ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠦᠨ ᠢᠳᠡᠭᠡᠨ ᠤ᠋ ᠠᠮᠤᠷ ᠲᠦᠪᠰᠢᠨ᠎ᠦ ᠲᠤᠬᠠᠢ ᠪᠠᠢᠴᠠᠭᠠᠯᠲᠠ ᠦᠷᠨᠢᠭᠦᠯᠬᠦ ᠪᠡᠷ ᠪᠤᠢ
2026-03-16 17:47:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠢᠳᠡᠭᠡᠨ᠎ᠦ ᠠᠮᠤᠷ ᠲᠦᠪᠰᠢᠨ᠎ᠦ ᠠᠵᠢᠯ᠎ᠤᠨ ᠠᠯᠪᠠᠨ ᠭᠡᠷ᠂ ᠰᠤᠷᠭᠠᠨ ᠬᠥᠮᠦᠵᠢᠯ᠎ᠦᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠬᠠᠮᠲᠤᠷᠠᠨ《ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠦᠨ ᠢᠳᠡᠭᠡᠨ᠎ᠦ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭᠠᠵᠤ᠂ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》 ᠵᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢᠶᠡᠨ ᠪᠡᠬᠢᠵᠢᠭᠦᠯᠦᠨ᠂ ᠰᠤᠷᠭᠠᠭᠤᠯᠢ᠎ᠶᠢᠨ ᠬᠦᠷᠢᠶᠡᠨ᠎ᠦ ᠢᠳᠡᠭᠡᠨ᠎ᠦ ᠠᠮᠤᠷ ᠲᠦᠪᠰᠢᠨ᠎ᠦ ᠪᠠᠲᠤᠯᠠᠭ᠎ᠠ᠎ᠶᠢᠨ ᠬᠢᠷᠢ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠳᠠᠬᠢᠨ ᠡᠭᠦᠰᠬᠦ᠎ᠶᠢ ᠡᠷᠡᠰ ᠰᠡᠷᠭᠡᠢᠯᠡᠵᠦ ᠪᠠᠢᠨ᠎ᠠ᠃

 ᠲᠣᠰ ᠤᠳᠠᠭᠠᠨ᠎ᠤ ᠬᠢᠨᠠᠯᠲᠠ ᠲᠠᠯᠪᠢᠵᠤ ᠪᠠᠢᠴᠠᠭᠠᠬᠤ ᠬᠦᠷᠢᠶ᠎ᠡ ᠬᠡᠪᠴᠢᠶ᠎ᠡ ᠨᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠬᠣᠭᠣᠯᠠᠨ ᠭᠡᠷ᠂ ᠳᠠᠭᠠᠭᠠᠴᠢᠯᠠᠨ ᠡᠵᠡᠩᠨᠡᠵᠦ ᠪᠠᠢᠭ᠎ᠠ ᠠᠵᠤ ᠠᠬᠤᠢᠯᠠᠯ ᠵᠢᠴᠢ ᠰᠤᠷᠭᠠᠭᠤᠯᠢ᠎ᠶᠢᠨ ᠭᠠᠳᠠᠨᠠᠬᠢ ᠬᠣᠭᠣᠯᠠ ᠬᠠᠩᠭᠠᠬᠤ ᠨᠢᠭᠡᠴᠢ᠎ᠶᠢ ᠬᠠᠮᠤᠷᠤᠭᠰᠠᠨ ᠪᠥᠭᠡᠳ ᠬᠠᠮᠢᠶ᠎ᠠ ᠪᠦᠬᠦᠢ ᠢᠳᠡᠭᠡᠨ᠎ᠦ ᠮᠠᠲᠧᠷᠢᠶᠠᠯ ᠬᠠᠩᠭᠠᠬᠤ ᠬᠤᠳᠠᠯᠳᠤᠭᠠᠴᠢᠨ᠎ᠳᠤ ᠪᠠᠢᠴᠠᠭᠠᠯᠲᠠ ᠬᠢᠬᠦ᠎ᠶᠢ ᠲᠣᠳᠣᠷᠬᠠᠢᠯᠠᠵᠤ᠂ ᠰᠤᠷᠭᠠᠭᠤᠯᠢ᠎ᠶᠢᠨ ᠵᠠᠬᠢᠷᠤᠯ (ᠴᠡᠴᠡᠷᠯᠢᠭ᠎ᠦᠨ ᠳᠠᠷᠤᠭ᠎ᠠ) ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠤᠭᠰᠠᠨ᠂ ᠬᠠᠮᠲᠤ ᠬᠣᠭᠣᠯᠠᠯᠠᠬᠤ ᠳᠦᠷᠢᠮ ᠵᠢᠴᠢ ᠢᠳᠡᠭᠡᠨ᠎ᠦ ᠠᠮᠤᠷ ᠲᠦᠪᠰᠢᠨ᠎ᠦ ᠬᠠᠨᠤᠮᠵᠢ᠎ᠶᠢᠨ ᠬᠡᠮᠵᠢᠶ᠎ᠡ᠎ᠶᠢ ᠰᠢᠯᠭᠠᠨ ᠲᠣᠭᠲᠠᠭᠠᠬᠤ ᠲᠣᠭᠲᠠᠴᠠ᠎ᠶᠢ ᠨᠠᠢᠳᠠᠪᠤᠷᠢᠵᠢᠭᠤᠯᠤᠭᠰᠠᠨ᠂ ᠢᠳᠡᠭᠡᠨ᠎ᠦ ᠠᠮᠤᠷ ᠲᠦᠪᠰᠢᠨ᠎ᠦ ᠶᠡᠷᠦᠩᠬᠡᠢ ᠬᠢᠨᠠᠭ᠍ᠴᠢ ᠪᠠ ᠠᠮᠤᠷ ᠲᠦᠪᠰᠢᠨ᠎ᠦ ᠠᠵᠢᠯᠲᠠᠨ ᠲᠣᠬᠢᠷᠠᠭᠤᠯᠤᠭᠰᠠᠨ ᠵᠢᠴᠢ ᠢᠳᠡᠭᠡᠨ᠎ᠦ ᠲᠦᠭᠦᠬᠡᠢ ᠮᠠᠲᠧᠷᠢᠶᠠᠯ ᠪᠠ ᠬᠤᠭᠤᠯᠠ ᠬᠢᠬᠦ ᠶᠠᠪᠤᠴᠠ᠂ ᠢᠳᠡᠭᠡᠨ ᠤᠮᠳᠠᠭᠠᠨ᠎ᠤ ᠪᠠᠭᠠᠵᠢ ᠬᠡᠷᠡᠭᠰᠡᠯ᠎ᠢ ᠤᠬᠢᠶᠠᠵᠤ ᠠᠷᠢᠭᠤᠳᠬᠠᠬᠤ᠂ ᠲᠠᠯᠠᠪᠤᠷ ᠭᠠᠵᠠᠷ᠎ᠤᠨ ᠡᠷᠡᠭᠦᠯ ᠬᠠᠮᠠᠭᠠᠯᠠᠯ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠢᠳᠡᠭᠡᠨ᠎ᠦ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢ ᠪᠥᠬᠥ ᠲᠠᠯ᠎ᠠ᠎ᠪᠠᠷ ᠪᠠᠢᠴᠠᠭᠠᠵᠤ᠂ ᠲᠦᠭᠰᠢᠭᠦᠷᠢ᠎ᠶᠢ ᠭᠦᠨᠵᠡᠭᠡᠢ ᠵᠢᠭ᠍ᠰᠠᠭᠠᠨ ᠪᠠᠢᠴᠠᠭᠠᠵᠤ᠂ ᠳᠠᠯᠳᠠ ᠬᠡᠮ᠎ᠢ ᠴᠠᠭ ᠲᠤᠬᠠᠢ ᠳ᠋ᠤᠨᠢ ᠠᠷᠢᠯᠭᠠᠨ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠵᠠᠯᠬᠠᠭᠠᠨ ᠰᠢᠢᠳᠬᠡᠬᠦ ᠡᠷᠴᠢᠮ᠎ᠢᠶᠡᠨ ᠴᠢᠨᠭᠭᠠᠷᠠᠭᠤᠯᠤᠨ᠎ᠠ᠃

    (ᠢᠷᠡᠯᠲᠡ᠄  ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠢᠯᠵᠢᠶ᠎ᠠ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号