ᠵᠠᠬᠢᠶᠠᠯᠠᠭ᠎ᠠ ᠵᠢ ᠴᠢᠳᠠᠯ᠎ᠤᠨ ᠬᠢᠷᠢ ᠪᠡᠷ᠎ᠢᠶᠡᠨ ᠠᠮᠵᠢᠨ ᠬᠢᠵᠤ 《 ᠰᠠᠢᠨ ᠡᠬᠢᠯᠡᠯᠲᠡ》 ᠶ᠋ᠢ ᠪᠦᠬᠦ ᠬᠦᠴᠦ᠎ᠪᠡᠷ᠎ᠢᠶᠡᠨ ᠪᠡᠶᠡᠯᠡᠭᠦᠯᠦᠨ᠎ᠠ
2026-03-02 10:07:17
ᠵᠣᠬᠢᠶᠠᠭ᠍ᠴᠢ᠄
ᠯᠢᠦ ᠰᠢᠶᠠᠩ ᠫᠢᠩ
ᠣᠩᠱᠢᠭ᠍ᠰᠠᠨ ᠣᠳᠠᠭ᠎ᠠ᠄
★★★☆☆

ᠪᠤᠭᠤᠲᠤ᠎ᠶᠢᠨ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠴᠢᠬᠤᠯᠠ ᠶᠡᠬᠡ ᠲᠦᠷᠦᠯ ᠵᠦᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋ ᠎ᠢ ᠨᠡᠮᠡᠭᠳᠡᠭᠦᠯᠬᠦ᠎ᠶᠢ ᠠᠬᠢᠭᠤᠯᠪᠠ

                  

ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭ᠎ᠠ ᠰᠠᠶᠢᠬᠠᠨ ᠦᠨᠭᠭᠡᠷᠡᠮᠡᠭᠴᠡ᠂ ᠪᠤᠭᠤᠲᠤ᠎ᠶᠢᠨ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠠᠵᠤ ᠠᠬᠤᠢᠯᠠᠯ᠎ᠤᠳ ᠦᠢᠯᠡᠳᠪᠦᠷᠢᠯᠡᠯ᠎ᠦᠨ 《ᠬᠤᠷᠳᠤᠰᠬᠠᠬᠤ ᠳᠠᠷᠤᠪᠴᠢ》 ᠪᠡᠨ ᠳᠠᠷᠤᠵᠤ᠂ ᠦᠢᠯᠡᠳᠪᠦᠷᠢ᠎ᠶᠢᠨ ᠲᠠᠰᠤᠭ᠎ᠲᠤ ᠮᠠᠰᠢᠨ ᠳᠦᠨᠭᠭᠢᠨᠡᠵᠤ᠂ ᠦᠢᠯᠡᠳᠪᠦᠷᠢᠯᠡᠯ᠎ᠦᠨ ᠱᠤᠭᠤᠮ ᠪᠦᠬᠦ ᠬᠤᠷᠳᠤᠴᠠ ᠎ᠪᠠᠷ ᠠᠵᠢᠯᠯᠠᠨ᠂ ᠠᠵᠢᠯᠴᠢᠳ᠎ᠤᠨ ᠠᠵᠢᠯ᠎ᠤᠨ ᠤᠷᠮᠠᠰ ᠤᠷᠬᠢᠯᠵᠤ᠂ ᠭᠠᠵᠠᠷ ᠪᠣᠯᠭᠠᠨ ᠎ᠳᠤ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ᠂ ᠶᠠᠰᠤ ᠴᠢᠨᠠᠷ᠎ᠢᠶᠠᠨ ᠳᠡᠭᠡᠭᠰᠢᠯᠡᠭᠦᠯᠵᠦ ᠦᠷ᠎ᠡ ᠠᠰᠢᠭ᠋ ᠎ᠢᠶᠠᠨ ᠨᠡᠮᠡᠭᠳᠡᠭᠦᠯᠬᠦ ᠬᠠᠯᠠᠭᠤᠨ ᠥᠷᠨᠢᠯᠲᠡ ᠭᠠᠷᠴᠤ᠂ ᠲᠦᠷᠦᠭᠦᠦ ᠤᠯᠠᠷᠢᠯ᠎ᠤᠨ 《ᠰᠠᠢᠨ ᠡᠬᠢᠯᠡᠯᠳᠡ》 ᠶ᠋ᠢ ᠪᠦᠬᠦ ᠬᠦᠴᠦ᠎ᠪᠡᠷ᠎ᠢᠶᠡᠨ ᠪᠡᠶᠡᠯᠡᠭᠦᠯᠦᠨ᠎ᠠ᠃

