᠲ᠋ᠣ᠋ ᠠᠵᠢᠯᠯᠠᠭᠠᠨ᠎ᠤ ᠰᠢᠰᠲᠧᠮ᠎ᠦᠨ ᠨᠡᠢᠳᠡᠮ ᠬᠡᠷᠡᠭᠯᠡᠬᠦ
ᠮᠡᠷᠭᠡᠵᠢᠯ᠎ᠦᠨ ᠨᠥᠬᠥᠴᠡᠯ》 ᠳ᠋ᠦ ᠲᠦᠰᠢᠭᠯᠡᠨ ᠭᠠᠳᠠᠭᠠᠳᠤ᠎ᠶᠢᠨ ᠥᠮᠴᠢᠲᠡᠨ᠎ᠳᠦ ᠮᠠᠨ᠎ᠤ ᠤᠯᠤᠰ᠎ᠤᠨ ᠬᠣᠲᠠ᠎ᠶᠢᠨ
ᠵᠢᠮᠳᠤ ᠵᠠᠮ ᠬᠠᠷᠢᠯᠴᠠᠭᠠᠨ᠎ᠤ ᠠᠦ᠋ᠲ᠋ᠣ᠋ ᠠᠵᠢᠯᠯᠠᠭᠠᠨ᠎ᠤ ᠮᠡᠷᠭᠡᠵᠢᠯ᠎ᠦᠨ ᠠᠮᠤᠷ ᠲᠦᠪᠰᠢᠨ ᠴᠢᠨᠠᠷ᠂ ᠵᠢᠷᠤᠮᠵᠢᠯᠳᠤ
ᠴᠢᠨᠠᠷ ᠪᠠ ᠪᠣᠯᠪᠠᠰᠤᠷᠠᠩᠭᠤᠢ᠎ᠶᠢᠨ ᠬᠡᠮᠵᠢᠶ᠎ᠡ᠎ᠶᠢ ᠳᠡᠯᠭᠡᠨ ᠦᠵᠡᠭᠦᠯᠵᠦ᠂ ᠠᠦ᠋ᠰᠲᠷᠠᠯᠢᠶ᠎ᠠ᠎ᠶᠢᠨ ᠰᠢᠳ᠋ᠨᠢ᠎ᠶᠢᠨ
ᠭᠠᠵᠠᠷ ᠳᠣᠣᠷᠠᠬᠢ ᠲᠡᠮᠦᠷ ᠵᠠᠮ᠎ᠤᠨ ᠪᠠᠷᠠᠭᠤᠨ ᠱᠤᠭᠤᠮ᠎ᠤᠨ ᠠᠦ᠋ᠲ᠋ᠣ᠋ ᠠᠵᠢᠯᠯᠠᠭᠠᠨ᠎ᠤ ᠰᠢᠰᠲᠧᠮ᠎ᠦᠨ ᠢᠨᠵᠧᠨᠧᠷᠢᠩ᠎ᠦᠨ
ᠲᠥᠷᠥᠯ ᠵᠦᠢᠯ᠎ᠳᠦ ᠠᠮᠵᠢᠯᠲᠠ᠎ᠲᠠᠢ ᠭᠡᠷ᠎ᠡ ᠲᠣᠭᠲᠠᠵᠤ᠂ ᠪᠠᠷᠢᠮᠵᠢᠶᠠᠵᠢᠭᠤᠯᠤᠯᠲᠠ᠎ᠪᠠᠷ ᠮᠠᠨ᠎ᠤ ᠤᠯᠤᠰ᠎ᠤᠨ ᠳᠡᠭᠡᠳᠦ
ᠲᠠᠰ᠎ᠤᠨ ᠲᠣᠨᠣᠭᠯᠠᠯ᠎ᠤᠨ ᠭᠠᠳᠠᠭᠠᠳᠤ᠎ᠳᠦ ᠭᠠᠷᠬᠤ᠎ᠶᠢ ᠠᠬᠢᠭᠤᠯᠵᠤ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ
ᠬᠦᠴᠦᠲᠡᠢ ᠳᠡᠭᠡᠭᠰᠢᠯᠡᠭᠦᠯᠪᠡ᠃
(ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号