ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ
ᠬᠣᠷᠢᠶ᠎ᠠ ᠵᠢᠨ 2026 ᠣᠨ ᠤ᠋ 《3·15》 ᠤ ᠦᠳᠡᠰᠢᠯᠡᠭᠡ᠎ᠶᠢ 3 ᠰᠠᠷ᠎ᠠ᠎ᠶᠢᠨ 15 ᠤ ᠡᠳᠦᠷ᠎ᠦᠨ 20 ᠴᠠᠭ᠎ᠲᠤ
ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠢ ᠰᠤᠪᠠᠭ᠎ᠢᠶᠠᠷ ᠰᠢᠭᠤᠳ ᠨᠡᠪᠲᠡᠷᠡᠭᠦᠯᠭᠡ ᠬᠢᠨ᠎ᠡ᠃ ᠲᠥᠪ ᠲᠧᠯᠸᠢᠰ᠎ᠦᠨ
ᠡᠳ᠋᠎ᠦᠨ ᠵᠠᠰᠠᠭ ᠠᠵᠤ ᠠᠬᠤᠢ ᠰᠤᠪᠠᠭ᠂ ᠲᠥᠪ ᠲᠸᠯᠸᠢᠰ᠎ᠤᠨ ᠸᠢᠳᠢᠤ᠋᠂ ᠲᠥᠪ ᠲᠧᠯᠸᠢᠰ᠎ᠦᠨ ᠰᠦᠯᠵᠢᠶ᠎ᠡ ᠪᠣᠯᠣᠨ
ᠠᠵᠤ ᠠᠬᠤᠢ᠎ᠶᠢᠨ ᠲᠠᠭᠤᠨ ᠷᠠᠳᠢᠤ᠋ ᠨᠡᠪᠲᠡᠷᠡᠭᠦᠯᠭᠡ ᠪᠡᠷ ᠵᠡᠷᠭᠡ ᠪᠡᠷ ᠨᠡᠪᠲᠡᠷᠡᠭᠦᠯᠬᠦ ᠪᠣᠯᠣᠨ᠎ᠠ᠃
ᠡᠨᠡ ᠵᠢᠯ᠎ᠦᠨ 《3·15》᠎ᠤ ᠦᠳᠡᠰᠢᠯᠡᠭᠡ
ᠨᠢ 《ᠰᠠᠨᠠᠭ᠎ᠠ ᠠᠮᠤᠷ ᠬᠡᠷᠡᠭᠯᠡᠭᠡ ᠴᠢᠨᠠᠷ
ᠰᠠᠢᠲᠠᠢ ᠠᠮᠢᠳᠤᠷᠠᠯ》 ᠭᠡᠬᠦ ᠭᠣᠣᠯ ᠰᠡᠳᠦᠪᠲᠦ ᠠᠩᠬᠠᠷᠤᠯ᠎ᠢᠶᠠᠨ
ᠲᠥᠪᠯᠡᠷᠡᠭᠦᠯᠵᠦ᠂ ᠢᠳᠡᠭᠡᠨ᠎ᠦ ᠠᠮᠤᠷ ᠲᠦᠪᠰᠢᠨ᠂ ᠣᠯᠠᠨ
ᠨᠡᠶ᠋ᠢᠲᠡ᠎ᠶᠢᠨ ᠠᠮᠤᠷ ᠲᠦᠪᠰᠢᠨ᠂ ᠮᠥᠩᠭᠥᠨ ᠭᠦᠢᠯᠭᠡᠭᠡᠨ᠎ᠦ ᠠᠮᠤᠷ ᠲᠦᠪᠰᠢᠨ᠂ ᠵᠠᠷ ᠮᠡᠳᠡᠭᠡᠨ᠎ᠦ ᠵᠠᠬ᠎ᠠ ᠳᠡᠯᠭᠡᠭᠦᠷ ᠵᠡᠷᠭᠡ ᠬᠦᠷᠢᠶᠡᠨ᠎ᠳᠡᠬᠢ ᠬᠡᠷᠡᠭᠯᠡᠭᠴᠢᠳ᠎ᠦᠨ
ᠡᠷᠬᠡ ᠠᠰᠢᠭ᠋᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠠᠩᠬᠠᠷᠤᠯ᠎ᠢᠶᠠᠨ ᠬᠠᠨᠳᠤᠭᠤᠯᠬᠤ
ᠪᠣᠯᠣᠨ᠎ᠠ᠃
《3·15》᠎ᠤ ᠦᠳᠡᠰᠢᠯᠡᠭᠡ ᠨᠢ ᠬᠠᠮᠢᠶ᠎ᠠ
ᠪᠦᠬᠦᠢ ᠠᠵᠢᠯ ᠲᠥᠷᠥᠯ᠎ᠳᠦ ᠣᠷᠣᠰᠢᠵᠤ ᠪᠠᠢᠭ᠎ᠠ ᠬᠡᠷᠡᠭᠯᠡᠭᠡᠨ᠎ᠦ ᠤᠨᠠᠭᠤᠯᠢ ᠪᠠ ᠬᠠᠤᠯᠢ᠎ᠠᠴᠠ ᠵᠥᠷᠢᠴᠡᠨ ᠡᠷᠬᠡ᠎ᠳᠦ
ᠬᠠᠯᠳᠠᠭᠰᠠᠨ ᠦᠶ᠋ᠯᠡ ᠠᠵᠢᠯᠯᠠᠭ᠎ᠠ᠎ᠶᠢ ᠢᠯᠡᠴᠢᠯᠡᠬᠦ᠎ᠶᠢ ᠪᠠᠷᠢᠮᠲᠠᠯᠠᠭᠰᠠᠭᠠᠷ ᠢᠷᠡᠵᠡᠢ᠃ ᠲᠣᠰ ᠬᠤᠭᠤᠴᠠᠭᠠᠨ᠎ᠤ《3·15》᠎ᠤ
ᠦᠳᠡᠰᠢᠯᠡᠭᠡ ᠶᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠤᠯᠤᠰ᠎ᠤᠨ
ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ
ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂
ᠬᠠᠤᠯᠢ ᠴᠠᠭᠠᠵᠠ᠎ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠂ ᠬᠦᠳᠡᠭᠡ ᠠᠵᠦ᠍ ᠠᠬᠤᠢ ᠬᠦᠳᠡᠭᠡ
ᠳᠤᠰᠭᠤᠨ᠎ᠤ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ
ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠤᠯᠤᠰ᠎ᠤᠨ ᠡᠮ᠎ᠦᠨ ᠵᠦᠢᠯᠡᠰ᠎ᠤᠨ ᠬᠢᠨᠠᠯᠲᠠ ᠬᠠᠮᠢᠶᠠᠷᠤᠯᠲᠠ᠎ᠶᠢᠨ
ᠲᠣᠪᠴᠢᠶ᠎ᠠ᠂ ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠨᠡᠢᠭᠡᠮᠯᠢᠭ ᠵᠡᠷᠭᠡ ᠰᠠᠯᠠᠭ᠎ᠠ ᠮᠥᠴᠢᠷ ᠪᠠᠢᠭᠤᠯᠤᠮᠵᠢ
ᠪᠣᠯᠣᠨ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠬᠠᠮᠲᠤᠷᠠᠨ ᠡᠷᠭᠢᠯᠡᠨ᠎ᠡ᠃
(ᠢᠷᠡᠯᠲᠡ᠄ ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠢ ᠰᠤᠪᠠᠭ)