2 ᠰᠠᠷ᠎ᠠ᠎ᠶᠢᠨ 28 ᠎ᠤ᠋ ᠡᠳᠦᠷ᠂ ᠰᠤᠷᠪᠤᠯᠵᠢᠯᠠᠭ᠍ᠴᠢ ᠪᠤᠭᠤᠲᠤ᠎ᠶᠢᠨ ᠵᠧᠨ ᠰᠢᠶᠦ᠋ᠩ ᠵᠡᠰ᠎ᠦᠨ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠴᠢᠳᠬᠤᠨ ᠬᠡᠪᠰᠢᠭᠦᠯᠬᠦ ᠦᠢᠯᠡᠳᠪᠦᠷᠢᠯᠡᠯ᠎ᠦᠨ ᠱᠤᠭᠤᠮ᠎ᠳᠤ ᠬᠦᠷᠬᠦ᠎ᠳᠦ᠂ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠶᠠᠭᠠᠷᠠᠯᠲᠠᠢ ᠪᠠᠢᠳᠠᠯ ᠢᠯᠡᠬᠡᠨ᠃ 8mm᠎ᠤ᠋ᠨ ᠪᠣᠭᠣᠵᠢᠯᠠᠭᠰᠠᠨ ᠭᠠᠤᠯᠢᠨ ᠪᠠᠭᠠᠨ᠎ᠠ ᠨᠤᠭᠤᠳ ᠢ᠋ ᠬᠤᠢᠨ᠎ᠠ ᠬᠤᠢᠨ᠎ᠠ ᠡᠴᠡ ᠨᠢ ᠦᠢᠯᠡᠳᠪᠦᠷᠢᠯᠡᠵᠤ᠂ ᠠᠴᠢᠶᠠᠨ ᠲᠡᠷᠭᠡ ᠰᠦᠯᠵᠢᠯᠳᠦᠨ᠂ ᠨᠠᠷᠢᠯᠢᠭ᠋ ᠣᠨᠣᠴᠠᠲᠠᠢ ᠣᠪᠣᠭᠠᠯᠠᠵᠤ᠂ ᠦᠢᠯᠡᠳᠬᠦᠨ᠎ᠢ ᠦᠳᠲᠡᠷ ᠲᠦᠷᠭᠡᠨ᠎ᠢᠶᠡᠷ ᠪᠦᠬᠦ ᠤᠯᠤᠰ᠎ᠤᠨ ᠡᠯ᠎ᠡ ᠭᠠᠵᠠᠷ᠎ᠲᠤ ᠶᠠᠪᠤᠭᠤᠯᠵᠤ᠂ ᠦᠢᠯᠡᠳᠪᠦᠷᠢᠯᠡᠯ ᠪᠣᠷᠤᠯᠠᠭᠤᠯᠭ᠎ᠠ ᠳ᠋ᠤ ᠵᠡᠷᠭᠡ ᠪᠡᠷ ᠬᠦᠭᠵᠢᠶᠡᠨᠲᠡᠢ ᠪᠠᠢᠳᠠᠯ ᠢᠯᠡᠷᠡᠨ᠎ᠡ᠃

《ᠠᠵᠢᠯ᠎ᠤᠨ ᠶᠠᠪᠤᠴᠠ᠎ᠳᠠᠭᠠᠨ ᠡᠷᠬᠡᠪᠰᠢ ᠳᠦᠷᠢᠮ ᠵᠢᠷᠤᠮ ᠵᠢᠡᠷ ᠠᠵᠢᠯᠯᠠᠵᠤ᠂ ᠠᠮᠤᠷ ᠲᠦᠪᠰᠢᠨ᠎ᠢ ᠠᠩᠬᠠᠷᠬᠤ ᠬᠡᠷᠡᠭᠲᠡᠢ!》᠂ ᠴᠢᠳᠬᠤᠨ ᠬᠡᠪᠰᠢᠭᠦᠯᠬᠦ ᠶᠡᠷᠦᠩᠬᠡᠢ ᠢᠨᠵᠧᠨᠧᠷ ᠴᠧᠨ ᠽᠸ ᠮᠢᠩ ᠨᠢᠭᠡ ᠲᠠᠯ᠎ᠠ ᠎ᠪᠠᠷ ᠦᠢᠯᠡᠳᠪᠦᠷᠢᠯᠡᠯ᠎ᠦᠨ ᠱᠤᠭᠤᠮ᠎ᠢ ᠲᠣᠭᠣᠷᠢᠨ ᠪᠠᠢᠴᠠᠭᠠᠵᠤ᠂ ᠨᠦᠬᠦᠭᠡ ᠲᠠᠯ᠎ᠠ᠎ᠪᠠᠷ ᠠᠵᠢᠯᠴᠢᠳ ᠎ᠲᠤ ᠵᠠᠬᠢᠨ᠎ᠡ᠃ ᠲᠡᠷᠡ᠂ ᠠᠮᠠᠷᠠᠯᠳᠠ ᠵᠢᠨ ᠳᠠᠷᠠᠭ᠎ᠠ ᠠᠵᠤ ᠠᠬᠤᠢᠯᠠᠯ ᠤ᠋ᠨ ᠪᠥᠬᠥ ᠠᠵᠢᠯᠴᠢᠳ ᠳᠠᠷᠤᠢᠬᠠᠨ ᠠᠵᠢᠯ᠎ᠤᠨ ᠪᠠᠢᠷᠢ᠎ᠳᠠᠭᠠᠨ ᠪᠤᠴᠠᠵᠤ᠂ ᠪᠥᠬᠥ ᠱᠤᠭᠤᠮ᠎ᠢᠶᠠᠷ ᠦᠢᠯᠡᠳᠪᠦᠷᠢᠯᠡᠯ ᠎ᠢᠶᠡᠨ ᠰᠡᠷᠭᠦᠭᠡᠵᠦ᠂ ᠵᠠᠬᠢᠶᠠᠯᠠᠭ᠎ᠠ᠎ᠪᠠᠨ ᠲᠣᠭᠲᠠᠭᠰᠠᠨ ᠬᠤᠭᠤᠴᠠᠭᠠᠨ᠎ᠳᠠᠭᠠᠨ ᠲᠤᠰᠢᠶᠠᠬᠤ ᠪᠠᠷ ᠴᠢᠷᠮᠠᠢᠵᠤ ᠪᠠᠢᠨ᠎ᠠ  ᠭᠡᠯ᠎ᠡ ᠃

ᠪᠤᠭᠤᠲᠤ᠎ᠶᠢᠨ ᠠᠨ ᠳ᠋ᠸ ᠰᠢ ᠨᠠᠢ ᠰᠢᠨ᠎ᠡ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠦᠢᠯᠡᠳᠪᠦᠷᠢ ᠵᠢᠨ ᠲᠠᠰᠤᠭ ᠴᠦ᠍ ᠠᠳᠠᠯᠢᠬᠠᠨ᠎ᠢᠶᠠᠷ ᠪᠦᠬᠦ ᠬᠦᠴᠦᠨ᠎ᠢᠶᠡᠷ᠎ᠢᠶᠡᠨ ᠠᠵᠢᠯᠯᠠᠵᠤ᠂ ᠡᠮᠬᠢ ᠵᠢᠷᠤᠮ᠎ᠲᠠᠢ᠎ᠪᠠᠷ ᠦᠢᠯᠡᠳᠪᠦᠷᠢᠯᠡᠵᠤ ᠡᠬᠢᠯᠡᠵᠡᠢ᠃ ᠲᠡᠷᠢ ᠲᠡᠭᠰᠢ ᠣᠪᠣᠭᠠᠯᠠᠨ ᠲᠠᠯᠪᠢᠭ᠍ᠰᠠᠨ ᠨᠡᠭᠦᠷᠡᠰᠦ ᠬᠦ᠋ᠴᠢᠯ᠎ᠦᠨ ᠯᠠᠨᠲ᠋ᠠᠨ ᠵᠡᠷᠭᠡ ᠲᠦᠭᠦᠬᠡᠢ ᠮᠠᠲᠧᠷᠢᠶᠠᠯ᠂ 86.8 ᠮᠸᠲᠷ᠎ᠤᠨ ᠥᠨᠳᠥᠷ ᠳᠤᠯᠠᠭᠠᠨ᠎ᠤ ᠨᠦᠬᠡᠨ ᠵᠠᠮ᠎ᠤᠨ  ᠵᠤᠤᠬ᠎ᠠ ᠡᠷᠭᠢᠯᠳᠦᠨ ᠠᠵᠢᠯᠯᠠᠵᠤ᠂ ᠬᠣᠪᠣᠷ ᠰᠢᠷᠣᠢ᠎ᠶᠢᠨ ᠴᠢᠳᠠᠪᠬᠢᠳᠤ ᠮᠠᠲᠧᠷᠢᠶᠠᠯ᠎ᠢ ᠲᠠᠰᠤᠷᠠᠯ ᠦᠭᠡᠢ ᠦᠢᠯᠡᠳᠪᠦᠷᠢᠯᠡᠵᠦ ᠪᠠᠢᠯ᠎ᠠ᠃

《ᠠᠵᠤ ᠠᠬᠤᠢᠯᠠᠯ ᠠᠮᠠᠷᠠᠯᠲᠠ ᠵᠢᠨ ᠳᠠᠷᠠᠭ᠎ᠠ ᠳᠠᠭᠠᠭᠠᠴᠠ ᠳᠦᠭᠦᠷᠡᠩ ᠦᠢᠯᠡᠳᠪᠦᠷᠢᠯᠡᠵᠦ᠂ ᠨᠦᠬᠡᠨ ᠵᠠᠮ᠎ᠤᠨ ᠵᠤᠤᠬ᠎ᠠ ᠵᠤᠭᠰᠤᠯ ᠦᠭᠡᠢ ᠠᠵᠢᠯᠯᠠᠵᠤ᠂ ᠢᠰᠦᠯᠳᠦᠭᠰᠡᠨ ᠯᠠᠨᠲ᠋ᠠᠨ ᠼᠧᠷᠢ ᠎ᠶᠢᠨ ᠦᠢᠯᠡᠳᠬᠦᠨ᠎ᠢ ᠭᠣᠣᠯᠳᠠᠯᠭ᠎ᠠ᠎ᠲᠠᠢ᠎ᠦᠢᠯᠡᠳᠴᠦ᠂ ᠬᠡᠷᠡᠭᠯᠡᠭᠴᠢ ᠵᠢᠨ ᠵᠠᠬᠢᠶᠠᠯᠠᠭ᠎ᠠ᠎ᠶᠢ ᠴᠠᠭ ᠲᠤᠬᠠᠢ ᠳ᠋ᠤᠨᠢ ᠲᠤᠰᠢᠶᠠᠬᠤ᠎ᠶᠢ ᠪᠠᠲᠤᠯᠠᠵᠤ ᠪᠠᠢᠨ᠎ᠠ》᠃ ᠠᠨ ᠳ᠋ᠸ ᠰᠢ ᠨᠠᠢ ᠺᠤᠮᠫᠠᠨᠢ ᠵᠢᠨ ᠳᠡᠳ᠋ ᠶᠡᠷᠦᠩᠬᠡᠢ ᠳᠠᠭᠠᠭᠠᠮᠠᠯ ᠯᠢ ᠸᠧᠢ ᠳ᠋ᠦᠩ᠂ ᠠᠵᠤ ᠠᠬᠤᠢᠯᠠᠯ ᠲᠡᠷᠢᠭᠦᠨ᠎ᠦ ᠨᠦᠬᠡᠨ ᠵᠠᠮ᠎ᠤᠨ ᠵᠤᠤᠬ᠎ᠠ ᠵᠢᠨ ᠤᠷ᠎ᠠ ᠮᠡᠷᠭᠡᠵᠢᠯ ᠎ᠢ ᠬᠡᠷᠡᠭᠯᠡᠵᠦ᠂ 1100 ᠭᠷᠡᠳᠦ᠋ᠰ᠎ᠦᠨ ᠥᠨᠳᠥᠷ ᠬᠠᠯᠠᠭᠤᠨ᠎ᠳᠤ 10 ᠴᠠᠭ᠎ᠡᠴᠡ ᠳᠡᠭᠡᠭᠰᠢ ᠰᠢᠲᠠᠭᠠᠨ ᠦᠢᠯᠡᠳᠴᠦ᠂ ᠦᠢᠯᠡᠳᠬᠦᠨ᠎ᠦ ᠴᠢᠳᠠᠪᠬᠢ ᠨᠢ ᠨᠡᠩ ᠰᠢᠯᠢᠳᠡᠭ ᠪᠠᠢᠵᠤ᠂ ᠡᠴᠦᠰ ᠤ᠋ᠨ ᠬᠡᠯᠬᠢᠶ᠎ᠠ ᠵᠢᠨ ᠬᠡᠷᠡᠭᠯᠡᠭᠴᠢᠳ᠎ᠦᠨ ᠲᠠᠭᠠᠰᠢᠶᠠᠯ᠎ᠢ ᠣᠯᠵᠤ ᠪᠠᠢᠨ᠎ᠠ ᠭᠡᠵᠤ ᠲᠠᠨᠢᠯᠴᠠᠭᠤᠯᠪᠠ᠃

《ᠴᠠᠭᠠᠨ ᠰᠠᠷ᠎ᠠ ᠎ᠶᠢᠨ ᠳᠠᠷᠠᠭ᠎ᠠ ᠪᠢᠳᠡ ᠠᠵᠢᠯ᠎ᠤᠨ ᠪᠠᠢᠷᠢ᠎ᠳᠠᠭᠠᠨ ᠲᠦᠷᠭᠡᠨ ᠪᠤᠴᠠᠵᠤ᠂ ᠠᠢᠵᠠᠮ ᠲᠦᠷᠭᠡᠨ᠂ ᠡᠷᠴᠢ ᠵᠣᠷᠢᠭ᠋ ᠲᠡᠭᠦᠯᠳᠡᠷ ᠪᠠᠢᠨ᠎ᠠ᠃ ᠺᠣᠮᠫᠠᠨᠢ᠎ᠪᠠᠨ ᠰᠠᠢᠲᠤᠷ ᠬᠥᠭᠵᠢᠭᠦᠯᠪᠡᠯ ᠮᠠᠨ᠎ᠤ ᠣᠷᠣᠯᠭ᠎ᠠ ᠪᠠ ᠠᠮᠢᠳᠤᠷᠠᠯ ᠰᠠᠶᠢ ᠨᠡᠩ ᠰᠠᠢᠨ ᠪᠣᠯᠵᠤ ᠴᠢᠳᠠᠨ᠎ᠠ》᠃ ᠥᠨᠳᠥᠷ ᠳᠤᠯᠠᠭᠠᠨ᠎ᠤ ᠨᠦᠬᠡᠨ ᠵᠠᠮ᠎ᠤᠨ ᠵᠤᠤᠬ᠎ᠠ ᠵᠢᠨ ᠦᠢᠯᠡᠳᠪᠦᠷᠢᠯᠡᠯ᠎ᠦᠨ ᠱᠤᠭᠤᠮ᠎ᠤᠨ ᠠᠵᠢᠯ᠎ᠤᠨ ᠬᠡᠰᠡᠭ᠎ᠦᠨ ᠳᠠᠷᠤᠭ᠎ᠠ ᠮᠠ ᠰᠢᠶᠠᠩ ᠬᠤᠸᠠᠨ᠎ᠤ ᠦᠭᠡᠨ᠎ᠳᠦ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠪᠠ ᠰᠢᠨ᠎ᠡ ᠨᠢᠭᠡ ᠵᠢᠯ᠎ᠦᠨ ᠬᠦᠰᠡᠯ ᠡᠷᠡᠮᠡᠯᠵᠡᠯ ᠳᠦᠭᠦᠷᠡᠩ ᠪᠠᠢᠯ᠎ᠠ᠃

ᠪᠤᠭᠤᠲᠤ᠎ᠶᠢᠨ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠶᠢᠩ ᠰᠸ ᠲᠸ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠢ ᠨᠢᠭᠡ ᠴᠣᠭᠴᠠᠵᠢᠭᠤᠯᠤᠨ ᠬᠡᠷᠡᠭᠯᠡᠬᠦ ᠲᠦᠷᠦᠯ ᠵᠦᠢᠯ᠎ᠦᠨ ᠪᠠᠷᠢᠯᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠮᠠᠰᠢᠨ᠎ᠤ ᠳᠠᠭᠤ ᠠᠮᠠᠷᠠᠯᠳᠠ ᠵᠢᠨ ᠡᠳᠦᠷ᠎ᠦᠨ ᠳᠠᠭᠤ ᠵᠢ ᠣᠷᠣᠯᠠᠵᠤ᠂ ᠭᠠᠩᠨᠠᠭᠤᠷ ᠡᠴᠡ ᠦᠰᠦᠷᠬᠦ ᠭᠠᠯ ᠨᠢ ᠠᠵᠢᠯ᠎ᠢᠶᠠᠨ ᠰᠡᠷᠭᠦᠭᠡᠬᠦ ᠬᠠᠯᠠᠭᠤᠨ ᠥᠷᠨᠢᠯᠲᠡ᠎ᠶᠢ ᠪᠤᠢ ᠪᠤᠯᠭᠠᠪᠠ᠃ ᠠᠮᠤᠷ ᠲᠦᠪᠰᠢᠨ᠎ᠦ ᠮᠠᠯᠠᠭᠠᠢ ᠵᠡᠭᠦᠵᠦ᠂ ᠭᠡᠷᠡᠯ ᠣᠢᠯᠭᠠᠬᠤ ᠬᠤᠪᠴᠠᠰᠦ ᠡᠮᠦᠰᠦᠭᠰᠡᠨ ᠪᠦᠲᠦᠭᠡᠨ ᠪᠠᠢᠭᠤᠯᠤᠭ᠍ᠴᠢᠳ ᠲᠡᠷᠢ ᠲᠡᠭᠰᠢ ᠮᠥᠷᠯᠡᠨ ᠵᠢᠭ᠍ᠰᠠᠵᠤ᠂ ᠴᠤᠭ ᠵᠢᠪᠬᠤᠭ᠎ᠠ ᠪᠠᠳᠠᠷᠠᠩᠭᠤᠢ ᠪᠠᠢᠵᠤ᠂ ᠪᠦᠷᠢᠶ᠎ᠡ ᠬᠠᠩᠭᠢᠨᠠᠮᠠᠭᠴᠠ ᠳᠠᠷᠤᠢ ᠲᠦᠷᠭᠡᠨ ᠥᠪᠡᠷ ᠥᠪᠡᠷ᠎ᠦᠨ ᠠᠵᠢᠯ᠎ᠤᠨ ᠪᠠᠢᠷᠢ᠎ᠳᠠᠭᠠᠨ ᠬᠦᠷᠴᠦ᠂ 《ᠡᠬᠢᠯᠡᠮᠡᠭᠴᠡ ᠰᠢᠭᠤᠷᠬᠠᠢ ᠠᠵᠢᠯᠯᠠᠵᠤ᠂ ᠳᠠᠷᠤᠢ ᠲᠦᠷᠭᠡᠨ ᠰᠢᠪᠲᠤᠯᠤᠯᠲᠠ ᠬᠢᠬᠦ》 ᠲᠡᠮᠡᠴᠡᠯ᠎ᠦᠨ ᠪᠠᠢᠳᠠᠯ᠎ᠢᠶᠠᠷ 《ᠴᠠᠭᠠᠨ ᠰᠠᠷ᠎ᠠ᠎ᠶᠢᠨ ᠵᠠᠭᠪᠤᠷ》 ᠡᠴᠡ 《ᠪᠠᠢᠯᠳᠤᠭᠠᠨ᠎ᠤ ᠪᠠᠢᠳᠠᠯ》 ᠳ᠋ᠤ ᠰᠢᠯᠵᠢᠯ᠎ᠡ᠃

ᠶᠢᠩ ᠰᠧ ᠲᠧ ᠬᠣᠪᠣᠷ ᠱᠢᠷᠣᠶ ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠢ ᠨᠢᠭᠡ ᠴᠣᠭ᠍ᠴᠠᠵᠢᠭᠤᠯᠤᠨ ᠬᠡᠷᠡᠭᠯᠡᠬᠦ᠌ ᠲᠥᠷᠥᠯ ᠵᠦᠶ᠋ᠯ᠎ᠦᠨ ᠬᠠᠷᠢᠭᠤᠴᠠᠯᠭᠠᠲᠠᠨ ᠦ᠋ ᠴᠢᠶᠠᠩ᠂ ᠲᠣᠰ ᠲᠥᠷᠥᠯ ᠵᠦᠶ᠋ᠯ᠎ᠦᠨ ᠲᠥᠯᠥᠪᠵᠢᠭᠦᠯᠭᠡ᠎ᠶ᠋ᠢᠨ ᠡᠵᠡᠯᠡᠬᠦ᠌ ᠲᠠᠯᠠᠪᠠᠶ᠎ᠨᠢ ᠪᠠᠷᠤᠭ 207 ᠮᠥ᠍ ᠪᠠᠢᠵᠤ᠂ ᠶᠡᠷᠦᠩᠬᠡᠶ ᠪᠠᠯᠠ ᠣᠷᠣᠭᠤᠯᠤᠯᠲᠠ᠎ᠨᠢ 6.5 ᠳ᠋ᠦᠩᠱᠢᠭᠤᠷ ᠲᠥᠭᠥᠷᠢᠭ᠎ᠲᠦ ᠬᠦᠷᠴᠦ᠍᠂ ᠬᠣᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠢᠭᠤᠯᠤᠨ᠎ᠠ᠃ ᠡᠭᠦᠨ᠎ᠳᠦ ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭᠠᠨ᠎ᠳᠤ 4 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ 2025 ᠣᠨ᠎ᠤ 9 ᠰᠠᠷ᠎ᠠ᠎ᠳᠤ ᠠᠵᠢᠯ ᠡᠬᠢᠯᠡᠭᠦᠯᠵᠦ᠍᠂ 6 ᠰᠠᠭᠤᠷᠢ ᠲᠠᠩ ᠴᠣᠭ᠍ᠴᠠᠲᠤ ᠪᠠᠷᠢᠯᠭ᠎ᠠ᠎ᠶ᠋ᠢ ᠪᠠᠢᠭᠤᠯᠬᠤ᠎ᠪᠠᠷ ᠲᠥᠯᠥᠪᠯᠡᠵᠦ᠍᠂ ᠪᠠᠷᠢᠯᠭ᠎ᠠ᠎ᠶ᠋ᠢᠨ ᠲᠠᠯᠠᠪᠠᠶ᠎ᠨᠢ ᠪᠠᠷᠤᠭ 9 ᠲᠦᠮᠡᠨ ᠲᠡᠭ᠌ᠰᠢ ᠳᠥᠷᠪᠡᠯᠵᠢᠨ ᠮᠧᠲ᠋ᠷ ᠪᠣᠯᠤᠨ᠎ᠠ᠃ ᠣᠳᠣᠬᠠᠨ᠎ᠳᠤ᠂ ᠲᠥᠷᠥᠯ ᠵᠦᠶ᠋ᠯ᠎ᠦᠨ ᠦᠶ᠋ᠯᠡᠳᠪᠦᠷᠢ᠎ᠶ᠋ᠢᠨ ᠲᠠᠰᠤᠭ᠎ᠤᠨ ᠭᠤᠤᠯ ᠪᠦᠲᠦᠴᠡ᠎ᠶ᠋ᠢ ᠨᠢᠭᠡᠨᠲᠡ ᠪᠦᠬᠦᠨ᠎ᠢ ᠳᠠᠭᠤᠰᠭᠠᠵᠤ᠂ ᠪᠠᠢᠷᠢ᠎ᠶ᠋ᠢᠨ ᠠᠰᠠᠷ ᠪᠠ ᠬᠣᠭᠣᠯᠠᠨ ᠬᠡᠷ᠎ᠢ ᠶᠠᠭ ᠪᠣᠯᠣᠳ ᠪᠸᠲ᠋ᠤᠨ᠎ᠵᠢᠡᠷ ᠪᠠᠷᠢᠵᠤ ᠪᠠᠢᠭ᠎ᠠ ᠱᠠᠲᠤᠨ᠎ᠳᠤ ᠪᠠᠢᠨ᠎ᠠ᠃ 《ᠣᠨ᠎ᠤ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢᠨ ᠤᠷᠤᠭ᠍ᠰᠢᠲᠠᠶ ᠪᠡᠶᠡᠯᠡᠭ᠌ᠳᠡᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠪᠢᠳᠡ ᠴᠠᠭᠠᠨ ᠰᠠᠷ᠎ᠠ᠎ᠵᠢᠨ ᠠᠮᠠᠷᠠᠯᠲᠠ᠎ᠵᠢᠨ ᠳᠠᠷᠠᠭ᠎ᠠ ᠳᠠᠷᠤᠢᠬᠠᠨ ᠪᠥᠲᠥᠭᠡᠨ ᠪᠠᠢᠭᠤᠯᠤᠯᠲᠠ᠎ᠳᠤ ᠣᠷᠣᠯᠴᠠᠭ᠍ᠰᠠᠨ ᠨᠢᠭᠡᠴᠢ᠎ᠶ᠋ᠢ ᠵᠣᠬᠢᠶᠠᠨ ᠪᠠᠢᠭᠤᠯᠵᠤ ᠠᠵᠢᠯ᠎ᠢᠶᠠᠨ ᠪᠥᠬᠥ᠌ ᠲᠠᠯ᠎ᠠ᠎ᠪᠠᠷ ᠰᠡᠷᠭᠦᠭᠡᠵᠦ᠍᠂ ᠪᠥᠬᠥ᠌ ᠬᠦᠴᠦᠨ᠎ᠢᠶᠡᠷ᠎ᠢᠶᠡᠨ ᠴᠢᠷᠮᠠᠢᠵᠤ ᠪᠠᠢᠭᠠᠳ 7 ᠰᠠᠷ᠎ᠠ᠎ᠳᠤ ᠠᠵᠢᠯ᠎ᠢᠶᠠᠨ ᠴᠠᠭ᠎ᠲᠠᠭᠠᠨ ᠳᠠᠭᠤᠰᠭᠠᠬᠤ᠎ᠶ᠋ᠢ ᠦᠨᠡᠨ ᠬᠦ᠌ ᠪᠠᠲᠤᠯᠠᠨ᠎ᠠ》 ᠭᠡᠵᠦ ᠲᠠᠨᠢᠯᠴᠠᠭᠤᠯᠵᠠᠢ᠃

