ᠥᠪᠥᠷ ᠮᠣᠩᠭᠣᠯ᠎ᠤᠨ ᠤᠯᠤᠰ᠎ᠤᠨ ᠥᠮᠴᠢᠯᠡᠯ᠎ᠦᠨ ᠬᠥᠷᠥᠩᠭᠡ ᠵᠢ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ ᠳ᠋ᠤ ᠰᠢᠯᠵᠢᠭᠦᠯᠦᠭᠰᠡᠨ ᠬᠡᠪᠴᠢᠶ᠎ᠡ 3.43 ᠳ᠋ᠦᠩᠰᠢᠭᠤᠷ ᠲᠥᠭᠥᠷᠢᠭ᠎ᠢ ᠳᠠᠪᠠᠪᠠ
2026-03-16 17:48:55
ᠵᠣᠬᠢᠶᠠᠭ᠍ᠴᠢ᠄
​ ᠶᠠᠩ ᠸᠧᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ 2025 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠤᠯᠤᠰ᠎ᠤᠨ ᠥᠮᠴᠢᠯᠡᠯ᠎ᠦᠨ ᠬᠥᠷᠥᠩᠭᠡ ᠵᠢᠨ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠲᠤᠰᠬᠠᠢ ᠡᠷᠦᠬᠡ ( ᠪᠡᠯᠡ ᠮᠥᠩᠭᠥ ) ᠵᠢᠨ ᠬᠡᠪᠴᠢᠶ᠎ᠡ 3.43 ᠳ᠋ᠦᠩᠰᠢᠭᠤᠷ ᠲᠥᠭᠥᠷᠢᠭ᠎ᠢ ᠳᠠᠪᠠᠵᠤ᠂ 2025 ᠣᠨ᠎ᠳᠤ ᠰᠢᠨ᠎ᠡ᠎ᠪᠡᠷ ᠨᠡᠮᠡᠭᠳᠡᠭᠰᠡᠨ (ᠰᠲ᠋ᠣᠺ᠎ᠤᠨ ᠡᠷᠬᠡ) ᠠᠰᠢᠭ᠋ ᠬᠤᠪᠢᠶᠠᠷᠢᠯᠠᠯᠲᠠ᠎ᠶᠢᠨ ᠠᠰᠢᠭ᠋ ᠣᠷᠣᠯᠭ᠎ᠠ 1.05 ᠳ᠋ᠦᠩᠰᠢᠭᠤᠷ ᠲᠥᠭᠥᠷᠢᠭ᠎ᠢ ᠳᠠᠪᠠᠵᠤ᠂ 2 ᠵᠢᠯ ᠳᠠᠷᠠᠭᠠᠯᠠᠨ ᠰᠢᠨ᠎ᠡ᠎ᠪᠡᠷ ᠨᠡᠮᠡᠭᠳᠡᠭᠰᠡᠨ ᠠᠰᠢᠭ᠋ ᠬᠤᠪᠢᠶᠠᠷᠢᠯᠠᠯᠲᠠ᠎ᠶᠢᠨ ᠠᠰᠢᠭ᠋ ᠣᠷᠣᠯᠭ᠎ᠠ ᠳ᠋ᠦᠩᠰᠢᠭᠤᠷ ᠲᠥᠭᠥᠷᠢᠭ᠎ᠢ ᠳᠠᠪᠠᠵᠤ᠂ ᠪᠡᠯᠡ ᠮᠥᠩᠭᠥ᠎ᠶᠢᠨ ᠦᠯᠡᠳᠡᠪᠦᠷᠢ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 46.80% ᠨᠡᠮᠡᠭᠳᠡᠵᠦ᠂ ᠡᠯ᠎ᠡ ᠵᠦᠢᠯ᠎ᠦᠨ ᠲᠣᠭ᠎ᠠ ᠪᠠᠷᠢᠮᠲᠠ ᠰᠢᠨ᠎ᠡ ᠲᠡᠮᠳᠡᠭᠯᠡᠯ᠎ᠢ ᠡᠭᠦᠳᠴᠡᠢ᠃

