ᠬᠥᠬᠡᠬᠣᠲᠠ᠎ᠶᠢᠨ ᠮᠦᠽᠧᠶ ᠡᠭᠦᠳᠡ ᠪᠠᠨ ᠬᠠᠭᠠᠵᠤ ᠦᠭᠡᠷᠡᠴᠢᠯᠡᠨ ᠰᠢᠨᠡᠳᠭᠡᠬᠦ ᠬᠤᠭᠤᠴᠠᠭᠠᠨ ᠳ᠋ᠤ ᠤᠷᠤᠨ᠎ᠠ
2026-03-16 17:45:39
ᠵᠣᠬᠢᠶᠠᠭ᠍ᠴᠢ᠄
​ ᠸᠠᠩ ᠯᠢ ᠬᠣᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 11᠎ᠦ ᠡᠳᠦᠷ᠂ ᠬᠥᠬᠡᠬᠣᠲᠠ᠎ᠶᠢᠨ ᠮᠦᠽᠧᠶ ᠡᠭᠦᠳᠡ᠎ᠪᠡᠨ ᠬᠠᠭᠠᠬᠤ ᠠᠯᠪᠠᠨ ᠵᠠᠷᠯᠠᠯ ᠨᠡᠶ᠋ᠢᠲᠡᠯᠡᠵᠦ᠍᠂ ᠳᠡᠯᠭᠡᠨ ᠦᠵᠡᠭᠦᠯᠬᠦ᠌ ᠪᠠ ᠬᠠᠭᠤᠴᠢᠨ᠎ᠢ ᠥᠭᠡᠷᠡᠴᠢᠯᠡᠨ ᠰᠢᠨᠡᠳᠬᠡᠬᠦ᠌ ᠬᠡᠷᠡᠭᠴᠡᠭᠡ᠎ᠡᠴᠡ ᠪᠣᠯᠵᠣ᠂ 3 ᠰᠠᠷ᠎ᠠ᠎ᠶᠢᠨ 17᠎ᠤ ᠡᠳᠦᠷ᠎ᠡᠴᠡ ᠡᠬᠢᠯᠡᠨ ᠨᠡᠭᠡᠭᠡᠬᠦ᠎ᠪᠡᠨ ᠲᠦᠷ ᠵᠣᠭᠰᠣᠭᠠᠵᠤ᠂ ᠨᠡᠭᠡᠭᠡᠬᠦ᠎ᠪᠡᠨ ᠰᠡᠷᠭᠦᠭᠡᠬᠦ᠌ ᠴᠠᠭ᠎ᠢ ᠠᠰ᠎ᠲᠤᠨᠢ ᠮᠡᠳᠡᠭᠳᠡᠨ᠎ᠡ᠂ ᠦᠵᠡᠭᠴᠢᠳ ᠠᠯᠪᠠᠨ᠎ᠤ ᠲᠠᠯ᠎ᠠ᠎ᠶᠢᠨ ᠵᠢᠷᠭᠢᠶ᠎ᠠ ᠪᠡᠷ ᠬᠠᠮᠤᠭ᠎ᠤᠨ ᠰᠢᠨ᠎ᠡ ᠪᠠᠶ᠋ᠢᠳᠠᠯ᠎ᠢ ᠠᠩᠬᠠᠷᠴᠤ᠌ ᠪᠣᠯᠤᠨ᠎ᠠ ᠭᠡᠵᠡᠢ᠃

ᠠᠩᠬᠠᠷᠤᠭᠤᠰᠢᠲᠠᠶ ᠵᠦᠢᠯ ᠭᠡᠪᠡᠯ᠂ ᠬᠥᠮᠦᠰ᠎ᠦᠨ ᠠᠩᠬᠠᠷᠤᠯ᠎ᠢ ᠶᠡᠬᠡᠳᠡ ᠲᠠᠲᠠᠵᠤ ᠪᠠᠶ᠋ᠢᠭ᠎ᠠ 《ᠤᠷᠢᠬᠠᠨ ᠰᠠᠯᠬᠢᠨ᠎ᠳᠦ ᠮᠣᠷᠢᠨ ᠲᠤᠭᠤᠷᠠᠶ᠎ᠵᠢᠨ ᠳᠠᠭᠤᠨ ᠴᠤᠤᠷᠢᠶᠠᠳᠤᠨ᠎ᠠ — ᠠᠳᠤᠭᠤᠨ ᠰᠣᠶᠣᠯ᠎ᠤᠨ ᠣᠨᠴᠠᠭᠠᠢ ᠦᠵᠡᠰᠭᠦᠯᠡᠩ》 ᠴᠦ᠍ 3 ᠰᠠᠷ᠎ᠠ᠎ᠶᠢᠨ 16 ᠎ᠤ ᠡᠳᠦᠷ ᠲᠡᠭᠦᠰᠬᠦ᠌ ᠪᠣᠯᠤᠨ᠎ᠠ᠃ ᠠᠳᠤᠭᠤᠨ ᠰᠣᠶᠣᠯ᠎ᠤᠨ ᠦᠵᠡᠰᠭᠦᠯᠡᠩ᠎ᠢ ᠰᠣᠨᠢᠷᠬᠠᠬᠤ ᠰᠠᠨᠠᠭ᠎ᠠ᠎ᠲᠠᠶ ᠦᠵᠡᠭᠴᠢᠳ ᠴᠠᠭ᠎ᠢᠶᠠᠨ ᠵᠣᠬᠢᠰᠲᠠᠶ ᠲᠣᠬᠢᠷᠠᠭᠤᠯᠵᠤ᠂ ᠬᠠᠮᠤᠭ ᠰᠡᠭᠦᠯᠴᠢ᠎ᠶᠢᠨ ᠬᠡᠳᠦᠨ ᠡᠳᠦᠷ᠎ᠦᠨ ᠦᠵᠡᠰᠭᠦᠯᠡᠩ᠎ᠢ ᠠᠮᠵᠢᠵᠦ ᠰᠤᠨᠢᠷᠬᠠᠭᠠᠷᠠᠢ᠃

ᠬᠥᠬᠡᠬᠣᠲᠠ᠎ᠶᠢᠨ ᠮᠦᠽᠧᠢ᠎ᠶᠢᠨ ᠬᠢᠨ᠂ ᠲᠠᠬᠢᠨ ᠨᠡᠭᠡᠭᠡᠭᠰᠡᠨ᠎ᠦ ᠲᠠᠷᠠᠭ᠎ᠠ ᠮᠦᠽᠧᠢ ᠨᠢ ᠰᠢᠨ᠎ᠡ ᠳᠦᠷᠰᠦ ᠪᠠᠶ᠋ᠢᠳᠠᠯ᠎ᠢᠶᠠᠷ ᠤᠯᠠᠨ᠎ᠲᠠᠶ ᠠᠭᠤᠯᠵᠠᠵᠤ᠂ ᠦᠵᠡᠭᠴᠢᠳ᠎ᠲᠦ᠍ ᠨᠡᠩ ᠰᠢᠯᠢᠳᠡᠭ ᠲᠣᠭᠣᠷᠢᠨ ᠦᠵᠡᠬᠦ᠌ ᠲᠦᠷᠦᠭᠳᠡᠯ ᠣᠯᠭᠣᠬᠤ ᠪᠣᠯᠤᠨ᠎ᠠ ᠭᠡᠵᠦ᠍ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号