ᠣᠢᠯᠠᠭᠠᠭ᠍ᠰᠠᠨ᠎ᠢᠶᠠᠷ᠂ ᠲᠣᠰ ᠲᠥᠷᠥᠯ ᠵᠦᠶ᠋ᠯ᠎ᠨᠢ ᠭᠤᠤᠯᠳᠠᠭᠤ ᠳᠡᠭᠡᠳᠦ ᠴᠢᠳᠠᠪᠬᠢᠲᠤ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠂ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ᠎ᠤ ᠣᠯᠠᠨ ᠲᠠᠰᠳᠤ ᠰᠠᠴᠤᠷᠠᠯᠲᠠ᠎ᠶ᠋ᠢᠨ ᠴᠠᠭᠠᠷᠢᠭ᠎ᠢ ᠱᠢᠲᠠᠭᠠᠨ ᠪᠠᠷᠢᠯᠳᠤᠭᠤᠯᠬᠤ᠂ ᠨᠧᠦᠳᠢᠮ ᠲᠡᠮᠦᠷ ᠪᠣᠷ᠎ᠤᠨ ᠲᠣᠨᠣᠭ᠍ᠯᠠᠭᠠᠰᠤ᠎ᠶ᠋ᠢ ᠨᠠᠭᠠᠵᠤ ᠵᠠᠯᠭᠠᠬᠤ ᠦᠶ᠋ᠯᠡᠳᠪᠦᠷᠢᠯᠡᠯ᠎ᠦᠨ ᠱᠤᠭᠤᠮ᠎ᠢ ᠪᠥᠲᠥᠭᠡᠨ ᠪᠠᠢᠭᠤᠯᠵᠤ᠂ ᠦᠶ᠋ᠯᠡᠳᠬᠦᠨ᠎ᠢ ᠳᠡᠭᠡᠳᠦ ᠲᠠᠰ᠎ᠤᠨ ᠬᠥᠳᠡᠯᠭᠡᠭᠦᠷ ᠴᠠᠬᠢᠯᠭᠠᠨ ᠮᠠᠱᠢᠨ᠂ ᠪᠢᠴᠢᠯ ᠣᠨᠴᠠ ᠴᠠᠬᠢᠯᠭᠠᠨ ᠮᠠᠱᠢᠨ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭᠯᠡᠨ᠎ᠡ᠃ ᠲᠥᠷᠥᠯ ᠵᠦᠶ᠋ᠯ ᠪᠦᠬᠦᠨ᠎ᠢᠶᠡᠷ᠎ᠢᠶᠡᠨ ᠪᠠᠢᠭᠤᠯᠤᠭ᠍ᠳᠠᠭ᠍ᠰᠠᠨ᠎ᠤ ᠳᠠᠷᠠᠭ᠎ᠠ ᠵᠢᠱ᠌ᠢᠯᠲᠡ᠎ᠪᠡᠷ ᠵᠢᠯ᠎ᠦᠨ ᠪᠣᠷᠣᠯᠠᠭᠤᠯᠭ᠎ᠠ᠎ᠶ᠋ᠢᠨ ᠣᠷᠣᠯᠭ᠎ᠠ᠎ᠶ᠋ᠢ 15 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ 《ᠬᠣᠶᠠᠷ ᠬᠣᠪᠣᠷ ᠱᠢᠷᠣᠶ᠎ᠶ᠋ᠢᠨ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠲᠠᠰ ᠳᠡᠪᠱᠢᠬᠦ᠌᠎ᠳᠦ ᠬᠦᠴᠦᠨ ᠨᠡᠮᠡᠷᠢᠯᠡᠬᠦ᠌᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠵᠢᠯ᠎ᠦᠨ ᠡᠬᠢᠨ᠎ᠡᠴᠡ ᠨᠠᠭᠠᠰᠢ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠨᠢ ᠠᠵᠤ ᠠᠬᠤᠢᠯᠠᠯ᠎ᠳᠤ ᠦᠶ᠋ᠯᠡᠴᠢᠯᠡᠬᠦ᠌᠂ ᠬᠥᠭ᠌ᠵᠢᠯᠲᠡ᠎ᠳᠦ ᠬᠦᠴᠦᠨ ᠣᠯᠭᠣᠬᠤ᠎ᠪᠠᠷ ᠭᠤᠤᠯ ᠭᠠᠷᠳᠠᠴᠠ ᠪᠣᠯᠭᠠᠵᠤ᠂ 《ᠳᠡᠭᠡᠳᠦ ᠱᠢᠨ᠎ᠡ ᠮᠡᠷᠭᠡᠵᠢᠯ᠎ᠤᠨ ᠲᠤᠭᠤᠷᠢᠭ ᠎ᠤᠨ ᠠᠵᠢᠯ ᠶᠠᠪᠤᠳᠠᠯ᠎ᠢ ᠰᠠᠭᠠᠳ ᠦᠭᠡᠢ ᠪᠡᠷ ᠭᠦᠶ᠋ᠴᠡᠳᠭᠡᠬᠦ᠌》ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠠᠯᠲᠠᠨ ᠱᠤᠰᠢᠭ᠎ᠠ ᠎ᠶ᠋ᠢ ᠦᠷᠭᠦᠯᠵᠢᠯᠡᠨ ᠭᠡᠷᠡᠯᠲᠦᠭᠦᠯᠵᠦ᠍᠂ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌᠂ ᠭᠠᠷ ᠤᠲᠠᠰᠤᠨ ᠳᠡᠭᠡᠷ᠎ᠡ ᠭᠦᠶ᠋ᠴᠡᠳᠭᠡᠵᠦ᠍ ᠪᠣᠯᠬᠤ》 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠳᠤ《ᠠᠵᠤ ᠠᠬᠤᠢᠯᠠᠯ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠤᠶᠤᠨᠲᠤ ᠫᠠᠢᠰᠠ》 ᠶ᠋ᠢᠨ ᠦᠶ᠋ᠯᠡᠴᠢᠯᠡᠭᠡᠨ᠎ᠦ ᠵᠠᠭ᠍ᠪᠤᠷ᠎ᠢ ᠲᠦᠷᠦᠭᠦᠯᠡᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ 《ᠨᠢᠭᠡ ᠳᠠᠷᠤᠪᠴᠢ᠎ᠪᠠᠷ ᠠᠵᠢᠯᠯᠠᠨ᠂ ᠨᠢᠭᠡ ᠺᠣᠳ᠋᠎ᠢᠶᠠᠷ ᠬᠤᠷᠠᠮᠳᠤᠭᠤᠯᠬᠤ》 ᠤᠨᠤᠴᠠᠲᠠᠢ ᠪᠥᠭᠡᠳ ᠥᠨᠳᠥᠷ ᠪᠦᠲᠦᠮᠵᠢᠲᠡᠶ ᠦᠶ᠋ᠯᠡᠴᠢᠯᠡᠭᠡ᠎ᠪᠡᠷ ᠠᠵᠤ ᠠᠬᠤᠢᠯᠠᠯ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠪᠣᠳᠠᠲᠤ ᠠᠵᠢᠯ ᠬᠢᠬᠦ᠌᠂ ᠬᠥᠭ᠌ᠵᠢᠯᠲᠡ᠎ᠶ᠋ᠢ ᠠᠬᠢᠭᠤᠯᠬᠤ ᠪᠥᠬᠥ᠌ ᠦᠶᠡᠯᠡᠯ᠎ᠦᠨ ᠬᠤᠭᠤᠴᠠᠭᠠᠨ᠎ᠤ᠂ ᠪᠥᠬᠥ᠌ ᠲᠠᠯ᠎ᠠ᠎ᠶ᠋ᠢᠨ᠂ ᠪᠥᠬᠥ᠌ ᠬᠡᠯᠬᠢᠶᠡᠨ᠎ᠦ ᠦᠶ᠋ᠯᠡᠴᠢᠯᠡᠭᠡᠨ᠎ᠦ ᠪᠠᠲᠤᠯᠠᠭ᠎ᠠ ᠵᠢ ᠬᠠᠨᠭᠭᠠᠪᠠ᠃

《ᠴᠠᠭᠠᠨ ᠰᠠᠷ᠎ᠠ ᠡᠬᠢᠯᠡᠮᠡᠭ᠌ᠴᠡ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ ᠬᠤᠷᠠᠯᠳᠤᠭᠤᠯᠵᠤ᠂ 〈ᠱᠠᠯᠠᠪᠳᠠᠨ ᠬᠢᠬᠦ᠂ ᠪᠠᠷᠢᠨ ᠭᠦᠶ᠋ᠴᠡᠳᠭᠡᠬᠦ᠌᠂ ᠵᠣᠭ᠍ᠰᠣᠯ ᠥᠬᠡᠶ ᠭᠦᠶ᠋ᠴᠡᠳᠭᠡᠬᠦ᠌〉ᠪᠣᠳᠠᠲᠠᠶ ᠠᠵᠢᠯᠯᠠᠬᠤ ᠣᠪᠣᠷ ᠪᠠᠢᠳᠠᠯ᠎ᠢᠶᠠᠷ ᠣᠷᠴᠢᠨ ᠨᠦᠬᠦᠴᠡᠯ᠎ᠢ ᠪᠥᠬᠥ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠦᠶ᠋ᠯᠡᠴᠢᠯᠡᠭᠡ᠎ᠶ᠋ᠢ ᠴᠢᠩᠭᠠᠳᠭᠠᠵᠤ᠂ ᠲᠥᠷᠥᠯ ᠵᠦᠶ᠋ᠯ᠎ᠢ ᠠᠬᠢᠭᠤᠯᠵᠤ᠂ ᠬᠦᠴᠢᠷ ᠠᠰᠠᠭᠤᠳᠠᠯ ᠎ᠢ ᠱᠢᠶ᠋ᠳᠪᠦᠷᠢᠯᠡᠵᠦ᠍᠂ ᠨᠠᠢᠳᠠᠪᠤᠷᠢᠵᠢᠭᠤᠯᠤᠯᠲᠠ᠎ᠶ᠋ᠢ ᠠᠳᠭᠤᠪᠠ᠃ ᠴᠢᠬᠤᠯᠠ ᠶᠡᠬᠡ ᠲᠥᠷᠥᠯ ᠵᠦᠶ᠋ᠯ᠎ᠤᠨ ᠳᠠᠭᠠᠭᠠᠴᠢᠯᠠᠨ ᠬᠣᠯᠪᠣᠭᠠᠯᠠᠬᠤ ᠪᠠ ᠪᠥᠬᠥ᠌ ᠦᠶᠡᠯᠡᠯ᠎ᠦᠨ ᠬᠤᠭᠤᠴᠠᠭᠠᠨ ᠎ᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠵᠦ᠍᠂ ᠬᠠᠮᠲᠤᠷᠠᠨ ᠬᠢᠨᠠᠵᠤ ᠬᠠᠮᠲᠤᠷᠠᠨ ᠬᠢᠨᠠᠨ ᠵᠥᠪᠱᠢᠶᠡᠷᠡᠬᠦ᠌ ᠠᠵᠢᠯ᠎ᠢ ᠭᠦᠨᠵᠡᠭᠡᠶ ᠠᠬᠢᠭᠤᠯᠤᠨ᠂ 82 ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠳᠡᠭᠡᠷ᠎ᠡ ᠬᠠᠭᠠᠰ ᠵᠢᠯ᠎ᠳᠦ ᠠᠵᠢᠯ ᠡᠬᠢᠯᠡᠭᠦᠯᠦᠭ᠌ᠰᠡᠨ ᠲᠥᠷᠥᠯ ᠵᠦᠶ᠋ᠯ᠎ᠢ 3 ᠰᠠᠷ᠎ᠠ᠎ᠶ᠋ᠢᠨ ᠰᠡᠭᠦᠯᠴᠢ᠎ᠪᠡᠷ ᠭᠠᠷᠳᠠᠮ᠎ᠢ ᠪᠦᠬᠦᠨ᠎ᠢ ᠭᠦᠶ᠋ᠴᠡᠳᠭᠡᠵᠦ᠍ ᠳᠠᠭᠤᠰᠭᠠᠬᠤ᠎ᠪᠠᠷ ᠴᠢᠷᠮᠠᠢᠨ᠂ ᠠᠵᠢᠯ ᠡᠬᠢᠯᠡᠭᠦᠯᠦᠭ᠌ᠰᠡᠨ ᠨᠣᠷᠮ᠎ᠠ᠎ᠶ᠋ᠢ 80% ᠎ᠡᠴᠡ ᠳᠡᠭᠡᠭ᠌ᠰᠢ᠎ᠳᠦ ᠬᠦᠷᠦᠭᠦᠯᠵᠦ᠍᠂ ᠠᠵᠤ ᠠᠬᠤᠢᠯᠠᠯ ᠎ᠤᠨ ᠬᠢᠨ ᠤ᠋ ᠪᠠᠯᠠ ᠣᠷᠣᠭᠤᠯᠬᠤ ᠳ᠋ᠤ ᠰᠠᠨᠠᠭ᠎ᠠ ᠠᠮᠤᠷ᠂  ᠡᠵᠡᠩᠨᠡᠯᠲᠡ ᠬᠢᠬᠦ ᠳ᠋ᠤ ᠲᠠᠭᠠᠯᠠᠮᠵᠢᠳᠠᠢ᠂ ᠬᠦᠭᠵᠢᠬᠦ ᠳ᠋ᠤ ᠰᠡᠳᠭᠢᠯ ᠠᠮᠤᠷ ᠪᠠᠢᠬᠤ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠎ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠵᠤ ᠥᠭᠬᠦᠨ᠎ᠡ》 ᠭᠡᠵᠦ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠠᠵᠤ ᠠᠬᠤᠶ᠎ᠶ᠋ᠢᠨ ᠬᠥᠭ᠌ᠵᠢᠬᠦᠯᠦᠯᠲᠡ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠵᠠᠩ ᠢ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号