2019 ᠣᠨ᠎ᠳᠤ ᠥᠪᠥᠷ ᠮᠣᠩᠭᠣᠯ ᠤᠯᠤᠰ᠎ᠤᠨ ᠥᠮᠴᠢᠯᠡᠯ᠎ᠤᠨ ᠬᠥᠷᠥᠩᠭᠡ᠎ᠶᠢ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠳᠦ ᠬᠤᠪᠢᠶᠠᠷᠢᠯᠠᠨ ᠰᠢᠯᠵᠢᠭᠦᠯᠬᠦ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠤᠯᠤᠰ᠎ᠤᠨ ᠥᠮᠴᠢᠯᠡᠯ᠎ᠤᠨ ᠬᠥᠷᠥᠩᠭᠡ᠎ᠶᠢ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠳᠦ ᠬᠤᠪᠢᠶᠠᠷᠢᠯᠠᠨ ᠰᠢᠯᠵᠢᠭᠦᠯᠬᠦ᠎ᠶᠢ ᠳᠠᠭᠠᠭᠠᠨ ᠠᠪᠬᠤ ᠭᠣᠣᠯ ᠴᠣᠭᠴᠠ᠎ᠳᠤ ᠲᠤᠢᠯ᠎ᠤᠨ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠵᠢᠯᠤᠭᠣᠳᠴᠤ᠂ ᠠᠵᠢᠯ᠎ᠢ ᠠᠬᠢᠭᠤᠯᠤᠨ ᠰᠢᠨ᠎ᠡ ᠰᠢᠪᠲᠤᠯᠤᠯᠲᠠ᠎ᠲᠠᠢ ᠪᠣᠯᠭᠠᠪᠠ᠃ 2025 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠬᠤᠪᠢᠶᠠᠷᠢᠯᠠᠨ ᠰᠢᠯᠵᠢᠭᠦᠯᠬᠦ ᠠᠵᠢᠯ᠎ᠤᠨ ᠪᠡᠯᠡ ᠮᠥᠩᠭᠥ᠎ᠶᠢᠨ ᠬᠡᠪᠴᠢᠶ᠎ᠡ᠂ ᠠᠮᠤᠷ ᠲᠦᠪᠰᠢᠨ᠎ᠦ ᠪᠠᠲᠤᠯᠠᠭ᠎ᠠ᠂ ᠬᠢᠨᠠᠯᠲᠠ ᠦᠢᠯᠡᠴᠢᠯᠡᠭᠡ ᠪᠥᠬᠥ ᠲᠠᠯ᠎ᠠ᠎ᠪᠠᠷ ᠳᠡᠭᠡᠭᠰᠢᠯᠡᠬᠦ᠎ᠶᠢ ᠪᠡᠶᠡᠯᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭᠵᠢᠯᠲᠡ᠎ᠶᠢᠨ ᠴᠡᠪᠡᠷ ᠠᠰᠢᠭ᠋᠎ᠢ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠪᠠ᠃

ᠰᠠᠭᠤᠷᠢ ᠮᠥᠩᠭᠥ᠎ᠶᠢᠨ ᠠᠮᠤᠷ ᠲᠦᠪᠰᠢᠨ ᠵᠢᠷᠤᠮᠵᠢᠯ᠎ᠲᠠᠢ ᠠᠵᠢᠯᠯᠠᠭᠠᠨ᠎ᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠥᠪᠥᠷ ᠮᠣᠩᠭᠣᠯ ᠰᠠᠭᠤᠷᠢ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢᠨ ᠰᠢᠨ᠎ᠡ᠎ᠶᠢ ᠡᠭᠦᠳᠴᠦ᠂ ᠲᠡᠦᠬᠡᠨ᠎ᠡᠴᠡ ᠦᠯᠡᠳᠡᠭᠳᠡᠵᠦ ᠢᠷᠡᠭᠰᠡᠨ ᠠᠰᠠᠭᠤᠳᠠᠯ᠎ᠢ ᠬᠦᠴᠦᠯᠡᠨ ᠰᠢᠢᠳᠪᠦᠷᠢᠯᠡᠪᠡ᠃ ᠣᠨᠴᠠ ᠵᠠᠷᠢᠮ ᠠᠵᠤ ᠠᠬᠤᠢᠯᠠᠯ᠎ᠤᠨ ᠲᠡᠦᠬᠡᠨ᠎ᠡᠴᠡ ᠥᠷᠢᠲᠦᠵᠦ ᠪᠠᠢᠭᠰᠠᠨ ᠪᠠᠢᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠪᠥᠬᠥ ᠶᠠᠪᠤᠴᠠ᠎ᠳᠤ ᠮᠥᠷᠳᠡᠬᠦ ᠪᠠ ᠲᠤᠢᠯ᠎ᠤᠨ ᠣᠨᠣᠪᠴᠢᠲᠠᠶ ᠵᠢᠯᠤᠭᠣᠳᠬᠤ ᠠᠵᠢᠯ᠎ᠢ ᠥᠷᠨᠢᠭᠦᠯᠵᠦ᠂ 2025 ᠣᠨ᠎ᠳᠤ ᠬᠠᠮᠵᠢᠯᠴᠠᠨ ᠭᠥᠯᠢᠶᠡᠨ ᠠᠪᠤᠭᠰᠠᠨ ᠭᠣᠣᠯ ᠴᠣᠭᠴᠠ᠎ᠠᠴᠠ 2 ᠠᠵᠤ ᠠᠬᠤᠢᠯᠠᠯ᠎ᠤᠨ ᠠᠰᠢᠭ᠋ ᠬᠤᠪᠢᠶᠠᠭᠰᠠᠨ ᠠᠰᠢᠭ᠋ ᠣᠯᠵᠠᠪᠤᠷᠢ᠎ᠶᠢ ᠨᠡᠶ᠋ᠢᠲᠡ 262 ᠲᠦᠮᠡ ᠭᠠᠷᠤᠢ ᠲᠥᠭᠥᠷᠢᠭ ᠨᠡᠬᠡᠮᠵᠢᠯᠡᠨ ᠠᠪᠴᠢᠷᠠᠵᠤ᠂ ᠤᠯᠤᠰ᠎ᠤᠨ ᠥᠮᠴᠢᠯᠡᠯ᠎ᠤᠨ ᠬᠥᠷᠥᠩᠭᠡ᠎ᠶᠢ ᠨᠡᠢᠭᠡᠮ᠎ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠳᠦ ᠬᠤᠪᠢᠶᠠᠷᠢᠯᠠᠨ ᠰᠢᠯᠵᠢᠭᠦᠯᠬᠦ ᠡᠷᠬᠡ ᠠᠰᠢᠭ᠋᠎ᠤᠨ ᠪᠦᠷᠢᠨ ᠪᠦᠲᠦᠨ ᠪᠠᠢᠬᠤ᠎ᠶᠢ ᠦᠨᠡᠨ ᠬᠦ᠌ ᠪᠠᠲᠤᠯᠠᠪᠠ᠃

ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠳᠠᠭᠠᠭᠠᠨ ᠠᠪᠤᠭᠰᠠᠨ ᠭᠣᠣᠯ ᠴᠣᠭᠴᠠ᠎ᠶᠢᠨ ᠬᠠᠤᠯᠢ ᠲᠣᠭᠲᠠᠭᠠᠯ ᠶᠣᠰᠣᠭᠠᠷ ᠮᠡᠳᠡᠭᠡ ᠵᠠᠩᠭᠢ ᠨᠡᠢᠲᠡᠯᠡᠬᠦ ᠡᠭᠦᠷᠭᠡ᠎ᠪᠡᠨ ᠭᠦᠢᠴᠡᠳᠬᠡᠬᠦ᠎ᠶᠢ ᠵᠢᠯᠤᠭᠣᠳᠴᠤ᠂ ᠬᠤᠪᠢᠶᠠᠷᠢᠯᠠᠨ ᠰᠢᠯᠵᠢᠭᠦᠯᠦᠭᠰᠡᠨ ᠤᠯᠤᠰ᠎ᠤᠨ ᠥᠮᠴᠢᠯᠡᠯ᠎ᠤᠨ ᠬᠥᠷᠥᠩᠭᠡ᠎ᠶᠢᠨ ᠠᠵᠤ ᠠᠬᠤᠢᠯᠠᠯ᠎ᠤᠨ ᠰᠲ᠋ᠣᠺ᠎ᠤᠨ ᠡᠷᠬᠡ ᠡᠵᠡᠮᠰᠢᠵᠦ ᠪᠠᠢᠭ᠎ᠠ᠂ ᠬᠤᠪᠢᠷᠠᠵᠤ ᠪᠠᠢᠭ᠎ᠠ ᠵᠢᠴᠢ ᠠᠰᠢᠭ᠋ ᠭᠥᠷᠳᠡᠵᠦ ᠪᠠᠢᠭ᠎ᠠ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢᠭᠡᠮ ᠨᠡᠶ᠋ᠢᠲᠡ᠎ᠳᠦ ᠨᠡᠢᠲᠡᠯᠡᠵᠦ᠂ ᠨᠡᠶ᠋ᠢᠲᠡ ᠣᠯᠠᠨ᠎ᠤ ᠪᠠᠢᠳᠠᠯ᠎ᠢ ᠮᠡᠳᠡᠬᠦ ᠡᠷᠬᠡ᠎ᠶᠢ ᠦᠨᠡᠨᠬᠦ ᠪᠠᠲᠤᠯᠠᠪᠠ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号